ᠥᠪᠥᠷ ᠵᠠᠰᠠᠭ ᠠᠯᠪᠠᠨ ᠲᠠᠷᠬᠠᠭᠠᠭᠰᠠᠨ ﹇2018﹈ 84 ᠳ᠋ᠤᠭᠡᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠤᠪᠴᠢᠶ᠎ᠠ ᠂ ᠡᠯ᠎ᠡ ᠲᠤᠮᠤ ᠠᠵᠤ ᠠᠬᠤᠶᠢᠯᠠᠯ᠂ ᠠᠵᠢᠯ ᠥᠢᠯᠡᠰ ᠤᠨ ᠨᠢᠭᠡᠴᠢ ᠳᠤ᠄ | ︽ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠪᠠᠷ ᠬᠥᠳᠡᠯᠬᠡᠭᠦᠷ ᠪᠤᠯᠭᠠᠭᠰᠠᠨ | ᠬᠥᠭᠵᠢᠯᠲᠡ ᠶᠢ ᠲᠥᠷᠭᠡᠳᠬᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ ︵ᠲᠥᠷᠥ ᠠᠯᠪᠠᠨ | ᠲᠠᠷᠬᠠᠭᠠᠭᠰᠠᠨ︾ ﹇2017﹈ 43 ᠳ᠋ᠤᠭᠠᠷ ᠲᠤᠭᠠᠲᠤ︶ ᠤᠨ ᠵᠤᠷᠢᠭ ᠰᠠᠨᠠᠭ᠎ᠠ ᠶᠢ ᠭᠥᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠭᠥᠳᠡᠯᠬᠡᠬᠦᠷ ᠪᠤᠯᠭᠠᠭᠰᠠᠨ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠲᠥᠯᠬᠢᠨ ᠠᠬᠢᠭᠤᠯᠬᠤ ᠪᠡ ᠬᠥᠳᠡᠭᠡ ᠲᠤᠰᠬᠤᠨ ᠢ ᠬᠥᠭᠵᠢᠭᠦᠯᠥᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠭᠥᠨᠵᠡᠭᠡᠢ ᠬᠡᠷᠡᠭᠵᠢᠭᠦᠯᠥᠨ᠂ ᠪᠥᠬᠦ ᠤᠷᠤᠨ ᠤ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ | ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠥᠷᠭᠡᠳᠬᠡᠵᠤ᠂ ᠬᠤᠰᠢᠭᠤ ᠰᠢᠶᠠᠨ ᠤ ᠬᠡᠪᠴᠢᠶᠡᠨ ᠳᠠᠬᠢ ᠠᠵᠤ | ᠠᠬᠤᠢ ᠶᠢᠨ ᠴᠢᠨᠠᠷ ᠰᠠᠶᠢᠲᠠᠢ ᠭᠥᠭᠵᠢᠯᠲᠡ ᠶᠢ ᠠᠬᠢᠭᠤᠯᠬᠤ ᠲᠠᠯ᠎ᠠ ᠳᠠᠬᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠨ ᠳᠠᠭᠠᠭᠤᠯᠬᠤ ᠥᠢᠯᠡᠳᠥᠯ ᠢ ᠪᠠᠳᠠᠷᠠᠭᠤᠯᠤᠨ᠂ ᠶᠠᠳᠠᠭᠤ ᠠᠴᠠ | ᠠᠩᠬᠢᠵᠢᠷᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠠᠮᠵᠢᠯᠲᠠ ᠤᠯᠬᠤ ᠶᠢ ᠲᠥᠯᠬᠢᠨ ᠠᠬᠢᠭᠤᠯᠬᠤ ᠶᠢᠨ | ᠲᠤᠰᠠᠲᠠ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠥᠭᠡᠳ᠂ | ᠡᠳᠥᠭᠡ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠭᠰᠠᠨ ᠬᠥᠭᠵᠢᠯᠲᠡ ᠶᠢ | ᠠᠬᠢᠭᠤᠯᠬᠤ ᠪᠠᠷ ᠳᠤᠤᠷᠠᠬᠢ ᠮᠡᠲᠥ ᠬᠡᠷᠡᠭᠵᠢᠬᠦᠯᠭᠦ ᠰᠠᠨᠠᠯ ᠢ ᠳᠤᠷᠠᠳᠪᠠ᠃ | ᠨᠢᠭᠡ᠂ ᠰᠢᠨ᠎ᠡ ᠶᠢ ᠡᠭᠦᠳᠬᠦ ᠡᠬᠢ ᠪᠠᠶᠠᠯᠢᠭ ᠢ ᠪᠥᠭᠡᠮᠨᠡᠷᠡᠭᠦᠯᠥᠨ᠂ ᠰᠢᠨ᠎ᠡ ᠶᠢ ᠡᠭᠦᠳᠬᠦ ᠠᠴᠢᠶᠠᠯᠠᠪᠤᠷᠢ ᠶᠢᠨ | ᠪᠠᠶᠢᠭᠤᠯᠤᠯᠲᠠ ᠶᠢ ᠴᠢᠩᠭᠠᠷᠠᠭᠤᠯᠤᠨ᠎ᠠ | ᠡᠯ᠎ᠡ ᠭᠠᠵᠠᠷ ᠤᠷᠤᠨ ᠨᠢ ᠬᠤᠰᠢᠭᠤ ᠰᠢᠶᠠᠨ ᠤ ᠬᠡᠪᠴᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠯ ᠲᠤᠭᠲᠠᠴᠠ ᠳᠤ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠂ ᠲᠠᠪᠴᠠᠩ᠂ ᠮᠡᠷᠭᠡᠵᠢᠯ᠂ | ᠬᠥᠷᠥᠩᠬᠡ᠂ ᠴᠢᠳᠠᠪᠤᠷᠢᠲᠠᠨ ᠵᠡᠷᠭᠡ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠰᠢᠭᠤ ᠰᠢᠶᠠᠨ ᠤ ᠬᠡᠪᠴᠢᠶᠡᠨ ᠳᠠᠬᠢ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠶᠠᠪᠤᠴᠠ ᠳᠤ ᠤᠷᠤᠭᠤᠯᠤᠨ ᠠᠪᠴᠢᠷᠠᠵᠤ᠂ ᠦᠷᠭᠦᠯᠵᠢᠯᠡᠬᠦᠶᠢᠴᠡ | ᠭᠥᠭᠵᠢᠭᠦᠯᠬᠦ ᠥᠵᠡᠯ ᠰᠠᠨᠠᠭ᠎ᠠ ᠶᠢ ᠪᠠᠲᠤ ᠴᠣᠭᠴᠠᠯᠠᠨ᠂ ᠠᠮᠢ ᠠᠬᠤᠢ ᠶᠢᠨ ᠤᠯᠠᠭᠠᠨ ᠱᠤᠭᠤᠮ ᠤᠨ ᠳᠥᠷᠢᠮ ᠢ | ᠴᠢᠩᠭ᠎ᠠ ᠰᠠᠬᠢᠵᠤ᠂ ᠲᠥᠷᠥᠯ ᠵᠥᠢᠯ ᠢ ᠵᠥᠪᠰᠢᠶᠡᠷᠡᠨ ᠤᠷᠤᠭᠤᠯᠬᠤ ᠪᠤᠭᠤᠮᠲᠠ ᠶᠢ ᠪᠠᠲᠤ ᠡᠵᠡᠮᠲᠡᠨ᠂ ᠠᠮᠢ | ᠠᠬᠤᠢ ᠶᠢᠨ ᠴᠢᠳᠠᠮᠵᠢᠲᠤ ᠤᠷᠤᠨ ᠤ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | ᠳᠡᠭᠡᠳᠥ ᠰᠢᠨ᠎ᠡ ᠮᠡᠷᠭᠡᠵᠢᠯ ᠤᠨ ᠠᠵᠤ ᠥᠢᠯᠡᠰ ᠤᠨ ᠨᠡᠭᠡᠭᠡᠯᠲᠡ ᠶᠢᠨ ᠤᠷᠤᠨ ᠪᠠ ᠲᠠᠷᠢᠶᠠᠯᠠᠩ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠥᠷᠢᠶᠡᠯᠡᠩ ᠲᠤᠭᠤᠷᠢᠭ ᠢ ᠥᠨᠳᠥᠷ ᠵᠤᠭᠰᠤᠴᠠ ᠠᠴᠠ ᠲᠥᠯᠥᠪᠵᠢᠭᠦᠯᠥᠨ᠂ | ᠥᠨᠳᠥᠷ ᠪᠡᠷᠢᠮᠵᠢᠶ᠎ᠡ ᠪᠠᠷ ᠪᠠᠶᠢᠭᠤᠯᠵᠤ᠂ ᠤᠳᠤ ᠥᠶ᠎ᠡ ᠶᠢᠨ ᠲᠠᠷᠢᠶᠠᠯᠠᠩ ᠤᠨ ᠠᠵᠤ ᠥᠢᠯᠡᠰ ᠤᠨ ᠬᠥᠷᠢᠶᠡᠯᠡᠩ᠂ | ᠠᠵᠤ ᠥᠢᠯᠡᠳᠪᠥᠷᠢ ᠶᠢᠨ ᠬᠥᠷᠢᠶᠡᠯᠡᠩ ᠲᠤᠭᠤᠷᠢᠭ ᠤᠨ ᠮᠡᠷᠭᠡᠵᠢᠯ ᠤᠨ ᠬᠢᠷᠢ ᠬᠡᠮᠵᠢᠶ᠎ᠡ ᠪᠠ ᠡᠵᠡ ᠮᠡᠳᠡᠵᠤ ᠰᠢᠨ᠎ᠡ ᠶᠢ | ᠡᠭᠦᠳᠬᠦ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠬᠦᠯᠥᠨ᠂ ᠲᠡᠳᠡᠭᠡᠷ ᠢ ᠬᠤᠰᠢᠭᠤ ᠰᠢᠶᠠᠨ ᠤ | ᠬᠡᠪᠴᠢᠶᠡᠨ ᠳᠠᠬᠢ ᠠᠵᠤ ᠠᠬᠤᠢ ᠶᠢ ᠭᠥᠭᠵᠢᠬᠦᠯᠭᠦ ᠰᠢᠨ᠎ᠡ ᠬᠥᠳᠡᠯᠭᠡᠭᠦᠷ ᠪᠤᠯᠭᠠᠬᠤ ᠬᠡᠷᠡᠭᠲᠡᠢ᠃ | ᠳᠡᠭᠡᠳᠥ ᠰᠢᠨ᠎ᠡ ᠮᠡᠷᠭᠡᠵᠢᠯ ᠤᠨ ᠠᠵᠤ ᠥᠢᠯᠡᠰ ᠤᠨ ᠨᠡᠭᠡᠭᠡᠯᠲᠡ ᠶᠢᠨ ᠤᠷᠤᠨ ᠪᠠ ᠠᠵᠤ ᠥᠢᠯᠡᠳᠪᠥᠷᠢ ᠶᠢᠨ | ᠬᠥᠷᠢᠶᠡᠯᠡᠩ ᠲᠤᠭᠤᠷᠢᠭ ᠨᠢ ᠠᠵᠤ ᠥᠢᠯᠡᠰ ᠤᠨ ᠪᠥᠭᠡᠮᠨᠡᠷᠡᠯ ᠢᠶᠠᠨ ᠳᠤᠪᠤᠶᠢᠯᠭᠠᠨ᠂ ᠳᠠᠪᠠᠭᠤᠯᠢᠭ ᠠᠵᠤ | ᠥᠢᠯᠡᠰ ᠢᠶᠠᠨ ᠴᠢᠩᠭᠠᠷᠠᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠯᠠᠯ ᠢᠶᠠᠷ ᠤᠯᠠᠮᠵᠢᠯᠠᠯᠲᠥ ᠠᠵᠤ ᠥᠢᠯᠡᠰ ᠢ | ᠬᠥᠭᠵᠢᠭᠦᠯᠬᠦ ᠶᠢ ᠠᠩᠬᠠᠷᠤᠨ ᠴᠢᠬᠤᠯᠠᠴᠢᠯᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ | ᠠᠵᠤ ᠥᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠵᠠᠰᠠᠭ ᠤᠨ ᠤᠷᠳᠤᠨ ᠠᠵᠤ ᠠᠬᠤᠶᠢᠯᠠᠯ ᠰᠤᠷᠭᠠᠭᠤᠯᠢ | ᠰᠤᠳᠤᠯᠤᠯ ᠤᠨ ᠬᠢᠨ ᠬᠠᠷᠢᠯᠴᠠᠨ ᠤᠶᠠᠯᠳᠤᠭᠰᠠᠨ ᠲᠤᠭᠲᠠᠴᠠ ᠶᠢ ᠢᠳᠡᠪᠬᠢᠲᠡᠢ ᠰᠥᠪᠡᠭᠴᠢᠯᠡᠨ᠂ ᠲᠥᠷᠥ ᠶᠢᠨ | ᠪᠤᠳᠤᠯᠭ᠎ᠠ ᠶᠢᠨ ᠤᠷᠴᠢᠨ ᠨᠥᠬᠦᠴᠡᠯ ᠪᠠ ᠥᠢᠯᠡᠴᠢᠯᠡᠭᠡᠨ ᠤ ᠤᠷᠴᠢᠨ ᠲᠤᠭᠤᠷᠢᠨ ᠢ ᠲᠠᠰᠤᠷᠠᠯᠲᠠ ᠥᠭᠡᠢ | ᠰᠢᠯᠢᠳᠡᠭᠵᠢᠭᠦᠯᠵᠥ᠂ ᠰᠢᠨᠵᠢᠯᠡᠬᠦ ᠤᠬᠠᠭᠠᠨ ᠤ ᠰᠤᠳᠤᠯᠤᠯ ᠤᠨ ᠥᠷ᠎ᠡ ᠪᠥᠲᠥᠭᠡᠯ ᠢ ᠪᠤᠳᠠᠳᠤ ᠥᠢᠯᠡᠳᠪᠥᠷᠢᠯᠡᠯ ᠤᠨ | ᠬᠥᠴᠥᠨ ᠪᠤᠯᠭᠠᠨ ᠤᠯᠠᠷᠢᠭᠤᠯᠬᠤ ᠶᠢ ᠲᠥᠷᠭᠡᠳᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠥᠬᠦᠢ | ᠨᠢᠭᠡ ᠪᠥᠯᠥᠭ ᠠᠵᠤ ᠠᠬᠤᠶᠢᠯᠠᠯ ᠪᠠ ᠳᠡᠭᠡᠳᠥ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠶᠡᠭᠡ ᠪᠠᠷ ᠬᠢᠵᠤ | ᠪᠤᠵᠠᠭᠠᠶᠢᠷᠠᠭᠤᠯᠵᠤ ᠬᠥᠴᠥᠷᠭᠡᠭᠵᠢᠭᠦᠯᠬᠦ ᠬᠡᠷᠡᠭᠲᠡᠢ᠃ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠷᠢᠶᠡᠯᠡᠩ ᠲᠤᠭᠤᠷᠢᠭ ᠪᠠ ᠤᠳᠤ | ᠥᠶ᠎ᠡ ᠶᠢᠨ ᠲᠠᠷᠢᠶᠠᠯᠠᠩ ᠤᠨ ᠠᠵᠤ ᠥᠢᠯᠡᠰ ᠤᠨ ᠬᠥᠷᠢᠶᠡᠯᠡᠩ ᠢ ᠵᠣᠬᠢᠴᠠᠯᠳᠤᠭᠤᠯᠤᠨ ᠬᠥᠭᠵᠢᠭᠦᠯᠵᠥ᠂ ᠰᠢᠨ᠎ᠡ ᠶᠢ | ᠡᠭᠦᠳᠬᠦ ᠬᠥᠭᠵᠢᠯᠲᠡ ᠶᠢᠨ ᠤᠨᠤᠯᠵᠢᠬᠤᠨ ᠢᠶᠠᠷ ᠬᠥᠷᠢᠶᠡᠯᠡᠩ ᠲᠤᠭᠤᠷᠢᠭ ᠤᠨ ᠬᠥᠭᠵᠢᠯᠲᠡ ᠶᠢ ᠬᠥᠲᠥᠯᠥᠨ | ᠳᠠᠭᠠᠭᠤᠯᠵᠤ᠂ ᠮᠡᠳᠡᠭᠡ ᠵᠠᠩᠬᠢᠴᠢᠯᠠᠯᠲᠠ ᠶᠢᠨ ᠠᠷᠭ᠎ᠠ ᠠᠪᠴᠢᠯ ᠢᠶᠠᠷ ᠬᠥᠷᠢᠶᠡᠯᠡᠩ ᠲᠤᠭᠤᠷᠢᠭ ᠤᠨ ᠪᠥᠲᠥᠭᠡᠨ | ᠪᠠᠶᠢᠭᠤᠯᠤᠯᠲᠠ ᠶᠢ ᠬᠥᠴᠥᠯᠡᠨ ᠳᠡᠮᠵᠢᠵᠤ᠂ ᠡᠳ᠋ ᠤᠨ ᠬᠥᠴᠥᠨ᠂ ᠪᠤᠳᠠᠰ ᠤᠨ ᠬᠥᠴᠥᠨ᠂ ᠬᠥᠮᠥᠨ ᠤ ᠬᠥᠴᠥᠨ ᠢ | ᠲᠥᠪᠯᠡᠷᠡᠭᠦᠯᠵᠤ ᠠᠵᠤ ᠥᠢᠯᠡᠰ ᠤᠨ ᠭᠤᠤᠯᠯᠠᠬᠤ ᠤᠷᠤᠨ ᠪᠥᠷᠢ ᠳᠤ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠠᠵᠤ | ᠥᠢᠯᠡᠰᠴᠢᠯᠡᠭᠰᠡᠨ ᠬᠡᠮᠵᠢᠶ᠎ᠡ ᠪᠠᠷ ᠨᠡᠯᠢᠶᠡᠳ ᠰᠠᠶᠢᠨ 1 ᠠᠴᠠ 2 ᠭᠤᠤᠯᠯᠠᠬᠤ ᠰᠠᠭᠤᠷᠢᠨ ᠭᠠᠵᠠᠷ ᠪᠠ ᠬᠥᠲᠥᠴᠢ ᠠᠵᠤ | ᠠᠬᠤᠶᠢᠯᠠᠯ ᠢ ᠪᠤᠢ ᠪᠤᠯᠭᠠᠵᠤ᠂ ᠲᠡᠳᠡᠭᠡᠷ ᠢ ᠳᠠᠪᠠᠭᠤᠯᠢᠭ ᠠᠵᠤ ᠥᠢᠯᠡᠰ ᠤᠨ ᠭᠤᠤᠯᠯᠠᠬᠤ ᠤᠷᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢ ᠤᠯᠠᠷᠢᠭᠤᠯᠬᠤ ᠥᠵᠡᠭᠦᠯᠭᠡ ᠶᠢᠨ ᠤᠷᠤᠨ᠂ ᠤᠳᠤ ᠥᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠵᠢᠱᠢᠶ᠎ᠡ ᠥᠵᠡᠭᠦᠯᠬᠦ ᠤᠷᠤᠨ ᠪᠤᠯᠭᠠᠬᠤ ᠬᠡᠷᠡᠭᠲᠡᠢ᠃ ᠡᠯ᠎ᠡ ᠬᠥᠷᠢᠶᠡᠯᠡᠩ ᠲᠤᠭᠤᠷᠢᠭ ᠨᠢ ᠠᠵᠤ | ᠥᠢᠯᠡᠰ ᠤᠨ ᠬᠡᠯᠬᠢᠶ᠎ᠡ ᠪᠠᠨ ᠤᠷᠳᠤᠳᠬᠠᠨ᠂ ᠥᠢᠯᠡᠳᠪᠥᠷᠢᠯᠡᠵᠤ ᠬᠠᠩᠭᠠᠵᠤ ᠪᠤᠷᠤᠯᠠᠭᠤᠯᠬᠤ᠂ ᠠᠷᠠᠯᠵᠢᠶ᠎ᠠ ᠠᠵᠤ | ᠥᠢᠯᠡᠳᠪᠥᠷᠢ ᠲᠠᠷᠢᠶᠠᠯᠠᠩ ᠤᠨ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠬᠡᠷᠡᠭᠵᠢᠭᠦᠯᠬᠦ ᠬᠡᠷᠡᠭᠲᠡᠢ᠃ ᠡᠷᠭᠢᠨ | ᠲᠤᠭᠤᠷᠢᠨ ᠢᠶᠠᠨ ᠨᠥᠯᠥᠭᠡᠯᠡᠨ ᠳᠠᠶᠢᠴᠢᠯᠠᠵᠤ᠂ ᠲᠤᠭᠤᠷᠢᠨ ᠵᠤᠭᠠᠴᠠᠬᠤ ᠲᠠᠷᠢᠶᠠᠯᠠᠩ᠂ ᠪᠡᠶᠡᠴᠢᠯᠡᠨ ᠤᠶᠢᠯᠠᠭᠠᠬᠤ | ᠲᠠᠷᠢᠶᠠᠯᠠᠩ᠂ ᠪᠥᠲᠥᠭᠡᠯᠴᠢ ᠲᠥᠰᠥᠪᠯᠡᠯᠲᠥ ᠲᠠᠷᠢᠶᠠᠯᠠᠩ ᠵᠡᠷᠭᠡ ᠤᠷᠳᠤᠳᠬᠠᠭᠰᠠᠨ ᠠᠵᠤ ᠥᠢᠯᠡᠰ ᠢ ᠬᠥᠭᠵᠢᠭᠦᠯᠥᠨ᠂ | ᠲᠠᠷᠢᠶᠠᠯᠠᠩ ᠬᠢᠬᠡᠳ ᠥᠢᠯᠡᠴᠢᠯᠡᠭᠡᠨ ᠤ ᠥᠢᠯᠡᠰ ᠤᠨ ᠭᠥᠨᠴᠡ ᠲᠠᠢ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ | ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠨᠢ ᠰᠢᠨ᠎ᠡ ᠶᠢ ᠡᠭᠦᠳᠬᠦ ᠠᠴᠢᠶᠠᠯᠠᠪᠤᠷᠢ ᠶᠢ ᠳᠡᠮᠵᠢᠬᠦ ᠪᠡ ᠬᠥᠲᠥᠯᠥᠨ | ᠵᠢᠯᠤᠭᠤᠳᠬᠤ ᠪᠠᠨ ᠴᠢᠩᠭᠠᠳᠬᠠᠨ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ ᠶᠢᠨ ᠱᠠᠲᠤᠨ ᠤ ᠰᠢᠨ᠎ᠡ ᠶᠢ | ᠡᠭᠦᠳᠬᠦ ᠡᠬᠢ ᠪᠠᠶᠠᠯᠢᠭ ᠢ ᠬᠤᠰᠢᠭᠤ ᠰᠢᠶᠠᠨ ᠲᠡᠶᠢᠰᠢ ᠢᠯᠡᠭᠦᠥ ᠪᠤᠲᠤᠯᠬᠢᠯᠠᠬᠤ ᠶᠢ ᠲᠥᠯᠬᠢᠨ ᠠᠬᠢᠭᠤᠯᠵᠤ᠂ ᠡᠯ᠎ᠡ | ᠲᠥᠷᠥᠯ ᠤᠨ ᠢᠨᠵᠧᠨᠧᠷᠢᠩ ᠤᠨ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠭᠡᠷ ᠵᠡᠷᠭᠡ ᠰᠢᠨ᠎ᠡ ᠶᠢ ᠡᠭᠦᠳᠬᠦ | ᠲᠠᠪᠴᠠᠩ ᠨᠢ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠰᠢᠭᠤ ᠰᠢᠶᠠᠨ ᠲᠡᠶᠢᠰᠢ ᠨᠡᠭᠡᠭᠡᠯᠲᠠ ᠲᠠᠢ ᠪᠠᠶᠢᠯᠭᠠᠬᠤ ᠪᠠ | ᠬᠠᠮᠲᠤ ᠪᠠᠷ ᠬᠦᠷᠲᠡᠬᠦ ᠪᠣᠯᠭᠠᠨ᠂ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠬᠥᠭᠵᠢᠯᠲᠡ ᠳᠤ | ᠪᠥᠲᠥᠮᠵᠢᠲᠡᠢ ᠲᠤᠯᠭᠠᠭᠤᠷᠢᠯᠠᠬᠤ ᠬᠥᠴᠥᠨ ᠢ ᠬᠠᠩᠭᠠᠬᠤ ᠬᠡᠷᠡᠭᠲᠡᠢ᠃ ᠬᠤᠰᠢᠭᠤ ᠰᠢᠶᠠᠨ ᠤ ᠬᠡᠪᠴᠢᠶᠡᠨ ᠳᠠᠬᠢ | ᠦᠷᠭᠦᠯᠵᠢᠯᠡᠬᠦᠶᠢᠴᠡ ᠬᠥᠭᠵᠢᠭᠦᠯᠬᠦ ᠲᠤᠷᠰᠢᠯᠲᠠ ᠶᠢᠨ ᠤᠷᠤᠨ ᠪᠠ ᠤᠯᠤᠰ ᠤᠨ ᠳᠠᠰ ᠤᠨ ᠰᠢᠨ᠎ᠡ ᠶᠢ ᠡᠭᠦᠳᠬᠦ | ᠬᠡᠯᠪᠡᠷᠢ ᠪᠥᠬᠦᠢ ᠰᠢᠶᠠᠨ ︵ᠬᠤᠲᠠ︶ ᠢ ᠴᠤᠭᠴᠠᠯᠠᠨ ᠪᠠᠶᠢᠭᠤᠯᠬᠤ ᠶᠢ ᠵᠤᠷᠢᠬᠵᠢᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠬᠥᠭᠵᠢᠭᠦᠯᠥᠯᠲᠡ ᠪᠠ ᠥᠭᠡᠷᠡᠴᠢᠯᠡᠯᠲᠠ ᠶᠢᠨ ᠵᠥᠪᠯᠡᠯ᠂ ᠠᠵᠤ ᠥᠢᠯᠡᠳᠪᠥᠷᠢ ᠪᠡ ᠮᠡᠳᠡᠭᠡ | ᠵᠠᠩᠬᠢᠴᠢᠯᠠᠯᠲᠠ ᠶᠢᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠪᠠ ᠬᠥᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ᠂ ᠤᠢ ᠰᠢᠭᠤᠢ ᠪᠠ ᠨᠤᠲᠤᠭ ᠪᠡᠯᠴᠢᠭᠡᠷ ᠤᠨ ᠲᠢᠩᠬᠢᠮ︶ | ᠬᠤᠶᠠᠷ᠂ ᠲᠥᠷᠥ ᠶᠢᠨ ᠪᠤᠳᠤᠯᠭ᠎ᠠ ᠪᠠᠷ ᠲᠤᠯᠭᠠᠭᠤᠷᠢᠯᠠᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠥᠷ᠎ᠡ ᠪᠥᠲᠥᠭᠡᠯ ᠢ ᠰᠢᠯᠵᠢᠭᠦᠯᠥᠨ ᠤᠯᠠᠷᠢᠭᠤᠯᠬᠤ ᠶᠢ ᠠᠬᠢᠭᠤᠯᠤᠨ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷ᠎ᠡ ᠪᠥᠲᠥᠭᠡᠯ ᠢ ᠰᠢᠯᠵᠢᠭᠦᠯᠥᠨ ᠤᠯᠠᠷᠢᠭᠤᠯᠬᠤ ᠶᠢ | ᠠᠬᠢᠭᠤᠯᠬᠤ ᠲᠤᠬᠠᠢ ᠥᠪᠡᠷᠲᠡᠭᠡᠨ ᠵᠠᠰᠠᠬᠤ ᠤᠷᠤᠨ ᠤ ᠨᠠᠢᠮᠠᠨ ᠵᠥᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷ᠎ᠡ ᠪᠥᠲᠥᠭᠡᠯ ᠢ ᠰᠢᠯᠵᠢᠭᠦᠯᠥᠨ | ᠤᠯᠠᠷᠢᠭᠤᠯᠬᠤ ᠶᠢ ᠢᠳᠡᠪᠬᠢᠲᠡᠢ ᠠᠬᠢᠭᠤᠯᠤᠨ᠎ᠠ᠃ ᠡᠯ᠎ᠡ ᠭᠠᠵᠠᠷ ᠤᠷᠤᠨ ᠨᠢ ᠵᠤᠬᠢᠴᠠᠯᠳᠤᠭᠰᠠᠨ ᠲᠥᠷᠥ ᠶᠢᠨ | ᠪᠤᠳᠤᠯᠭ᠎ᠠ ᠶᠢᠨ ᠠᠷᠭ᠎ᠠ ᠭᠡᠮᠵᠢᠶ᠎ᠡ ᠶᠢ ᠨᠡᠶᠢᠲᠡᠯᠡᠨ᠂ ᠬᠡᠷᠡᠭᠯᠡᠬᠦ ᠳᠤ ᠲᠤᠬᠢᠷᠠᠬᠤ ᠲᠡᠷᠢᠭᠦᠨ ᠤ ᠮᠡᠷᠭᠡᠵᠢᠯ ᠢ ᠤᠷᠤᠭᠤᠯᠬᠤ | ᠪᠠ ᠠᠭᠤᠰᠬᠠᠨ ᠰᠢᠩᠭᠡᠭᠡᠬᠦ ᠶᠢ ᠳᠡᠮᠵᠢᠵᠤ᠂ ᠬᠤᠰᠢᠭᠤ ᠰᠢᠶᠠᠨ ᠤ ᠬᠡᠪᠴᠢᠶᠡᠨ ᠳᠠᠬᠢ ᠠᠵᠤ ᠠᠬᠤᠶᠢᠯᠠᠯ ᠬᠢᠬᠡᠳ | ᠳᠡᠭᠡᠳᠥ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠥᠷᠢᠶᠡᠯᠡᠩ ᠭᠠᠵᠠᠷ ᠯᠤᠭ᠎ᠠ ᠶᠢᠨ ᠬᠠᠮᠲᠤᠷᠠᠨ | ᠠᠵᠢᠯᠯᠠᠬᠤ ᠶᠢ ᠬᠥᠲᠥᠯᠥᠨ ᠵᠢᠯᠤᠭᠤᠳᠴᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠥᠢᠯᠡᠳᠪᠥᠷᠢᠯᠡᠯ᠂ ᠰᠤᠷᠭᠠᠭᠤᠯᠢ᠂ ᠰᠤᠳᠤᠯᠤᠯ ᠤᠨ ᠬᠢᠨ ᠤ ᠬᠠᠮᠲᠤ ᠪᠠᠷ ᠲᠥᠯᠬᠢᠨ ᠠᠬᠢᠭᠤᠯᠬᠤ ᠪᠠᠶᠢᠳᠠᠯ ᠢ ᠪᠤᠢ | ᠪᠤᠯᠭᠠᠬᠤ ᠬᠡᠷᠡᠭᠲᠡᠢ᠃ ᠬᠤᠰᠢᠭᠤ ᠰᠢᠶᠠᠨ ᠤ ᠬᠡᠪᠴᠢᠶᠡᠨ ᠳᠠᠬᠢ ᠲᠤᠳᠤᠭᠠᠳᠤ ᠳᠤ ᠪᠠᠨ ᠨᠢᠭᠡ ᠪᠥᠯᠥᠭ ᠵᠤᠬᠢᠬᠤ | ᠥᠷᠢᠰᠥᠯᠳᠥᠭᠡᠨ ᠤ ᠬᠥᠴᠥᠨ ᠪᠥᠬᠦᠢ ᠳᠡᠭᠡᠳᠥ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠪᠥᠬᠦᠢ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ᠂ ᠨᠥᠬᠦᠴᠡᠯ ᠳᠤ | ᠨᠡᠶᠢᠴᠡᠭᠰᠡᠨ ᠠᠵᠤ ᠠᠬᠤᠶᠢᠯᠠᠯ ᠢ ᠳᠡᠮᠵᠢᠵᠤ ᠪᠠᠶᠢᠭᠠᠳ ᠥᠪᠡᠷᠲᠡᠭᠡᠨ ᠵᠠᠰᠠᠬᠤ ᠤᠷᠤᠨ ᠤ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ︾ ᠵᠡᠷᠭᠡ ᠤᠯᠠᠨ ᠳᠠᠰ ᠳᠠᠪᠬᠤᠷᠭᠠᠲᠤ ᠬᠥᠷᠥᠩᠭᠡ ᠶᠢᠨ ᠵᠠᠬ᠎ᠠ | ᠳᠡᠯᠭᠡᠭᠦᠷ ᠲᠤ ᠫᠠᠶᠢᠰᠠ ᠡᠯᠬᠦᠨ ᠪᠡᠯᠡ ᠲᠤᠬᠢᠷᠠᠭᠤᠯᠤᠨ᠎ᠠ᠃ ᠨᠥᠬᠦᠴᠡᠯ ᠲᠠᠢ ᠠᠶᠢᠮᠠᠭ ᠬᠤᠲᠠ ᠨᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠥᠷ᠎ᠡ ᠪᠥᠲᠥᠭᠡᠯ ᠢ ᠤᠯᠠᠷᠢᠭᠤᠯᠬᠤ᠂ ᠥᠢᠯᠡᠰ ᠴᠣᠭᠴᠠᠯᠠᠨ ᠪᠡᠯᠡ ᠤᠷᠤᠭᠤᠯᠬᠤ ᠶᠢ | ᠬᠥᠲᠥᠯᠥᠨ ᠵᠢᠯᠤᠭᠤᠳᠬᠤ ᠵᠡᠷᠭᠡ ᠰᠠᠭᠤᠷᠢ ᠮᠥᠩᠬᠦ ᠶᠢ ᠪᠠᠶᠢᠭᠤᠯᠵᠤ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠨᠢ | ᠲᠥᠷᠥ ᠶᠢᠨ ᠪᠤᠳᠤᠯᠭ᠎ᠠ ᠪᠡ ᠬᠠᠮᠢᠶᠠᠷᠤᠯᠲᠠ ᠶᠢᠨ ᠲᠠᠯ᠎ᠠ ᠪᠠᠷ ᠳᠡᠮᠵᠢᠯᠭᠡ ᠥᠵᠡᠭᠦᠯᠥᠨ᠂ ᠬᠤᠰᠢᠭᠤ ᠰᠢᠶᠠᠨ ᠤ | ᠬᠡᠪᠴᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠥᠬᠦᠢ ᠳᠤᠮᠳᠠ ᠵᠢᠵᠢᠭ ᠠᠵᠤ ᠠᠬᠤᠶᠢᠯᠠᠯ᠂ | ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠴᠥ ᠰᠢᠨ᠎ᠡ ᠶᠢ ᠡᠭᠦᠳᠬᠦ ᠡᠬᠢ ᠪᠠᠶᠠᠯᠢᠭ ᠢ ᠤᠷᠤᠭᠤᠯᠬᠤ ᠪᠠ ᠡᠵᠡ | ᠮᠡᠳᠡᠵᠤ ᠰᠢᠨ᠎ᠡ ᠶᠢ ᠡᠭᠦᠳᠬᠦ ᠴᠢᠳᠠᠪᠤᠷᠢ ᠶᠢ ᠨᠢ ᠳᠡᠭᠡᠭᠰᠢᠯᠡᠭᠦᠯᠵᠥ᠂ ᠲᠡᠳᠡᠭᠡᠷ ᠤᠨ ᠰᠢᠨ᠎ᠡ ᠮᠡᠷᠭᠡᠵᠢᠯ᠂ ᠰᠢᠨ᠎ᠡ | ᠤᠷᠠᠯᠠᠯ᠂ ᠰᠢᠨ᠎ᠡ ᠮᠠᠲ᠋ᠧᠷᠢᠶᠠᠯ ᠬᠡᠷᠡᠭᠯᠡᠬᠦ ᠶᠢ ᠳᠡᠮᠵᠢᠵᠤ᠂ ᠰᠢᠨ᠎ᠡ ᠥᠢᠯᠡᠴᠢᠯᠡᠭᠡ᠂ ᠰᠢᠨ᠎ᠡ ᠵᠠᠭᠪᠤᠷ᠂ ᠰᠢᠨ᠎ᠡ | ᠡᠵᠡᠩᠨᠡᠯᠲᠡ ᠶᠢᠨ ᠪᠠᠶᠢᠳᠠᠯ ᠢ ᠬᠥᠭᠵᠢᠭᠦᠯᠥᠨ᠎ᠡ᠃ ᠪᠡᠯᠡ ᠲᠤᠬᠢᠷᠠᠭᠤᠯᠬᠤ ᠤᠷᠴᠢᠨ ᠨᠥᠬᠦᠴᠡᠯ ᠢᠶᠠᠷ ᠨᠠᠯᠢᠶᠡᠳ ᠠᠨᠠᠢ | ᠪᠠ ᠥᠢᠯᠡᠰ ᠴᠤᠭᠴᠠᠯᠠᠭᠴᠢ ᠪᠠᠷᠢᠴᠠᠭᠠᠯᠠᠬᠤ ᠪᠤᠳᠠᠰ ᠥᠭᠡᠢ ᠪᠠᠶᠢᠭ᠎ᠠ ᠨᠥᠬᠦᠴᠡᠯ ᠳᠤᠤᠷ᠎ᠠ᠂ ᠪᠤᠲᠠᠲᠠᠢ ᠳᠤ ᠨᠡᠶᠢᠴᠡᠬᠦ | ᠥᠢᠯᠡᠴᠢᠯᠡᠭᠡᠨ ᠤ ᠵᠠᠭᠪᠤᠷ ᠢ ᠰᠥᠪᠡᠭᠴᠢᠯᠡᠨ᠂ ᠥᠢᠯᠡᠰ ᠴᠤᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢ ᠠᠬᠢᠭᠤᠯᠵᠤ᠂ | ᠰᠢᠨ᠎ᠡ ᠶᠢ ᠡᠭᠦᠳᠴᠦ ᠥᠢᠯᠡᠰ ᠴᠤᠭᠴᠠᠯᠠᠭᠴᠢᠳ ᠲᠤ ᠮᠥᠩᠭᠦᠨ ᠭᠥᠢᠯᠭᠡᠭᠡᠨ ᠤ ᠳᠡᠮᠵᠢᠯᠭᠡ ᠬᠠᠩᠭᠠᠨ᠎ᠠ᠃ | ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷ᠎ᠡ | ᠪᠥᠲᠥᠭᠡᠯ ᠢ ᠤᠯᠠᠷᠢᠭᠤᠯᠬᠤ ᠠᠵᠢᠯ ᠤᠨ ᠰᠢᠰᠲ᠋ᠧᠮᠵᠢ ᠶᠢ ᠪᠥᠷᠢᠨᠰᠢᠭᠦᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠥᠷ᠎ᠡ ᠪᠥᠲᠥᠭᠡᠯ ᠢᠶᠠᠨ ᠤᠯᠠᠷᠢᠭᠤᠯᠬᠤ ᠶᠢ ᠲᠥᠯᠬᠢᠨ ᠠᠬᠢᠭᠤᠯᠬᠤ ᠠᠵᠢᠯ ᠤᠨ ᠡᠭᠦᠷᠭᠡ | ᠴᠢᠳᠠᠪᠤᠷᠢ ᠶᠢ ᠨᠢ ᠴᠢᠩᠭᠠᠷᠠᠭᠤᠯᠤᠨ᠂ ᠨᠥᠬᠦᠴᠡᠯ ᠲᠠᠢ ᠨᠢᠭᠡᠴᠢ ᠳᠤ ᠲᠥᠰᠢᠭᠯᠡᠵᠤ᠂ ᠬᠤᠰᠢᠭᠤ ᠰᠢᠶᠠᠨ ᠤ | ᠬᠡᠪᠴᠢᠶ᠎ᠡ ᠶᠢ ᠬᠠᠮᠤᠷᠤᠭᠰᠠᠨ᠂ ᠠᠶᠢᠮᠠᠭ ᠬᠤᠲᠠ ᠶᠢ ᠨᠥᠯᠥᠭᠡᠯᠡᠨ ᠳᠠᠶᠢᠴᠢᠯᠠᠭᠰᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠥᠷ᠎ᠡ ᠪᠥᠲᠥᠭᠡᠯ ᠢ ᠤᠯᠠᠷᠢᠭᠤᠯᠬᠤ ᠥᠢᠯᠡᠴᠢᠯᠡᠭᠡᠨ ᠤ ᠲᠥᠪ ᠢ ᠪᠠᠶᠢᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠥᠷ᠎ᠡ ᠪᠥᠲᠥᠭᠡᠯ ᠢ ᠤᠯᠠᠷᠢᠭᠤᠯᠬᠤ ᠥᠢᠯᠡᠴᠢᠯᠡᠭᠡᠨ ᠤ ᠲᠥᠪ ᠨᠢ ᠨᠢᠭᠡ ᠪᠥᠯᠥᠭ | ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠥᠢᠯ ᠢ ᠰᠤᠩᠭᠤᠨ ᠲᠤᠭᠲᠠᠭᠠᠵᠤ᠂ ᠰᠤᠳᠤᠯᠤᠨ ᠨᠡᠭᠡᠭᠡᠬᠦ᠂ | ᠠᠵᠢᠯ ᠤᠨ ᠵᠠᠪᠰᠠᠷ ᠲᠤ ᠲᠤᠷᠰᠢᠬᠤ ᠠᠴᠠ ᠠᠵᠤ ᠥᠢᠯᠡᠰᠴᠢᠯᠡᠯᠲᠠ ᠬᠦᠷᠲᠡᠯ᠎ᠡ ᠪᠤᠳᠠᠳᠠᠢ ᠤᠷᠤᠯᠴᠠᠬᠤ ᠪᠤᠶᠤ | ᠮᠥᠷᠳᠡᠨ ᠥᠢᠯᠡᠴᠢᠯᠡᠵᠤ᠂ ᠠᠵᠢᠯ ᠤᠨ ᠥᠢᠯᠡᠴᠢᠯᠡᠬᠦ ᠵᠠᠭᠪᠤᠷ ᠢ ᠰᠥᠪᠡᠭᠴᠢᠯᠡᠨ᠂ ᠲᠤᠰᠬᠠᠶᠢᠵᠢᠭᠰᠠᠨ | ᠥᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠵᠤ᠂ ᠤᠬᠤᠷ ᠪᠠ ᠤᠷᠳᠤᠪᠲᠤᠷ ᠬᠤᠭᠤᠴᠠᠭᠠᠨ ᠳᠤ ᠥᠷ᠎ᠡ | ᠪᠥᠲᠥᠮᠵᠢ ᠭᠠᠷᠭᠠᠬᠤ ᠨᠢᠭᠡ ᠪᠥᠯᠥᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷ᠎ᠡ ᠪᠥᠲᠥᠭᠡᠯ ᠢ | ᠤᠯᠠᠷᠢᠭᠤᠯᠬᠤ ᠬᠡᠷᠡᠭᠯᠡᠭᠡᠨ ᠢ ᠲᠥᠯᠬᠢᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠤᠷᠤᠨ ᠨᠤᠲᠤᠭ ᠤᠨ ᠮᠥᠩᠭᠦᠨ ᠭᠥᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠥᠢᠯᠡᠳᠪᠥᠷᠢ ᠪᠡ | ᠮᠡᠳᠡᠭᠡ ᠵᠠᠩᠬᠢᠴᠢᠯᠠᠯᠲᠠ ᠶᠢᠨ ᠲᠢᠩᠬᠢᠮ︶ | ᠭᠤᠷᠪᠠ᠂ ᠴᠢᠳᠠᠪᠤᠷᠢᠳᠠᠨ ᠤ ᠲᠥᠷᠥ ᠶᠢᠨ ᠪᠤᠳᠤᠯᠭ᠎ᠠ ᠳᠤ ᠰᠢᠨ᠎ᠡ ᠶᠢ ᠡᠭᠦᠳᠥᠨ᠂ ᠡᠯ᠎ᠡ ᠲᠥᠷᠥᠯ ᠤᠨ | ᠴᠢᠳᠠᠪᠤᠷᠢᠳᠠᠨ ᠤ ᠥᠢᠯᠡᠳᠥᠯ ᠢ ᠪᠠᠳᠠᠷᠠᠭᠤᠯᠤᠨ᠎ᠠ | ᠥᠪᠡᠷᠲᠡᠭᠡᠨ ᠵᠠᠰᠠᠬᠤ ᠤᠷᠤᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠭᠰᠠᠨ ᠭᠥᠭᠵᠢᠯᠲᠡ ᠶᠢᠨ | ᠪᠠᠶᠢᠯᠳᠤᠬᠤ ᠪᠤᠳᠤᠯᠭ᠎ᠠ ᠪᠣᠯᠤᠨ ᠤᠷᠳᠤᠪᠲᠤᠷ ᠪᠠ ᠤᠷᠲᠤ ᠬᠤᠭᠤᠴᠠᠭᠠᠨ ᠤ ᠴᠢᠳᠠᠪᠤᠷᠢᠲᠠᠨ ᠢ ᠬᠥᠭᠵᠢᠭᠦᠯᠬᠦ | ᠲᠥᠯᠥᠪᠵᠢᠭᠦᠯᠭᠡ ᠶᠢᠨ ᠬᠥᠲᠥᠯᠪᠥᠷᠢ ᠶᠢᠨ ᠲᠤᠭᠤᠷᠢᠨ ᠳᠤ᠂ ᠴᠢᠳᠠᠪᠤᠷᠢᠳᠠᠨ ᠢ ᠥᠨᠡᠯᠡᠬᠦ᠂ ᠤᠷᠮᠠᠰᠢᠭᠤᠯᠬᠤ | ᠳᠥᠷᠢᠮ ᠢ ᠲᠠᠰᠤᠷᠠᠯᠲᠠ ᠥᠭᠡᠢ ᠲᠤᠭᠲᠠᠭᠠᠨ ᠲᠡᠭᠦᠯᠳᠡᠷᠵᠢᠭᠦᠯᠥᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠲᠠᠨ ᠨᠢ ᠲᠤᠰ ᠨᠢᠭᠡᠴᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠭᠰᠡᠨ ᠪᠠ | ᠲᠤᠰᠢᠶᠠᠯ ᠤᠨ ᠠᠵᠢᠯ ᠢᠶᠠᠨ ᠪᠠᠶᠡᠯᠡᠭᠦᠯᠥᠭᠰᠡᠨ ᠤᠷᠢᠳᠠᠯ ᠳᠤᠤᠷ᠎ᠠ᠂ ᠲᠤᠰ ᠬᠥᠮᠥᠨ ᠨᠢ ᠭᠤᠶᠤᠴᠢᠯᠠᠨ᠂ ᠪᠠᠶᠢᠭ᠎ᠠ | ᠨᠢᠭᠡᠴᠢ ᠪᠠᠷ ᠢᠶᠠᠨ ᠵᠥᠪᠰᠢᠶᠡᠷᠡᠭᠦᠯᠥᠭᠡᠳ᠂ ᠠᠵᠤ ᠠᠬᠤᠶᠢᠯᠠᠯ ᠪᠠ ᠪᠤᠰᠤᠳ ᠰᠢᠨᠵᠢᠯᠡᠬᠦ ᠤᠬᠠᠭᠠᠨ ᠤ ᠰᠤᠳᠤᠯᠤᠯ ᠤᠨ | ᠬᠥᠷᠢᠶᠡᠯᠡᠩ ᠭᠠᠵᠠᠷ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠳᠤ ᠬᠥᠷᠴᠥ ᠲᠤᠰᠢᠶᠠᠯ ᠬᠠᠪᠰᠤᠷᠭᠠᠬᠤ ᠶᠢᠨ ᠬᠠᠮᠲᠤ | ᠬᠠᠤᠯᠢ ᠶᠤᠰᠤᠨ ᠤ ᠬᠠᠷᠠᠮᠵᠢ ᠠᠪᠴᠤ ᠪᠤᠯᠬᠤ ᠪᠥᠭᠡᠳ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠥᠢᠯ | ᠪᠤᠯᠤᠨ ᠥᠷ᠎ᠡ ᠪᠥᠲᠥᠭᠡᠯ ᠢᠶᠠᠨ ᠠᠪᠤᠭᠠᠳ ᠠᠵᠢᠯ ᠤᠨ ᠪᠠᠶᠢᠷᠢ ᠠᠴᠠ ᠪᠠᠨ ᠰᠠᠯᠵᠥ ᠥᠢᠯᠡᠰ ᠴᠤᠭᠴᠠᠯᠠᠵᠤ ᠪᠤᠯᠤᠨ᠎ᠠ᠃ | ᠤᠳᠤᠷᠢᠳᠤᠯᠭ᠎ᠠ ᠶᠢᠨ ᠲᠤᠰᠢᠶᠠᠯ ᠢ ᠡᠭᠦᠷᠭᠡᠯᠡᠵᠤ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠨᠢ | ᠲᠤᠰᠢᠶᠠᠯ ᠬᠠᠪᠰᠤᠷᠭᠠᠬᠤ ᠪᠡ ᠬᠠᠷᠠᠮᠵᠢ ᠠᠪᠬᠤ ᠳᠤ ᠤᠯᠤᠰ ᠤᠨ ᠪᠠ ᠥᠪᠡᠷᠲᠡᠭᠡᠨ ᠵᠠᠰᠠᠬᠤ ᠤᠷᠤᠨ ᠤ ᠬᠤᠯᠪᠤᠭᠳᠠᠯ | ᠪᠥᠬᠦᠢ ᠲᠤᠭᠲᠠᠭᠠᠯ ᠶᠤᠰᠤᠭᠠᠷ ᠬᠡᠷᠡᠭᠵᠢᠭᠦᠯᠥᠨ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠨᠴᠠ ᠲᠤᠮᠢᠯᠠᠭᠳᠠᠭᠰᠠᠳ ᠤᠨ ᠳᠥᠷᠢᠮ᠂ ︽ᠭᠤᠷᠪᠠᠨ | ᠤᠷᠤᠨ︾ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠲᠤᠰᠬᠠᠢ ᠵᠥᠢᠯ ᠵᠢᠴᠢ ︽ᠲᠥᠮᠡᠨ | ᠲᠤᠰᠬᠠᠢ ᠮᠡᠷᠭᠡᠵᠢᠯᠲᠠᠨ ᠢ ᠲᠤᠮᠢᠯᠠᠵᠤ ᠥᠨᠳᠥᠰᠥᠨ ᠱᠠᠲᠤᠨ ᠳᠤ ᠥᠢᠯᠡᠴᠢᠯᠡᠬᠦ︾ ᠵᠡᠷᠭᠡ ᠠᠵᠢᠯ ᠢ | ᠬᠥᠨᠵᠡᠭᠡᠶᠢᠷᠡᠭᠦᠯᠥᠨ ᠠᠬᠢᠭᠤᠯᠵᠤ᠂ ᠵᠢᠯ ᠪᠥᠷᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 1500 ᠠᠵᠢᠯᠲᠠᠨ ᠢ | ᠬᠥᠲᠥᠯᠥᠨ ᠵᠢᠯᠤᠭᠤᠳᠴᠥ ᠥᠨᠳᠥᠰᠥᠨ ᠱᠠᠲᠤᠨ ᠳᠤ ᠬᠥᠷᠴᠥ ᠥᠢᠯᠡᠴᠢᠯᠡᠭᠦᠯᠤᠨᠡ᠃ ᠡᠯ᠎ᠡ ᠲᠥᠷᠥᠯ ᠤᠨ | ᠴᠢᠳᠠᠪᠤᠷᠢᠲᠠᠨ ᠤ ᠥᠨᠳᠥᠰᠥᠨ ᠱᠠᠲᠤᠨ ᠳᠤ ᠤᠴᠢᠵᠤ ᠰᠢᠨ᠎ᠡ ᠶᠢ ᠡᠭᠦᠳᠥᠨ ᠥᠢᠯᠡᠰ ᠴᠤᠭᠴᠠᠯᠠᠬᠤ ᠶᠢ ᠳᠡᠮᠵᠢᠬᠦ | ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯᠲᠠᠨ ᠤ ᠬᠤᠰᠢᠭᠤ | ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠭᠰᠠᠨ ᠭᠥᠭᠵᠢᠯᠲᠡ ᠳᠠᠬᠢ ᠵᠠᠩᠭᠢᠯᠠᠭ᠎ᠠ | ᠪᠤᠯᠬᠤ ᠥᠢᠯᠡᠳᠥᠯ ᠢ ᠪᠠᠳᠠᠷᠠᠭᠤᠯᠵᠤ᠂ ᠠᠵᠤ ᠠᠬᠤᠶᠢᠯᠠᠯᠲᠠᠳ ᠮᠡᠷᠭᠡᠵᠢᠯ᠂ ᠪᠡᠯᠡ ᠮᠥᠩᠬᠦ᠂ ᠴᠢᠳᠠᠪᠤᠷᠢᠲᠠᠨ ᠵᠡᠷᠭᠡ | ᠡᠬᠢ ᠪᠠᠶᠠᠯᠢᠭ ᠤᠳ ᠢ ᠡᠮᠬᠢᠯᠡᠵᠤ ᠨᠡᠶᠢᠯᠡᠭᠦᠯᠥᠨ᠂ ᠬᠤᠰᠢᠭᠤ ᠰᠢᠶᠠᠨ ᠤ ᠬᠡᠪᠴᠢᠶᠡᠨ ᠳᠤ ᠥᠢᠯᠡᠳᠪᠥᠷᠢᠯᠡᠯ ᠤᠨ | ᠵᠢᠱᠢᠶ᠎ᠡ ᠥᠵᠡᠭᠦᠯᠬᠦ ᠰᠠᠭᠤᠷᠢᠨ ᠭᠠᠵᠠᠷ ᠪᠥᠲᠥᠭᠡᠨ ᠪᠠᠶᠢᠭᠤᠯᠬᠤ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ : | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠬᠥᠮᠥᠨ ᠤ ᠬᠥᠴᠥᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠰᠤᠷᠭᠠᠨ | ᠬᠥᠮᠥᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠥᠢᠯᠡᠳᠪᠥᠷᠢ ᠪᠡ | ᠮᠡᠳᠡᠭᠡ ᠵᠠᠩᠬᠢᠴᠢᠯᠡᠯᠲᠠ ᠶᠢᠨ ᠲᠢᠩᠬᠢᠮ︶ | ᠳᠥᠷᠪᠡ᠂ ︽ᠢᠨᠲ᠋ᠧᠷ ᠰᠥᠯᠵᠢᠶ᠎ᠡ +︾ ᠠᠷᠭ᠎ᠠ ᠠᠪᠴᠢᠯ ᠢ ᠠᠰᠢᠭᠯᠠᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠲᠥᠷᠭᠡᠳᠬᠡᠨ ᠳᠡᠭᠡᠭᠰᠢᠯᠡᠭᠦᠯᠥᠨ᠎ᠡ | ᠢᠨᠲ᠋ᠧᠷ ᠰᠥᠯᠵᠢᠶ᠎ᠡ ᠶᠢᠨ ᠮᠡᠷᠭᠡᠵᠢᠯ ᠢ ᠭᠥᠢᠴᠡᠳ ᠠᠰᠢᠭᠯᠠᠨ ᠰᠢᠨ᠎ᠡ ᠶᠢ ᠡᠭᠦᠳᠬᠦ ᠥᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠤ᠂ ᠮᠡᠷᠭᠡᠵᠢᠯ ᠤᠨ ᠥᠷ᠎ᠡ ᠪᠥᠲᠥᠭᠡᠯ ᠢ ᠤᠯᠠᠷᠢᠭᠤᠯᠬᠤ ᠶᠢ ᠲᠥᠷᠭᠡᠳᠬᠡᠨ᠂ ᠰᠢᠨᠵᠢᠯᠡᠬᠦ | ᠤᠬᠠᠭᠠᠨ ᠤ ᠮᠡᠳᠡᠯᠭᠡ ᠶᠢ ᠲᠥᠭᠡᠮᠡᠯᠵᠢᠭᠦᠯᠬᠦ ᠶᠢ ᠴᠢᠩᠭᠠᠳᠬᠠᠨ᠎ᠠ᠃ ᠥᠪᠥᠷ ᠮᠤᠩᠭᠤᠯ ᠤᠨ ᠤᠴᠢ ᠲᠥᠯᠥᠪᠯᠡᠭᠡ ᠶᠢᠨ | ᠰᠢᠨᠵᠢᠯᠡᠬᠦ ᠤᠭᠬᠭᠠᠨ ᠲᠧᠭᠨᠢᠭ ᠮᠡᠷᠭᠡᠵᠢᠯ ᠤᠨ ︽12396︾ ᠮᠠᠳᠡᠭᠡ ᠵᠠᠩᠬᠢ ᠶᠢᠨ ᠥᠢᠯᠡᠴᠢᠯᠡᠭᠡᠨ ᠤ ᠲᠠᠪᠴᠠᠩ᠂ | ᠥᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠭᠬᠭᠠᠨ ᠲᠧᠭᠨᠢᠭ ᠮᠡᠷᠭᠡᠵᠢᠯ ᠤᠨ ᠥᠷ᠎ᠡ ᠪᠥᠲᠥᠭᠡᠯ ᠤᠨ | ᠠᠷᠠᠯᠵᠢᠶᠠᠨ ᠤ ᠲᠠᠪᠴᠠᠩ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠶᠠᠰᠤ ᠴᠢᠨᠠᠷ ᠤᠨ ᠠᠮᠤᠷ | ᠲᠥᠪᠰᠢᠨ ᠢ ᠬᠢᠨᠠᠨ ᠬᠠᠮᠢᠶᠠᠷᠴᠥ ᠤᠬᠤᠴᠢᠯᠠᠨ ᠮᠥᠷᠳᠡᠬᠦ ᠮᠡᠳᠡᠭᠡ ᠵᠠᠩᠬᠢ ᠶᠢᠨ ᠲᠠᠪᠴᠠᠩ ᠵᠠᠷᠭᠡ ᠳᠤ ᠲᠤᠯᠭᠠᠭᠤᠷᠢᠯᠠᠨ᠂ | ᠳᠡᠭᠡᠳᠥ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠥᠷᠢᠶᠡᠯᠡᠩ ᠭᠠᠵᠠᠷ ᠵᠡᠷᠭᠡ ᠤᠶᠤᠨ ᠤ ᠡᠬᠢ | ᠪᠠᠶᠠᠯᠢᠭ ᠲᠤ ᠲᠥᠰᠢᠭᠯᠡᠵᠤ᠂ ᠲᠤᠬᠠᠢ ᠶᠢᠨ ᠭᠠᠵᠠᠷ ᠲᠤ ᠨᠢ ᠲᠤᠬᠢᠷᠠᠭᠤᠯᠤᠨ ᠠᠮᠢ ᠠᠬᠤᠢ ᠶᠢᠨ ᠬᠠᠮᠠᠭᠠᠯᠠᠯᠲᠠ᠂ | ᠳᠠᠪᠠᠭᠤᠯᠢᠭ ᠠᠵᠤ ᠥᠢᠯᠡᠰ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠬᠥᠷᠢᠶ᠎ᠡ | ᠴᠠᠷᠠᠭ᠎ᠠ ᠶᠢᠨ ᠵᠠᠩᠬᠢᠯᠭ᠎ᠠ ᠶᠢᠨ ᠮᠡᠷᠭᠡᠵᠢᠯ ᠢ ᠰᠢᠢᠳᠪᠥᠷᠢᠯᠡᠬᠦ ᠲᠥᠰᠥᠯ ᠢ ᠲᠤᠭᠲᠠᠭᠠᠨ᠎ᠠ᠃ ᠤᠯᠤᠰ ᠤᠨ ︽ᠭᠤᠷᠪᠠᠨ | ᠤᠷᠤᠨ︾ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠪᠠ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠤᠭᠤᠷᠢᠭ︶ ᠬᠤᠶᠠᠷ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠨᠴᠠ | ᠲᠤᠮᠢᠯᠠᠭᠳᠠᠭᠰᠠᠳ ᠬᠢᠬᠡᠳ ︽12396︾ ᠮᠡᠳᠡᠭᠡ ᠵᠠᠩᠬᠢ ᠶᠢᠨ ᠥᠢᠯᠡᠴᠢᠯᠡᠭᠡᠨ ᠤ ᠲᠠᠪᠴᠠᠩ ᠢᠶᠠᠷ ᠬᠤᠯᠪᠤᠭᠠᠰᠤ | ᠪᠤᠯᠭᠠᠨ᠂ ᠰᠥᠯᠵᠢᠶᠡᠨ ᠳᠡᠭᠡᠷᠡᠬᠢ ᠪᠡ ᠰᠥᠯᠵᠢᠶᠡᠨ ᠠᠴᠠ ᠭᠠᠳᠠᠭᠤᠷᠬᠢ ᠶᠢ ᠨᠢᠭᠲᠠ ᠤᠶᠠᠯᠳᠤᠭᠤᠯᠵᠤ᠂ ᠲᠠᠷᠢᠶᠠᠯᠠᠩ | ᠮᠠᠯ ᠠᠵᠤ ᠠᠬᠤᠢ ᠶᠢᠨ ᠭᠤᠤᠯᠯᠠᠬᠤ ᠠᠵᠤ ᠠᠬᠤᠶᠢᠯᠠᠯ᠂ ᠲᠤᠰᠬᠠᠢ ᠬᠤᠷᠰᠢᠶᠠᠵᠢᠯ᠂ ᠲᠠᠷᠢᠵᠤ ᠤᠷᠭᠤᠭᠤᠯᠬᠤ | ᠲᠡᠵᠢᠭᠡᠵᠤ ᠥᠷᠡᠵᠢᠭᠦᠯᠬᠦ ᠲᠤᠮᠤ ᠡᠷᠥᠬᠡ ᠵᠠᠷᠭᠡ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠤᠯ ᠴᠤᠭᠴᠠ ᠳᠤ ᠭᠤᠤᠯᠳᠠᠯᠭ᠎ᠠ ᠲᠠᠢ ᠬᠠᠨᠳᠤᠭᠤᠯᠤᠨ ᠪᠤᠳᠠᠳᠤ ᠭᠡᠷᠡᠭᠯᠡᠭᠡᠨ ᠤ ᠮᠡᠷᠭᠡᠵᠢᠯ ᠢ | ᠳᠡᠯᠭᠡᠷᠡᠭᠦᠯᠥᠨ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠥᠵᠢᠭᠦᠯᠵᠤ᠂ ᠮᠠᠯᠵᠢᠬᠤ | ᠲᠠᠷᠢᠶᠠᠯᠠᠬᠤ ᠤᠷᠤᠨ ᠤ ᠥᠢᠯᠡᠳᠪᠥᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠠᠮᠢᠳᠤᠷᠠᠯ ᠤᠨ ᠴᠢᠨᠠᠷ | ᠴᠢᠨᠰᠠᠭ᠎ᠠ ᠪᠠᠨ ᠳᠡᠭᠡᠭᠰᠢᠯᠡᠭᠦᠯᠬᠦ᠂ ᠳᠠᠪᠠᠭᠤᠯᠢᠭ ᠠᠵᠤ ᠥᠢᠯᠡᠰ ᠢᠶᠠᠨ ᠬᠥᠭᠵᠢᠭᠦᠯᠬᠦ ᠶᠢ ᠲᠥᠯᠬᠢᠨ ᠠᠬᠢᠭᠤᠯᠤᠨ᠎ᠠ᠃ | ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠥᠳᠡᠭᠡ ᠲᠤᠰᠬᠤᠨ ᠤ ᠶᠡᠷᠥᠩᠬᠡᠶᠢᠯᠡᠭᠰᠡᠨ ᠵᠢᠱᠢᠶ᠎ᠡ | ᠥᠵᠡᠭᠦᠯᠬᠦ ᠬᠤᠰᠢᠭᠤ ᠰᠢᠶᠠᠨ ᠪᠡ ᠤᠯᠤᠰ ᠤᠨ ᠬᠥᠢᠲᠡᠨ ᠬᠡᠯᠬᠢᠶᠡᠲᠥ ᠪᠠᠷᠠᠭᠠᠨ ᠤ ᠭᠥᠢᠯᠭᠡᠭᠡᠨ ᠤ ᠶᠡᠷᠥᠩᠬᠡᠶᠢᠯᠡᠭᠰᠡᠨ | ᠵᠢᠱᠢᠶ᠎ᠡ ᠥᠵᠡᠭᠦᠯᠬᠦ ᠠᠵᠢᠯ ᠳᠤ ᠤᠷᠤᠭᠤᠯᠬᠤ ᠪᠠᠷ ᠰᠠᠭᠤᠷᠢ ᠪᠤᠯᠭᠠᠵᠤ᠂ ᠤᠯᠤᠰ ᠤᠨ ᠲᠤᠳᠤᠭᠠᠳᠤᠬᠢ ᠡᠯᠧᠺᠲᠷᠤᠨ | ᠬᠤᠳᠠᠯᠳᠤᠭᠠᠴᠢᠨ ᠪᠠ ᠪᠠᠷᠠᠭᠠᠨ ᠤ ᠭᠥᠢᠯᠭᠡᠭᠡᠨ ᠤ ᠠᠵᠤ ᠠᠬᠤᠶᠢᠯᠠᠯ ᠯᠤᠭ᠎ᠠ ᠬᠠᠮᠲᠤᠷᠠᠨ᠂ ᠲᠤᠰ | ᠨᠤᠲᠤᠭ ᠤᠨ ᠬᠢᠨ ᠤ ᠡᠯᠧᠺᠲᠷᠤᠨ ᠬᠤᠳᠠᠯᠳᠤᠭᠠᠴᠢᠨ᠂ ᠪᠠᠷᠠᠭᠠᠨ ᠤ ᠭᠥᠢᠯᠭᠡᠭᠡᠨ ᠤ ᠠᠵᠤ ᠠᠬᠤᠶᠢᠯᠠᠯ ᠢ ᠢᠳᠡᠪᠬᠢᠲᠡᠢ | ᠪᠤᠶᠢᠵᠢᠭᠤᠯᠵᠤ᠂ ᠡᠯᠧᠺᠲᠷᠤᠨ ᠬᠤᠳᠠᠯᠳᠤᠭᠠᠴᠢᠨ ᠤ ᠴᠢᠳᠠᠪᠤᠷᠢᠲᠠᠨ ᠢ ᠬᠥᠮᠥᠵᠢᠬᠦᠯᠬᠦ ᠬᠢᠬᠡᠳ ᠤᠷᠤᠭᠤᠯᠬᠤ ᠪᠠ | ᠪᠠᠷᠠᠭᠠᠨ ᠤ ᠭᠥᠢᠯᠭᠡᠭᠡᠨ ᠤ ᠰᠠᠭᠤᠷᠢ ᠪᠡᠯᠡᠳᠬᠡᠮᠵᠢ ᠳᠤ ᠪᠡᠯᠡ ᠤᠷᠤᠭᠤᠯᠬᠤ ᠡᠷᠴᠢᠮ ᠢ ᠴᠢᠩᠭᠠᠷᠠᠭᠤᠯᠤᠨ᠂ ᠭᠠᠴᠠᠭ᠎ᠠ | ᠲᠤᠰᠬᠤᠨ ᠤ ᠱᠠᠲᠤᠨ ᠳᠠᠬᠢ ᠰᠥᠯᠵᠢᠶᠡᠨ ᠤ ᠬᠠᠮᠤᠷᠬᠤ ᠨᠤᠷᠮ᠎ᠠ ᠶᠢ ᠳᠡᠭᠡᠭᠰᠢᠯᠡᠭᠦᠯᠵᠤ᠂ ᠮᠠᠯᠵᠢᠬᠤ ᠲᠠᠷᠢᠶᠠᠯᠠᠬᠤ | ᠤᠷᠤᠨ ᠤ ᠪᠠᠷᠠᠭᠠᠨ ᠤ ᠭᠥᠢᠯᠭᠡᠭᠡᠨ ᠤ ᠭᠥᠯᠢᠶᠡᠰᠥᠯᠡᠯ ᠢ ᠠᠷᠢᠯᠭᠠᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠪᠠ | ᠪᠠᠷᠠᠭᠠᠨ ᠤ ᠭᠥᠢᠯᠭᠡᠭᠡ ᠶᠢᠨ ᠵᠤᠬᠢᠴᠠᠯᠳᠥᠨ ᠬᠥᠭᠵᠢᠬᠦ ᠶᠢᠨ ᠶᠡᠷᠥᠩᠬᠡᠶᠢᠯᠡᠭᠰᠡᠨ ᠥᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠵᠤ᠂ ︽ᠠᠵᠤ ᠥᠢᠯᠡᠳᠪᠥᠷᠢ ᠶᠢᠨ ᠥᠢᠯᠡᠳᠬᠦᠨ ᠢ ᠬᠥᠳᠡᠭᠡ ᠪᠠᠭᠤᠯᠭᠠᠬᠤ︾ ᠪᠡ ︽ᠲᠠᠷᠢᠶᠠᠯᠠᠩ ᠤᠨ | ᠪᠥᠲᠥᠭᠡᠭᠳᠡᠭᠦᠨ ᠢ ᠬᠤᠲᠠ ᠤᠷᠤᠭᠤᠯᠬᠤ︾ ᠬᠤᠤᠰ ᠴᠢᠭᠯᠡᠯ ᠲᠠᠢ ᠭᠥᠢᠯᠭᠡᠭᠡᠨ ᠤ ᠠᠷᠭ᠎ᠠ ᠵᠠᠮ ᠢ ᠨᠡᠪᠲᠡᠷᠡᠭᠦᠯᠥᠨ᠂ | ᠬᠤᠲᠠ ᠶᠢᠨ ᠰᠠᠭᠤᠭᠠᠯᠢ ᠠᠷᠠᠳ ᠤᠨ ᠮᠠᠯᠵᠢᠬᠤ ᠲᠠᠷᠢᠶᠠᠯᠠᠬᠤ ᠤᠷᠤᠨ ᠤ ᠰᠤᠯᠠ ᠰᠡᠯᠡᠭᠦᠥ ᠵᠤᠭᠠᠴᠠᠯ ᠤᠨ ᠭᠠᠵᠠᠷ ᠲᠤ | ᠬᠥᠷᠴᠥ ᠠᠮᠠᠷᠠᠯᠲᠠ ᠠᠪᠬᠤ ᠪᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠥᠢᠯᠡᠳᠪᠥᠷᠢᠯᠡᠯ ᠤᠨ | ᠠᠷᠭ᠎ᠠ ᠮᠠᠶ᠋ᠢᠭ ᠢ ᠪᠡᠶᠡᠴᠢᠯᠡᠨ ᠤᠶᠢᠯᠠᠭᠠᠬᠤ ᠪᠤᠯᠭᠠᠨ᠎ᠠ᠃ ᠭᠠᠵᠠᠷ ᠵᠥᠢ ᠶᠢᠨ ᠳᠡᠮᠳᠡᠭ ᠢ ᠲᠠᠸᠠᠷ ᠤᠨ ᠲᠡᠮᠳᠡᠭ ᠢᠶᠠᠷ | ᠳᠠᠩᠰᠠᠯᠠᠭᠤᠯᠬᠤ ᠶᠢ ᠴᠢᠩᠭᠠᠳᠬᠠᠨ᠂ ︽ᠺᠤᠮᠫᠠᠨᠢ ︵ᠠᠵᠤ ᠥᠢᠯᠡᠰ ᠤᠨ ᠬᠤᠯᠪᠤᠭᠠᠯᠠᠯ︶ + ᠲᠠᠸᠠᠷ ᠤᠨ ᠲᠡᠮᠳᠡᠭ ︵ | ᠭᠠᠵᠠᠷ ᠵᠥᠢ ᠶᠢᠨ ᠳᠡᠮᠳᠡᠭ︶ + ᠲᠤᠰᠬᠠᠢ ᠡᠷᠥᠬᠡ ᠶᠢᠨ ᠬᠠᠮᠲᠤᠷᠠᠯᠴᠠᠭ᠎ᠠ ︵ᠮᠠᠯᠴᠢᠨ ᠲᠠᠷᠢᠶᠠᠴᠢᠨ ᠡᠷᠥᠭᠡ︶︾ | ᠶᠢᠨ ᠵᠠᠭᠪᠤᠷ ᠢ ᠳᠡᠯᠭᠡᠷᠡᠭᠦᠯᠵᠤ᠂ ᠵᠠᠬ᠎ᠠ ᠳᠡᠯᠬᠡᠭᠦᠷ ᠤᠨ ᠭᠤᠤᠯ ᠴᠤᠭᠴᠠ ᠶᠢ ᠵᠢᠯᠤᠭᠤᠳᠴᠤ ᠪᠠᠶᠢᠭᠠᠳ ᠨᠡᠷᠡᠲᠥ | ᠲᠠᠸᠠᠷ ᠤᠨ ᠲᠡᠮᠳᠡᠭᠲᠥ ᠶᠢᠨ ᠬᠠᠤᠯᠢ ᠴᠠᠭᠠᠵᠠ ᠳᠥᠷᠢᠮ ᠢ ᠠᠰᠢᠭᠯᠠᠨ ᠬᠠᠮᠠᠭᠠᠯᠠᠬᠤ ᠶᠢ ᠬᠡᠷᠡᠭᠵᠢᠭᠦᠯᠥᠨ᠎ᠡ᠃ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ︽ᠭᠤᠷᠪᠠᠨ ᠲᠠᠸᠠᠷ ᠨᠢᠭᠡ ᠲᠡᠮᠳᠡᠭ︾ ᠤᠨ | ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠰᠢᠯᠢᠳᠡᠭᠵᠢᠭᠦᠯᠥᠨ᠂ | ᠨᠡᠷᠡᠲᠥ ᠲᠥᠷᠥᠯ ᠲᠡᠮᠲᠡᠭ ᠤᠨ ᠪᠠᠶᠢᠭᠤᠯᠤᠯᠲᠠ ᠶᠢ ᠴᠢᠩᠭᠠᠷᠠᠭᠤᠯᠵᠤ᠂ ᠰᠥᠯᠵᠢᠶᠡᠨ ᠤ ᠨᠡᠷᠡᠲᠥ ᠲᠥᠷᠥᠯ | ᠲᠡᠮᠳᠡᠭ ᠤᠨ ᠪᠤᠷᠤᠯᠠᠭᠤᠯᠭ᠎ᠠ ᠶᠢ ᠲᠤᠪᠤᠶᠢᠯᠭᠠᠨ᠂ ᠮᠠᠨ ᠤ ᠤᠷᠤᠨ ᠤ ᠤᠨᠴᠠᠯᠢᠭᠲᠤ ᠪᠥᠲᠥᠭᠡᠭᠳᠡᠭᠦᠨ ᠢ ᠨᠡᠷᠡᠲᠥ | ᠲᠥᠷᠥᠯ ᠲᠡᠮᠳᠡᠭ ᠪᠤᠯᠭᠠᠨ ᠥᠢᠯᠡᠳᠪᠥᠷᠢᠯᠡᠵᠤ᠂ ᠪᠥᠬᠦ ᠤᠯᠤᠰ ᠲᠤ ᠳᠡᠯᠭᠡᠷᠡᠭᠦᠯᠥᠨ᠂ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠪᠥᠲᠥᠭᠡᠭᠳᠡᠭᠦᠨ ᠢ ︽ᠲᠠᠷᠢᠭᠰᠠᠨ ᠨᠢ ᠰᠠᠶᠢᠨ᠂ ᠲᠡᠵᠢᠭᠡᠭᠰᠡᠨ ᠨᠢ ᠰᠠᠶᠢᠨ︾ ᠪᠠᠶᠢᠭᠰᠠᠨ ᠠᠴᠠ ︽ | ᠬᠤᠳᠠᠯᠳᠤᠭᠰᠠᠨ ᠨᠢ ᠰᠠᠶᠢᠨ︾ ᠲᠡᠶᠢᠰᠢ ᠬᠤᠪᠢᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ | ᠥᠢᠯᠡᠰ ᠤᠨ ᠬᠡᠯᠬᠢᠶᠡᠨ ᠤ ᠠᠰᠢᠭ ᠬᠥᠷᠲᠡᠬᠦ ᠶᠢ ᠳᠡᠭᠡᠭᠰᠢᠯᠡᠭᠦᠯᠥᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠡ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ︶ | ᠲᠠᠪᠤ᠂ ᠲᠠᠪᠴᠠᠩ ᠤᠨ ᠤᠷᠴᠢᠨ ᠨᠥᠬᠦᠴᠡᠯ ᠢ ᠰᠢᠯᠢᠳᠡᠭᠵᠢᠭᠦᠯᠥᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠥᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠥᠨ᠎ᠡ | ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠢ ᠰᠢᠨ᠎ᠡ ᠶᠢ | ᠡᠭᠦᠳᠥᠨ ᠥᠢᠯᠡᠰ ᠴᠤᠭᠴᠠᠯᠠᠬᠤ ᠨᠡᠯᠢᠶᠠᠳ ᠰᠠᠶᠢᠨ ᠤᠷᠴᠢᠨ ᠨᠥᠬᠦᠴᠡᠯ ᠲᠠᠢ ᠪᠤᠯᠭᠠᠬᠤ ᠶᠢ ᠠᠩᠬᠠᠷᠤᠨ | ᠴᠢᠬᠤᠯᠠᠴᠢᠯᠠᠵᠤ᠂ ᠬᠤᠰᠢᠭᠤ ᠰᠢᠶᠠᠨ ᠤ ᠬᠡᠪᠴᠢᠶᠡᠨ ᠳᠠᠬᠢ ᠠᠵᠤ ᠥᠢᠯᠡᠰ ᠤᠨ ᠬᠥᠭᠵᠢᠯᠲᠡ ᠶᠢᠨ ᠴᠢᠭᠯᠡᠯ ᠯᠦᠭᠡ | ᠤᠶᠠᠯᠳᠤᠭᠤᠯᠤᠨ᠂ ᠡᠯ᠎ᠡ ᠲᠥᠷᠥᠯ ᠤᠨ ᠬᠥᠷᠢᠶᠡᠯᠡᠩ ᠲᠤᠭᠤᠷᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠭᠡᠮᠡᠯᠵᠢᠭᠦᠯᠬᠦ ᠨᠢᠭᠡᠴᠢ᠂ ᠰᠢᠨ᠎ᠡ ᠶᠢ ᠡᠭᠦᠳᠬᠦ ᠴᠢᠳᠠᠪᠤᠷᠢ ᠲᠠᠢ ᠠᠵᠤ ᠠᠬᠤᠶᠢᠯᠠᠯ ᠵᠡᠷᠭᠡ ᠳᠤ ᠲᠥᠰᠢᠭᠯᠡᠨ᠂ | ᠥᠪᠡᠷ ᠤᠨ ᠥᠷᠳᠡᠭ ᠢᠶᠠᠷ ᠳᠤᠤᠷ᠎ᠠ᠂ ᠲᠥᠭᠦᠮᠴᠢᠯᠡᠵᠤ ᠠᠪᠰᠠᠷᠴᠢᠯᠠᠭᠰᠠᠨ᠂ ᠪᠥᠬᠦ ᠬᠥᠴᠥᠨ ᠵᠥᠢᠯ ᠪᠥᠬᠦᠢ᠂ | ᠨᠡᠭᠡᠭᠡᠯᠲᠡ ᠲᠠᠢ ᠨᠢᠭᠡ ᠪᠥᠯᠥᠭ ᠥᠢᠯᠡᠰ ᠴᠣᠭᠴᠠᠯᠠᠬᠤ ᠬᠥᠷᠢᠶᠡᠯᠡᠩ᠂ ᠣᠯᠠᠨ ᠢᠶᠠᠷ ᠢᠶᠠᠨ ᠰᠢᠨ᠎ᠡ ᠶᠢ ᠡᠭᠦᠳᠬᠦ | ᠤᠷᠤᠨ ᠵᠠᠢ᠂ ᠣᠴᠢ ᠲᠥᠯᠥᠪᠯᠡᠭᠡᠲᠥ ᠦᠢᠯᠡᠰ ᠴᠣᠭᠴᠠᠯᠠᠬᠤ ᠰᠠᠭᠤᠷᠢᠨ ᠪᠠ ᠥᠨᠳᠥᠷ ᠬᠢᠷᠢ ᠬᠡᠮᠵᠢᠶ᠎ᠡ ᠪᠥᠬᠦᠢ | ᠲᠤᠰᠬᠠᠶᠢᠵᠢᠭᠰᠠᠨ ᠨᠡᠪᠴᠢᠭᠦᠯᠥᠭᠦᠷ ᠢ ᠪᠥᠲᠥᠭᠡᠨ ᠪᠠᠶᠢᠭᠤᠯᠵᠤ᠂ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ | ᠡᠭᠦᠳᠴᠥ ᠥᠢᠯᠡᠰ ᠴᠤᠭᠴᠠᠯᠠᠬᠤ ᠴᠢᠳᠠᠪᠤᠷᠢ ᠶᠢ ᠳᠡᠭᠡᠭᠰᠢᠯᠡᠭᠦᠯᠥᠨ᠎ᠡ᠃ ᠡᠯ᠎ᠡ ᠬᠤᠰᠢᠭᠤ ᠰᠢᠶᠠᠨ ︵ᠬᠤᠲᠠ᠂ | ᠲᠤᠭᠤᠷᠢᠭ︶ ᠨᠢ ᠪᠤᠳᠠᠳᠤ ᠪᠠᠶᠢᠳᠠᠯ ᠢᠶᠠᠨ ᠥᠨᠳᠥᠰᠥᠯᠡᠨ ᠰᠤᠳᠤᠯᠵᠤ ᠨᠡᠭᠡᠭᠡᠨ ᠵᠢᠷᠤᠵᠤ ᠲᠥᠯᠥᠪᠯᠡᠬᠦ᠂ ᠮᠡᠷᠭᠡᠵᠢᠯ ᠢ | ᠰᠢᠯᠵᠢᠭᠦᠯᠬᠦ᠂ ᠮᠡᠷᠭᠡᠵᠢᠯ ᠢ ᠠᠷᠠᠯᠵᠢᠶᠠᠯᠠᠬᠤ᠂ ᠥᠢᠯᠡᠰ ᠴᠤᠭᠴᠠᠯᠠᠬᠤ ᠶᠢ ᠵᠢᠯᠤᠭᠤᠳᠬᠤ᠂ ᠮᠡᠳᠡᠯᠭᠡ ᠶᠢᠨ | ᠥᠮᠴᠢᠯᠡᠯ ᠤᠨ ᠡᠷᠬᠡ᠂ ᠮᠥᠩᠭᠦᠨ ᠭᠥᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠯᠪᠠᠰᠤᠷᠠᠭᠤᠯᠬᠤ | ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠢᠯᠡᠴᠢᠯᠡᠭᠡ ᠶᠢ ᠥᠷᠨᠢᠭᠦᠯᠵᠤ ᠪᠤᠯᠤᠨ᠎ᠠ᠃ | ᠣᠯᠠᠨ ᠢᠶᠠᠷ ᠢᠶᠠᠨ ᠰᠢᠨ᠎ᠡ ᠶᠢ ᠡᠭᠦᠳᠬᠦ ᠤᠷᠤᠨ ᠵᠠᠢ ᠵᠠᠷᠭᠡ ᠲᠤᠰᠬᠠᠢ ᠮᠡᠷᠭᠡᠵᠢᠯ ᠤᠨ ᠨᠡᠪᠴᠢᠭᠦᠯᠥᠭᠦᠷ ᠤᠨ | ᠪᠠᠶᠢᠭᠤᠯᠤᠮᠵᠢ ᠨᠢ ᠥᠢᠯᠡᠰ ᠴᠤᠭᠴᠠᠯᠠᠬᠤ ᠥᠢᠯᠡᠴᠢᠯᠡᠭᠡᠨ ᠤ ᠰᠢᠰᠲ᠋ᠧᠮᠵᠢ ᠶᠢ ᠲᠥᠷᠭᠡᠳᠬᠡᠨ ᠪᠠᠶᠢᠭᠤᠯᠵᠤ᠂ | ᠥᠪᠡᠷᠲᠡᠭᠡᠨ ᠵᠠᠰᠠᠬᠤ ᠤᠷᠤᠨ ᠤ ᠳᠡᠰ ᠤᠨ ᠲᠠᠪᠴᠠᠩ ᠠᠴᠠ ᠨᠢᠭᠡ ᠪᠥᠯᠥᠭ ᠤᠯᠠᠷᠢᠭᠤᠯᠵᠤ ᠪᠤᠯᠬᠤ ᠰᠢᠨ᠎ᠡ ᠮᠡᠷᠭᠡᠵᠢᠯ᠂ | ᠰᠢᠨ᠎ᠡ ᠥᠷ᠎ᠡ ᠪᠥᠲᠥᠭᠡᠯ ᠢ ᠲᠥᠪᠯᠡᠷᠡᠭᠦᠯᠥᠨ ᠰᠢᠯᠢᠵᠤ ᠰᠤᠩᠭᠤᠨ᠂ ᠥᠢᠯᠡᠰ ᠴᠤᠭᠴᠠᠯᠠᠬᠤ ᠮᠡᠷᠭᠡᠵᠢᠯ ᠤᠨ | ᠬᠥᠮᠥᠷᠭᠡ ᠶᠢ ᠪᠠᠶᠢᠭᠤᠯᠵᠤ᠂ ᠥᠢᠯᠠᠰ ᠴᠤᠭᠴᠠᠯᠠᠭᠴᠢᠳ ᠲᠤ ᠬᠠᠩᠭᠠᠬᠤ ᠬᠡᠷᠡᠭᠲᠡᠢ᠃ ᠣᠴᠢ ᠲᠥᠯᠦᠪᠯᠡᠭᠡᠲᠦ ᠥᠢᠯᠡᠰ | ᠴᠤᠭᠴᠠᠯᠠᠬᠤ ᠰᠠᠭᠤᠷᠢᠨ ᠨᠢ ᠥᠢᠯᠡᠰ ᠴᠤᠭᠴᠠᠯᠠᠬᠤ ᠬᠠᠷᠠᠯᠲᠠ ᠪᠠᠨ ᠲᠠᠷᠢᠶᠠᠯᠠᠩ ᠮᠠᠯ ᠠᠵᠤ ᠠᠬᠤᠢ᠂ ᠮᠠᠯᠵᠢᠬᠤ | ᠲᠠᠷᠢᠶᠠᠯᠠᠬᠤ ᠤᠷᠤᠨ ᠤ ᠥᠢᠯᠡᠰ ᠴᠤᠭᠴᠠᠯᠠᠬᠤ ᠳᠤ ᠲᠥᠪᠯᠡᠷᠡᠭᠦᠯᠥᠨ᠂ ᠥᠢᠯᠡᠰ ᠴᠤᠭᠴᠠᠯᠠᠭᠴᠢ ᠶᠢᠨ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠥᠲᠥᠭᠡᠭᠳᠡᠭᠦᠨ ᠢ ᠡᠳ᠋ᠰᠢᠭᠦᠯᠬᠦ᠂ ᠰᠤᠯᠠ ᠰᠡᠯᠡᠭᠦᠴᠡᠯ ᠤᠨ ᠲᠠᠷᠢᠶᠠᠯᠠᠩ ᠮᠠᠯ | ᠠᠵᠤ ᠠᠬᠤᠢ᠂ ᠬᠥᠳᠡᠭᠡ ᠲᠤᠰᠬᠤᠨ ᠤ ᠵᠢᠭᠤᠯᠴᠢᠯᠠᠯ ᠪᠠ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ | ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠠᠵᠤ ᠥᠢᠯᠡᠰ᠂ ᠰᠢᠨ᠎ᠡ ᠠᠵᠢᠯ ᠲᠥᠷᠥᠯ ᠡᠷᠬᠢᠯᠡᠭᠦᠯᠬᠦ ᠪᠠᠷ ᠢᠳᠡᠪᠬᠢᠲᠡᠢ | ᠬᠥᠮᠥᠵᠢᠭᠦᠯᠵᠤ ᠬᠥᠲᠥᠯᠥᠨ ᠵᠢᠯᠤᠭᠤᠳᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠤᠷᠳᠤᠨ᠂ ᠥᠪᠡᠷᠲᠡᠭᠡᠨ ᠵᠠᠰᠠᠬᠤ ᠤᠷᠤᠨ ᠤ ᠬᠥᠭᠵᠢᠭᠦᠯᠥᠯᠲᠡ ᠪᠠ ᠥᠭᠡᠷᠡᠴᠢᠯᠡᠯᠲᠠ ᠶᠢᠨ ᠵᠥᠪᠯᠡᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠥᠨ ᠤ ᠬᠥᠴᠥᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ︶ | ᠵᠢᠷᠭᠤᠭ᠎ᠠ᠂ ᠰᠢᠨ᠎ᠡ ᠡᠭᠦᠳᠥᠯᠲᠡ ᠪᠠᠷ ᠬᠥᠲᠥᠯᠥᠭᠦᠯᠬᠦ ᠳᠤ ᠲᠥᠰᠢᠭᠯᠡᠨ᠂ ᠶᠠᠳᠠᠭᠤ ᠠᠴᠠ ᠠᠩᠬᠢᠵᠢᠷᠠᠭᠤᠯᠬᠤ | ᠤᠷᠲᠤ ᠬᠤᠭᠤᠴᠠᠭᠠᠨ ᠤ ᠪᠥᠲᠥᠮᠵᠢᠲᠡᠢ ᠲᠤᠭᠲᠠᠴᠠ ᠶᠢ ᠪᠥᠷᠢᠯᠳᠥᠭᠦᠯᠥᠨ᠎ᠡ | ᠲᠦᠢᠯ ᠤᠨ ᠤᠨᠤᠪᠴᠢᠲᠠᠢ ᠪᠠᠷ ᠶᠠᠳᠠᠭᠤ ᠶᠢ ᠳᠡᠳᠬᠦᠬᠦ ᠪᠠ ᠲᠦᠢᠯ ᠤᠨ ᠤᠨᠤᠪᠴᠢᠲᠠᠢ ᠪᠠᠷ ᠶᠠᠳᠠᠭᠤ ᠠᠴᠠ | ᠠᠩᠬᠢᠵᠢᠷᠠᠭᠤᠯᠬᠤ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠥᠯᠲᠡ ᠶᠢᠨ ᠲᠤᠯᠭᠠᠭᠤᠷᠢᠯᠠᠵᠤ | ᠬᠥᠲᠥᠯᠥᠨ ᠵᠢᠯᠤᠭᠤᠳᠬᠤ ᠥᠢᠯᠡᠳᠥᠯ ᠢ ᠨᠢ ᠴᠢᠩᠭᠠᠷᠠᠭᠤᠯᠤᠨ᠂ ᠬᠤᠰᠢᠭᠤ ᠰᠢᠶᠠᠨ ︵ᠬᠤᠲᠠ᠂ ᠲᠤᠭᠤᠷᠢᠭ︶ ᠤ | ᠮᠠᠯᠵᠢᠬᠤ ᠲᠠᠷᠢᠶᠠᠯᠠᠬᠤ ᠤᠷᠤᠨ ᠤ ᠠᠮᠢ ᠠᠬᠤᠢ ᠶᠢ ᠬᠠᠮᠠᠭᠠᠯᠠᠬᠤ ᠬᠢᠬᠡᠳ ᠥᠩᠵᠢᠭᠦᠯᠥᠨ ᠰᠡᠷᠭᠦᠬᠡᠬᠦ᠂ ᠮᠠᠯᠵᠢᠬᠤ | ᠲᠠᠷᠢᠶᠠᠯᠠᠬᠤ ᠤᠷᠤᠨ ᠤ ᠡᠨᠤᠷᠬᠢ ᠠᠷᠪᠢᠯᠠᠬᠤ ᠪᠠᠷᠢᠯᠭ᠎ᠠ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ᠂ | ᠬᠥᠷᠥᠰᠥ ᠰᠢᠷᠤᠢ ᠶᠢᠨ ᠪᠤᠬᠢᠷᠳᠤᠯ ᠢ ᠵᠠᠰᠠᠬᠤ᠂ ᠡᠬᠢ ᠪᠠᠶᠠᠯᠢᠭ ᠢ ᠥᠨᠳᠥᠷ ᠪᠥᠲᠥᠮᠵᠢᠲᠠᠢ ᠪᠠᠷ ᠠᠰᠢᠭᠯᠠᠬᠤ ᠵᠡᠷᠭᠡ | ᠬᠥᠷᠢᠶ᠎ᠡ ᠴᠠᠷᠠᠭ᠎ᠠ ᠳᠠᠬᠢ ᠭᠤᠤᠯᠯᠠᠬᠤ ᠮᠡᠷᠭᠡᠵᠢᠯ ᠤᠨ ᠬᠡᠷᠡᠭᠯᠡᠵᠥ ᠤᠯᠠᠷᠢᠭᠤᠯᠬᠤ ᠡᠷᠴᠢᠮ ᠢ ᠨᠢ ᠴᠢᠩᠭᠠᠷᠠᠭᠤᠯᠤᠨ᠎ᠠ᠃ | ᠬᠥᠨᠳᠥ ᠡᠪᠡᠳᠴᠢᠨ ᠡᠮᠭᠡᠭ᠂ ᠤᠵᠢᠭ ᠴᠢᠨᠠᠷᠲᠠᠢ ᠡᠪᠡᠳᠴᠢᠨ ᠢ ᠰᠡᠷᠭᠡᠶᠢᠯᠡᠨ ᠡᠮᠨᠡᠬᠦ᠂ ᠬᠥᠮᠥᠨ ᠠᠮᠠ ᠶᠢᠨ | ᠨᠠᠰᠤᠵᠢᠯᠲᠠ ᠵᠡᠷᠭᠡ ᠴᠢᠬᠤᠯᠠ ᠶᠡᠭᠡ ᠠᠰᠠᠭᠤᠳᠠᠯ ᠤᠨ ᠲᠤᠭᠤᠷᠢᠨ ᠳᠤ᠂ ᠡᠪᠡᠳᠴᠢᠨ ᠡᠮᠬᠡᠭ ᠢ ᠰᠡᠷᠭᠡᠶᠢᠯᠡᠨ ᠡᠮᠨᠡᠬᠦ | ᠮᠡᠷᠭᠡᠵᠢᠯ ᠢ ᠥᠨᠳᠤᠰᠤᠨ ᠱᠠᠲᠤᠨ ᠳᠤ ᠲᠥᠭᠡᠮᠡᠯᠵᠢᠭᠦᠯᠥᠨ ᠳᠡᠯᠭᠡᠷᠡᠭᠦᠯᠬᠦ ᠶᠢ ᠴᠢᠩᠭᠠᠳᠬᠠᠨ᠂ ᠡᠮᠴᠢᠯᠡᠭᠡᠨ ᠤ | ᠠᠨᠠᠭᠠᠬᠤ ᠤᠬᠠᠭᠠᠨ ᠤ ᠰᠤᠳᠤᠯᠤᠯ ᠤᠨ ᠳᠡᠭᠡᠳᠤ ᠳᠤᠤᠷᠠᠲᠤ ᠱᠠᠲᠤ ᠪᠠᠷ ᠢᠶᠠᠨ ᠬᠠᠮᠵᠢᠯᠴᠠᠨ ᠰᠢᠨ᠎ᠡ ᠶᠢ | ᠡᠭᠦᠳᠬᠦ ᠶᠢ ᠨᠢ ᠳᠡᠮᠵᠢᠵᠤ᠂ ᠮᠤᠩᠭᠤᠯ ᠬᠢᠲᠠᠳ ᠡᠮ ᠡᠮᠨᠡᠯᠭᠡ ᠶᠢᠨ ᠠᠵᠢᠯ ᠥᠢᠯᠡᠰ ᠤᠨ ᠤᠯᠠᠮᠵᠢᠯᠠᠬᠤ ᠪᠡ | ᠬᠥᠭᠵᠢᠭᠦ ᠶᠢ ᠲᠥᠯᠬᠢᠨ ᠠᠬᠢᠭᠤᠯᠵᠤ᠂ ︽ᠢᠨᠲ᠋ᠧᠷ ᠰᠥᠯᠵᠢᠶ᠎ᠡ + ᠡᠮᠴᠢᠯᠡᠭᠡ ᠡᠷᠡᠭᠦᠯ ᠮᠡᠨᠳᠥ︾ ᠶᠢᠨ ᠪᠥᠲᠥᠭᠡᠨ | ᠪᠠᠶᠢᠭᠤᠯᠤᠯᠲᠠ ᠶᠢ ᠲᠥᠷᠭᠡᠳᠬᠡᠨ ᠠᠬᠢᠭᠤᠯᠤᠨ᠎ᠠ᠃ ᠠᠵᠤ ᠥᠢᠯᠡᠰ ᠤᠨ ᠬᠥᠷᠢᠶᠡᠯᠡᠩ ᠤᠨ ᠬᠢᠨ ᠢ ᠢᠳᠡᠪᠬᠢᠲᠡᠢ | ᠳᠡᠮᠵᠢᠵᠤ ᠪᠠᠶᠢᠭᠠᠳ ᠰᠢᠨ᠎ᠡ ᠮᠡᠷᠭᠡᠵᠢᠯ᠂ ᠰᠢᠨ᠎ᠡ ᠥᠷ᠎ᠡ ᠪᠥᠲᠥᠭᠡᠯ ᠤᠨ ᠬᠡᠷᠡᠭᠯᠡᠭᠡᠨ ᠢ ᠥᠷᠨᠢᠭᠦᠯᠥᠨ᠎ᠡ᠃ ᠶᠠᠳᠠᠭᠤ | ᠬᠥᠴᠢᠷᠳᠡᠯᠲᠡᠢ ᠭᠠᠵᠠᠷ ᠤᠷᠤᠨ ᠳᠤ ᠠᠵᠤ ᠥᠢᠯᠠᠰ ᠢᠶᠠᠷ ᠶᠠᠳᠠᠭᠤ ᠶᠢ ᠳᠡᠳᠬᠦᠬᠦ ᠶᠠᠪᠤᠴᠠ ᠳᠤ᠂ ᠢᠨᠲ᠋ᠧᠷ | ᠰᠥᠯᠵᠢᠶ᠎ᠡ ᠶᠢᠨ ᠮᠡᠷᠭᠡᠵᠢᠯ᠂ ᠪᠤᠬᠢᠷᠳᠤᠯ ᠥᠭᠡᠢ᠂ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠠᠵᠤ ᠥᠢᠯᠡᠰ ᠤᠨ | ᠮᠡᠷᠭᠡᠵᠢᠯ ᠢ ᠲᠥᠭᠡᠮᠡᠯᠵᠢᠭᠦᠯᠥᠨ ᠬᠡᠷᠡᠭᠯᠡᠬᠦ ᠶᠢ ᠴᠢᠩᠭᠠᠳᠬᠠᠨ᠂ ᠶᠠᠳᠠᠭᠤ ᠬᠥᠴᠢᠷᠳᠡᠯᠲᠡᠢ ᠭᠠᠵᠠᠷ ᠤᠷᠤᠨ ᠤ ᠬᠤᠰᠢᠭᠤ | ᠰᠢᠶᠠᠨ ᠤ ᠬᠡᠪᠴᠢᠶᠡᠨ ᠳᠠᠬᠢ ᠭᠤᠤᠯ ᠤᠳᠤᠷᠢᠳᠤᠮᠵᠢ ᠪᠤᠯᠬᠤ ᠠᠵᠤ ᠥᠢᠯᠡᠰ ᠤᠨ ᠪᠤᠬᠢᠷᠳᠤᠯ ᠥᠭᠡᠶᠢᠵᠢᠨ᠂ ᠨᠡᠷᠡᠲᠥ | ᠲᠥᠷᠥᠯ ᠲᠡᠮᠳᠡᠭᠴᠢᠯᠡᠨ᠂ ᠪᠥᠯᠥᠭᠯᠡᠨ ᠬᠥᠭᠵᠢᠬᠦ ᠶᠢ ᠠᠬᠢᠭᠤᠯᠤᠨ᠂ ᠠᠵᠤ ᠠᠬᠤᠶᠢᠯᠠᠯ ᠪᠠ ᠶᠠᠳᠠᠭᠤ ᠬᠥᠴᠢᠷᠳᠡᠯᠲᠡᠢ | ᠡᠷᠥᠬᠡ ᠶᠢᠨ ᠠᠰᠢᠭ ᠲᠤᠰᠠ ᠶᠢ ᠬᠤᠯᠪᠤᠯᠳᠤᠭᠤᠯᠬᠤ ᠲᠤᠭᠲᠠᠴᠠ ᠶᠢ ᠲᠡᠭᠦᠯᠳᠡᠷᠵᠢᠭᠦᠯᠵᠤ᠂ ᠶᠠᠳᠠᠭᠤ ᠬᠥᠴᠢᠷᠳᠡᠯᠲᠡᠢ | ᠭᠠᠵᠠᠷ ᠤᠷᠤᠨ ᠤ ᠲᠤᠳᠤᠭᠠᠳᠤ ᠶᠢᠨ ᠬᠥᠳᠡᠯᠭᠡᠬᠦ ᠬᠥᠴᠥᠨ ᠪᠠ ᠦᠷᠭᠦᠯᠵᠢᠯᠡᠬᠦᠶᠢᠴᠡ ᠬᠥᠭᠵᠢᠬᠦ ᠴᠢᠳᠠᠪᠤᠷᠢ ᠶᠢ ᠨᠢ | ᠳᠡᠭᠡᠭᠰᠢᠯᠡᠬᠦᠯᠤᠨ᠎ᠠ᠃ ᠬᠤᠰᠢᠭᠤ ᠰᠢᠶᠠᠨ ︵ᠬᠤᠲᠠ᠂ ᠲᠤᠭᠤᠷᠢᠭ︶ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠤᠨᠴᠠ ᠲᠤᠮᠢᠯᠠᠭᠳᠠᠭᠰᠠᠳ ᠤᠨ ᠠᠵᠢᠯ ᠤᠨ ᠥᠷᠲᠡᠭᠡ ᠪᠠᠶᠢᠭᠤᠯᠬᠤ ᠶᠢ ᠳᠡᠮᠵᠢᠬᠦ ᠪᠠ ᠵᠢᠯᠤᠭᠤᠳᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠤᠨᠴᠠ ᠲᠤᠮᠢᠯᠠᠭᠳᠠᠭᠰᠠᠳ ᠢ ᠵᠤᠬᠢᠶᠠᠨ ᠪᠠᠶᠢᠭᠤᠯᠵᠤ ᠶᠠᠳᠠᠭᠤ ᠬᠥᠴᠢᠷᠳᠡᠯᠲᠡᠢ | ᠭᠠᠵᠠᠷ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ᠂ ᠲᠤᠰᠬᠠᠢ | ᠬᠤᠷᠰᠢᠶᠠᠵᠢᠯ ᠪᠠ ᠮᠠᠯᠴᠢᠨ ᠲᠠᠷᠢᠶᠠᠴᠢᠨ ᠳᠤ ᠮᠡᠷᠭᠡᠵᠢᠯ ᠤᠨ ᠥᠢᠯᠡᠴᠢᠯᠡᠭᠡ ᠬᠠᠩᠭᠠᠨ᠎ᠠ᠃ ᠪᠡᠭᠡᠵᠢᠩ ᠥᠪᠥᠷ | ᠮᠤᠩᠭᠤᠯ ᠤᠨ ᠶᠠᠳᠠᠭᠤ ᠶᠢ ᠳᠡᠳᠬᠦᠨ ᠬᠠᠮᠵᠢᠯᠴᠠᠬᠤ ᠭᠤᠷᠪᠠᠨ ᠵᠢᠯ ᠤᠨ ᠠᠵᠢᠯᠯᠠᠭᠠᠨ ᠤ ᠪᠤᠷᠥ ᠲᠥᠯᠥᠪ ᠤᠨ | ᠵᠥᠪᠯᠡᠯᠴᠡᠭᠡᠷ ᠢ ᠢᠳᠡᠪᠬᠢᠲᠡᠢ ᠨᠠᠶᠢᠳᠠᠪᠤᠷᠢᠵᠢᠭᠤᠯᠤᠨ᠂ ᠴᠢᠳᠠᠪᠤᠷᠢᠲᠠᠨ ᠰᠤᠯᠢᠯᠴᠠᠬᠤ᠂ ᠬᠥᠳᠡᠯᠮᠥᠷᠢ ᠬᠥᠴᠥᠨ ᠢᠶᠠᠷ | ᠬᠠᠮᠵᠢᠯᠴᠠᠬᠤ᠂ ᠠᠵᠤ ᠥᠢᠯᠡᠰ ᠤᠨ ᠬᠠᠮᠲᠤᠷᠠᠨ ᠠᠵᠢᠯᠯᠠᠬᠤ ᠵᠡᠷᠭᠡ ᠲᠠᠯ᠎ᠠ ᠪᠠᠷ ᠬᠢ ᠬᠥᠲᠥᠯᠥᠨ ᠳᠠᠭᠠᠭᠤᠯᠬᠤ | ᠥᠢᠯᠡᠳᠥᠯ ᠢ ᠨᠢ ᠥᠨᠡᠨ ᠬᠦ ᠪᠠᠳᠠᠷᠠᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠤᠷᠳᠤᠨ᠂ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠡ ᠬᠥᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ᠂ ᠶᠠᠳᠠᠭᠤ ᠶᠢ ᠳᠡᠳᠬᠦᠬᠦ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠥ ᠶᠢᠨ ᠵᠥᠪᠯᠡᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ | ᠳᠤᠯᠤᠭ᠎ᠠ᠂ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠪᠠᠨ ᠴᠢᠩᠭᠠᠳᠬᠠᠨ᠂ ᠤᠯᠠᠨ ᠲᠥᠮᠡᠨ ᠤ ᠰᠢᠨᠵᠢᠯᠡᠬᠦ | ᠤᠬᠠᠭᠠᠨ ᠤ ᠮᠡᠳᠡᠯᠭᠡ ᠪᠤᠯᠪᠠᠰᠤᠷᠠᠯ ᠢ ᠳᠡᠭᠡᠭᠰᠢᠯᠡᠭᠦᠯᠥᠨ᠎ᠡ | ᠰᠢᠨᠵᠢᠯᠡᠬᠦ ᠤᠬᠠᠭᠠᠨ ᠤ ᠲᠥᠭᠡᠮᠡᠯᠵᠢᠭᠦᠯᠬᠦ ᠠᠵᠢᠯ ᠢ ᠶᠡᠭᠡ ᠪᠠᠷ ᠴᠢᠬᠤᠯᠠᠴᠢᠯᠠᠨ ᠥᠵᠡᠵᠥ᠂ ᠰᠢᠨᠵᠢᠯᠡᠬᠦ | ᠤᠬᠠᠭᠠᠨ ᠤ ᠲᠥᠭᠡᠮᠡᠯᠵᠢᠭᠦᠯᠬᠦ ᠠᠵᠢᠯ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠯᠦᠭᠡ | ᠠᠳᠠᠯᠢ ᠪᠠᠷ ᠴᠢᠬᠤᠯᠠ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠥᠷᠭᠡᠨ ᠢᠶᠠᠷ | ᠲᠥᠭᠡᠮᠡᠯᠵᠢᠭᠦᠯᠥᠨ᠂ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠥᠵᠡᠯ | ᠰᠠᠨᠠᠭ᠎ᠠ ᠶᠢ ᠤᠬᠠᠭᠤᠯᠤᠨ ᠳᠡᠯᠭᠡᠷᠡᠭᠦᠯᠥᠨ᠂ ᠰᠢᠨᠵᠢᠯᠡᠬᠦ ᠤᠬᠠᠭᠠᠨᠴᠢ ᠠᠷᠭ᠎ᠠ ᠮᠠᠶ᠋ᠢᠭ ᠢ ᠰᠠᠨᠠᠭᠠᠴᠢᠯᠠᠵᠤ᠂ ᠰᠢᠨᠵᠢᠯᠡᠬᠦ | ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠬᠤ᠂ ᠰᠢᠨᠵᠢᠯᠡᠬᠦ | ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠨ᠎ᠠ᠃ ᠮᠠᠯᠵᠢᠬᠤ ᠲᠠᠷᠢᠶᠠᠯᠠᠬᠤ | ᠤᠷᠤᠨ ᠳᠤ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠠᠵᠢᠯ ᠢ ᠥᠷᠨᠢᠭᠦᠯᠬᠦ ᠳᠤ ᠥᠵᠡᠭᠦᠯᠬᠦ ᠬᠤᠰᠢᠭᠤ ᠰᠢᠶᠠᠨ ᠤ | ᠱᠠᠲᠤᠨ ᠤ ᠰᠢᠨᠵᠢᠯᠡᠭᠡᠨ ᠤ ᠨᠠᠶᠢᠭᠡᠮᠯᠢᠭ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠨᠡᠶᠢᠭᠡᠮᠯᠢᠭ᠂ | ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠤᠨᠴᠠᠭᠠᠢ ᠳᠠᠪᠠᠭᠤᠯᠢᠭ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠥᠷ᠎ᠡ ᠪᠥᠲᠥᠭᠡᠯ ᠢ ᠤᠯᠠᠷᠢᠭᠤᠯᠬᠤ ᠶᠢ ᠠᠬᠢᠭᠤᠯᠬᠤ ᠳᠤ ᠥᠵᠡᠭᠦᠯᠬᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮ ᠤᠨ ᠪᠥᠯᠬᠦᠮ ᠤᠨ ᠬᠤᠯᠪᠤᠭᠠᠰᠤ ᠶᠢᠨ ᠥᠢᠯᠡᠳᠥᠯ ᠢ ᠭᠥᠢᠴᠡᠳ ᠪᠠᠳᠠᠷᠠᠭᠤᠯᠤᠨ᠂ ᠡᠯ᠎ᠡ | ᠱᠠᠲᠤᠨ ᠤ ᠰᠢᠨᠵᠢᠯᠡᠭᠡᠨ ᠤ ᠨᠡᠶᠢᠭᠡᠮᠯᠢᠭ ︵ᠨᠡᠶᠢᠭᠡᠮᠯᠢᠭ᠂ ᠰᠤᠳᠤᠯᠬᠤ ᠬᠤᠷᠠᠯ︶ ᠤᠨ ᠤᠶᠤᠨ ᠤ ᠡᠬᠢ ᠪᠠᠶᠠᠯᠢᠭ ᠲᠤ | ᠲᠥᠰᠢᠭᠯᠡᠵᠤ᠂ ᠮᠠᠯᠵᠢᠬᠤ ᠲᠠᠷᠢᠶᠠᠯᠠᠬᠤ ᠤᠷᠤᠨ ᠳᠤ ᠭᠥᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠥᠮᠥᠵᠢᠯ ᠤᠨ ᠪᠤᠯᠪᠠᠰᠤᠷᠠᠭᠤᠯᠤᠯ ᠪᠠ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ | ᠠᠵᠢᠯᠯᠠᠭᠠᠨ ᠢ ᠥᠷᠨᠢᠭᠦᠯᠵᠤ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠤ ᠮᠡᠳᠡᠯᠭᠡ ᠪᠤᠯᠪᠠᠰᠤᠷᠠᠯ ᠢ ᠥᠨᠡᠨ ᠬᠦ | ᠳᠡᠭᠡᠭᠰᠢᠯᠡᠭᠦᠯᠥᠨ᠎ᠡ᠃ ᠨᠥᠬᠦᠴᠡᠯ ᠲᠠᠢ ᠭᠠᠵᠠᠷ ᠤᠷᠤᠨ ᠢ ᠵᠣᠷᠢᠬᠵᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯᠠᠪᠤᠷ ᠤᠷᠳᠤᠨ ᠢ ᠪᠠᠶᠢᠭᠤᠯᠤᠨ᠎ᠠ᠃ ᠡᠯ᠎ᠡ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯᠠᠪᠤᠷ ᠤᠷᠳᠤᠨ ᠤ ᠥᠢᠯᠡᠴᠢᠯᠡᠭᠡᠨ ᠤ ᠴᠢᠳᠠᠪᠤᠷᠢ ᠶᠢ ᠲᠡᠭᠦᠯᠳᠡᠷᠵᠢᠭᠦᠯᠥᠨ᠂ ᠥᠢᠯᠡᠴᠢᠯᠡᠭᠡᠨ ᠤ ᠬᠥᠷᠢᠶ᠎ᠡ | ᠬᠡᠪᠴᠢᠶ᠎ᠡ ᠶᠢ ᠥᠷᠭᠡᠳᠬᠡᠵᠤ᠂ ᠮᠠᠯᠵᠢᠬᠤ ᠲᠠᠷᠢᠶᠠᠯᠠᠬᠤ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠢ ᠲᠤᠭᠲᠠᠮᠠᠯ ᠬᠤᠭᠤᠴᠠᠭ᠎ᠠ ᠲᠠᠢ ᠵᠤᠬᠢᠶᠠᠨ ᠪᠠᠶᠢᠭᠤᠯᠵᠤ ᠡᠯ᠎ᠡ ᠱᠠᠲᠤᠨ ᠤ ᠡᠯ᠎ᠡ ᠲᠥᠷᠥᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯᠠᠪᠤᠷ ᠤᠷᠳᠤᠨ ᠢᠶᠠᠷ ᠪᠡᠶᠡᠴᠢᠯᠡᠨ ᠣᠶᠢᠯᠠᠭᠠᠭᠤᠯᠵᠤ᠂ ᠬᠤᠰᠢᠭᠤ | ᠰᠢᠶᠠᠨ ᠤ ᠬᠡᠪᠴᠢᠶᠡᠨ ᠳᠠᠬᠢ ᠰᠤᠷᠤᠭᠴᠢᠳ ᠤᠨ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠬᠥᠮᠥᠵᠢᠯ ᠤᠨ ᠴᠢᠨᠠᠷ | ᠴᠢᠨᠰᠠᠭ᠎ᠠ ᠶᠢ ᠥᠨᠡᠨ ᠭᠦ ᠳᠡᠭᠡᠭᠰᠢᠯᠡᠭᠦᠯᠥᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ᠂ | ᠥᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ︶ | ᠨᠠᠢᠮᠠ᠂ ᠵᠤᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠂ ᠪᠠᠲᠤᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠥᠨ᠎ᠡ | ᠡᠯ᠎ᠡ ᠭᠠᠵᠠᠷ ᠤᠷᠤᠨ ᠨᠢ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠭᠰᠠᠨ ᠬᠥᠭᠵᠢᠯᠲᠡ ᠶᠢᠨ ᠭᠤᠤᠯ ᠴᠤᠭᠴᠠ ᠪᠠᠶᠢᠵᠤ᠂ ᠰᠢᠨ᠎ᠡ ᠶᠢ ᠡᠭᠦᠳᠬᠦ ᠪᠤᠯ ᠬᠥᠭᠵᠢᠯᠲᠡ ᠶᠢ ᠬᠥᠲᠥᠯᠥᠨ | ᠳᠠᠭᠠᠭᠤᠯᠬᠤ ᠶᠢᠨ ᠨᠢᠭᠡᠳᠥᠭᠡᠷ ᠬᠥᠳᠡᠯᠭᠡᠭᠴᠢ ᠬᠥᠴᠥᠨ ᠪᠤᠯᠬᠤ ᠶᠢ ᠪᠠᠷᠢᠮᠲᠠᠯᠠᠨ᠂ ᠰᠢᠨ᠎ᠡ ᠡᠭᠦᠳᠥᠯᠲᠡ ᠲᠠᠢ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ | ᠥᠢᠯᠡᠴᠢᠯᠡᠭᠡᠨ ᠤ ᠴᠢᠳᠠᠪᠤᠷᠢ ᠪᠡ ᠬᠢᠷᠢ ᠲᠥᠪᠰᠢᠨ ᠢᠶᠠᠨ ᠲᠠᠰᠤᠷᠠᠯᠲᠠ ᠥᠭᠡᠢ ᠳᠡᠭᠡᠭᠰᠢᠯᠡᠬᠦᠯᠭᠦ ᠭᠡᠷᠡᠭᠲᠡᠢ᠃ ᠡᠯ᠎ᠡ | ᠬᠠᠮᠢᠶ᠎ᠠ ᠪᠥᠬᠦᠢ ᠰᠠᠯᠠᠭ᠎ᠠ ᠮᠥᠴᠢᠷ ᠨᠢ ᠠᠵᠢᠯ ᠲᠥᠷᠥᠯ ᠤᠨ ᠰᠠᠯᠠᠭ᠎ᠠ ᠮᠥᠴᠢᠷ ᠤᠨ ᠡᠬᠢ ᠪᠠᠶᠠᠯᠢᠭ ᠤᠨ | ᠳᠠᠪᠠᠭᠤᠯᠢᠭ ᠢᠶᠠᠨ ᠬᠤᠷᠠᠮᠳᠤᠭᠤᠯᠵᠤ᠂ ᠠᠵᠢᠯ ᠤᠨ ᠨᠡᠶᠢᠯᠡᠮᠡᠯ ᠬᠥᠴᠥᠨ ᠢ ᠪᠤᠢ ᠪᠤᠯᠭᠠᠨ᠂ ᠬᠤᠰᠢᠭᠤ ᠰᠢᠶᠠᠨ ᠤ | ᠬᠡᠪᠴᠢᠶᠡᠨ ᠳᠠᠬᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠭᠰᠠᠨ ᠬᠥᠭᠵᠢᠯᠲᠡ ᠶᠢ ᠲᠠᠰᠤᠷᠠᠯᠲᠠ ᠥᠭᠡᠢ | ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠠᠯ᠎ᠠ ᠪᠠᠷ ᠬᠢ ᠡᠳ᠋ ᠤᠨ ᠵᠠᠰᠠᠭ ᠤᠨ ᠤᠷᠤᠭᠤᠯᠤᠯᠲᠠ ᠪᠠᠨ ᠴᠠᠭ ᠲᠤᠬᠠᠢ ᠳᠤ ᠨᠢ ᠭᠥᠢᠴᠡᠳ | ᠲᠤᠭ᠎ᠠ ᠪᠠᠷ ᠰᠠᠯᠭᠠᠨ ᠥᠭᠴᠥ ᠪᠤᠳᠠᠳᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠷᠤᠨ ᠨᠢ ᠪᠤᠲᠠᠲᠠᠢ | ᠨᠠᠶᠢᠳᠠᠪᠤᠷᠢᠵᠢᠭᠤᠯᠬᠤ ᠲᠥᠷᠥ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠲᠠᠭᠠᠨ ᠨᠡᠶᠢᠲᠡᠯᠡᠵᠤ᠂ ᠬᠤᠰᠢᠭᠤ | ᠰᠢᠶᠠᠨ ᠤ ᠬᠡᠪᠴᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭᠠᠨ | ᠥᠷᠨᠢᠭᠦᠯᠬᠦ ᠶᠢ ᠳᠡᠮᠵᠢᠵᠤ᠂ ᠵᠤᠬᠢᠬᠤ ᠬᠠᠷᠢᠴᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠲᠥᠷᠥᠯ | ᠵᠥᠢᠯ᠂ ᠵᠤᠬᠢᠬᠤ ᠲᠤᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠ | ᠠᠴᠢᠶᠠᠯᠠᠪᠤᠷᠢ ᠶᠢᠨ ᠬᠤᠰᠢᠭᠤ ᠰᠢᠶᠠᠨ ᠤ ᠬᠡᠪᠴᠢᠶᠡᠨ ᠳᠤ ᠪᠠᠶᠢᠭᠤᠯᠤᠭᠳᠠᠬᠤ ᠶᠢ ᠪᠠᠲᠤᠯᠠᠬᠤ ᠬᠡᠷᠡᠭᠲᠡᠢ᠃ ᠡᠯ᠎ᠡ | ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠨᠢ ᠤᠬᠠᠭᠤᠯᠵᠤ ᠵᠢᠯᠤᠭᠤᠳᠬᠤ ᠪᠠᠨ ᠴᠢᠩᠭᠠᠳᠬᠠᠨ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠰᠥᠢᠳᠬᠡᠯ ᠤᠨ ᠭᠠᠶᠢᠯᠢ ᠶᠢᠨ ᠡᠮᠥᠨ᠎ᠠ ᠨᠡᠮᠡᠨ ᠪᠤᠳᠤᠵᠤ ᠰᠠᠭᠤᠯᠭᠠᠨ ᠠᠪᠬᠤ᠂ | ᠳᠡᠭᠡᠳᠥ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠤᠯᠵᠠᠪᠤᠷᠢ ᠶᠢᠨ ᠭᠠᠶᠢᠯᠢ ᠳᠤ ᠬᠠᠷᠠᠭᠠᠯᠵᠠᠯ ᠥᠵᠡᠭᠦᠯᠬᠦ ᠵᠡᠷᠭᠡ | ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠶᠡᠭᠡ ᠪᠠᠷ ᠲᠥᠯᠬᠢᠨ ᠠᠬᠢᠭᠤᠯᠬᠤ ᠬᠡᠷᠡᠭᠲᠡᠢ᠃ ᠤᠯᠤᠰ ᠤᠨ | ᠳᠡᠰ ᠤᠨ ᠰᠢᠨ᠎ᠡ ᠶᠢ ᠡᠭᠦᠳᠬᠦ ᠬᠡᠯᠪᠡᠷᠢ ᠪᠥᠬᠦᠢ ᠰᠢᠶᠠᠨ ︵ᠬᠤᠲᠠ︶ ᠤ ᠪᠥᠲᠥᠭᠡᠨ ᠪᠠᠶᠢᠭᠤᠯᠤᠯᠲᠠ ᠶᠢᠨ ᠠᠵᠢᠯ ᠢ | ᠢᠳᠡᠪᠬᠢᠲᠡᠢ ᠠᠬᠢᠭᠤᠯᠤᠨ᠂ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠴᠢᠳᠠᠪᠤᠷᠢ ᠶᠢ ᠬᠢᠨᠠᠨ | ᠰᠢᠨᠵᠢᠬᠦ ᠪᠡ ᠥᠨᠡᠯᠡᠬᠦ ᠶᠢ ᠢᠳᠡᠪᠬᠢᠲᠡᠢ ᠥᠷᠨᠢᠭᠦᠯᠵᠤ᠂ ᠲᠤᠷᠰᠢᠯᠭ᠎ᠠ ᠪᠠᠨ ᠤᠬᠠᠭᠤᠯᠤᠨ᠂ ᠵᠥᠷᠢᠶ᠎ᠡ ᠪᠠᠨ ᠡᠷᠢᠨ | ᠭᠠᠷᠭᠠᠵᠤ᠂ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠴᠢᠳᠠᠪᠤᠷᠢ ᠶᠢᠨ ᠪᠥᠬᠦᠯᠢ ᠴᠤᠭᠴᠠ ᠪᠠᠷ | ᠳᠡᠭᠡᠭᠰᠢᠯᠡᠬᠦᠯᠬᠦ ᠶᠢ ᠪᠥᠲᠥᠮᠵᠢᠲᠡᠢ ᠠᠬᠢᠭᠤᠯᠤᠨ᠂ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠤᠯᠭᠠᠭᠰᠠᠨ ᠬᠥᠭᠵᠢᠯᠲᠡ ᠶᠢ ᠪᠥᠬᠦ ᠨᠠᠶᠢᠭᠡᠮ ᠢᠶᠠᠷ ᠢᠶᠠᠨ ᠳᠡᠮᠵᠢᠬᠦ ᠰᠠᠶᠢᠨ ᠰᠠᠶᠢᠬᠠᠨ ᠪᠠᠶᠢᠳᠠᠯ ᠢ | ᠴᠢᠷᠮᠠᠶᠢᠨ ᠪᠥᠷᠢᠯᠳᠥᠭᠦᠯᠥᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ᠂ | ᠥᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠲᠤᠭ᠎ᠠ ᠪᠥᠷᠢᠳᠬᠡᠯ ᠤᠨ ᠲᠤᠪᠴᠢᠶ᠎ᠠ᠂ ᠥᠪᠥᠷ ᠮᠤᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ︶ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |