ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠰᠢᠨ᠎ᠡ ᠴᠠᠭ ᠦᠶ᠎ᠠ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠎ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠳᠤᠬᠠᠢ ᠬᠤᠯᠪᠤᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ︽2019 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠲᠤ ᠲᠣᠬᠢᠷᠠᠭᠤᠯᠤᠯᠲᠠ ᠬᠢᠬᠦ ᠲᠥᠰᠦᠯ ︵ᠡᠬᠡ ᠲᠥᠰᠦᠯ︶︾᠎ ᠢ ᠪᠠᠲᠤᠯᠠᠵᠠᠢ
ᠨᠡᠶᠢᠲᠡᠯᠡᠭᠰᠡᠨ ᠴᠠᠭ᠄
2019/5/23
     5 ᠳ᠋ᠤᠭᠠᠷ ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠳᠤᠬᠠᠢ ᠬᠤᠯᠪᠤᠬᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽2019 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠲᠤ ᠲᠣᠬᠢᠷᠠᠭᠤᠯᠤᠯᠲᠠ ᠬᠢᠬᠦ ᠲᠥᠰᠦᠯ ︵ᠡᠬᠡ ᠲᠥᠰᠦᠯ︶︾᠎ ᠢ ᠪᠠᠲᠤᠯᠠᠪᠠ      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠪᠣᠯ ᠲᠥᠪ ᠠᠴᠠ ᠪᠠᠷᠠᠭᠤᠨ ᠣᠷᠣᠨ ᠤ ᠬᠥᠭᠵᠢᠯᠲᠡ ᠶᠢ ᠳᠡᠮᠵᠢᠬᠦ ᠴᠢᠬᠤᠯᠠ ᠶᠡᠭᠡ ᠠᠷᠭ᠎ᠠ ᠪᠣᠳᠤᠯᠭ᠎ᠠ ᠮᠦᠨ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠪᠴᠢᠯᠡᠨ ᠪᠦᠷᠢᠯᠳᠦᠭᠦᠯᠬᠦ᠂ ᠪᠠᠷᠠᠭᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠲᠥᠪ ᠤᠨ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠵᠢᠴᠢ ᠰᠢᠨ᠎ᠡ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠰᠤᠷᠤᠯᠴᠠᠨ ᠡᠵᠡᠮᠰᠢᠵᠦ᠂ ᠲᠥᠪ ᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠬᠰᠠᠨ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ︾᠎ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠳᠦᠷᠬᠡᠪᠴᠢᠯᠡᠨ ᠰᠤᠳᠤᠯᠤᠨ ᠳᠤᠷᠠᠳᠴᠤ᠂ ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ ᠶᠢ ᠴᠢᠩᠭᠠᠳᠬᠠᠵᠤ᠂ ᠶᠡᠭᠡ ᠪᠠᠷ ᠬᠠᠮᠠᠭᠠᠯᠠᠬᠤ᠂ ᠶᠡᠭᠡ ᠪᠠᠷ ᠨᠡᠭᠡᠭᠡᠯᠲᠡ ᠬᠢᠬᠦ᠂ ᠴᠢᠨᠠᠷ ᠰᠠᠶᠢᠲᠠᠢ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠬᠡᠪᠠ᠃      ᠬᠤᠷᠠᠯ ᠠᠴᠠ ᠴᠢᠬᠤᠯᠠᠴᠢᠯᠭᠰᠠᠨ ᠨᠢ᠂ ᠡᠯ᠎ᠡ ᠱᠠᠲᠤᠨ ᠤ ᠵᠠᠰᠠᠭ ᠤᠨ ᠣᠷᠳᠣᠨ ᠲᠥᠰᠦᠪ ᠤᠨ ᠬᠠᠮᠢᠶᠠᠷᠤᠯᠲᠠ ᠪᠠᠨ ᠴᠢᠩᠳᠠᠯᠠᠵᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠬᠡᠷᠡᠭᠯᠡᠬᠦ ᠠᠬᠢᠴᠠ ᠪᠠᠨ ᠲᠦᠷᠭᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦᠨ ᠤ ᠬᠡᠷᠡᠭᠴᠡᠭᠡ ᠶᠢ ᠪᠠᠲᠤᠯᠠᠵᠤ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠭᠠᠵᠠᠷ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠳᠤᠯᠠᠬᠤ ᠬᠡᠷᠡᠭᠲᠡᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号