ᠮᠠᠨ ᠤ ᠣᠷᠣᠨ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠢᠯᠣᠭᠤᠳᠬᠤ ᠰᠠᠨᠠᠯ ᠨᠡᠶᠢᠲᠡᠯᠡᠵᠦ ᠳᠤᠮᠳᠠᠳᠤ ᠪᠠᠭ᠎ᠠ ᠰᠤᠷᠭᠠᠭᠤᠯᠢ ᠵᠠᠷᠴᠢᠮ ᠳᠡᠭᠡᠷ᠎ᠡ ᠪᠠᠨ ᠰᠤᠷᠤᠯᠭ᠎ᠠ ᠶᠢᠨ ᠵᠢᠯ ᠪᠦᠷᠢ ᠳᠤ ᠨᠢᠭᠡ ᠠᠴᠠ ᠬᠤᠶᠠᠷ ᠤᠳᠠᠭ᠎ᠠ ᠰᠤᠳᠤᠯᠤᠨ ᠰᠤᠷᠤᠯᠴᠠᠬᠤ ᠵᠢᠭᠤᠯᠴᠢᠯᠠᠯ ᠢ ᠲᠣᠬᠢᠷᠠᠭᠤᠯᠬᠤ ᠪᠠᠷ ᠪᠣᠯᠪᠠ
ᠨᠡᠶᠢᠲᠡᠯᠡᠭᠰᠡᠨ ᠴᠠᠭ᠄
2019/5/27
    ᠥᠨᠥᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ 10 ᠰᠠᠯᠠᠭ᠎ᠠ ᠮᠥᠴᠢᠷ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯ ᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾᠎ ᠢ ᠲᠣᠭᠲᠠᠭᠠᠪᠠ᠃ ᠡᠨᠡ ᠵᠢᠯ ᠠᠴᠠ ᠡᠬᠢᠯᠡᠨ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠵᠠᠷᠴᠢᠮ ᠳᠡᠭᠡᠷ᠎ᠡ ᠪᠠᠨ ᠰᠤᠷᠤᠯᠭ᠎ᠠ ᠶᠢᠨ ᠵᠢᠯ ᠪᠦᠷᠢ ᠳᠤ 1᠎ ᠠᠴᠠ 2 ᠤᠳᠠᠭ᠎ᠠ ᠰᠤᠳᠤᠯᠤᠨ ᠰᠤᠷᠤᠯᠴᠠᠬᠤ ᠵᠢᠭᠤᠯᠴᠢᠯᠠᠯ ᠲᠣᠬᠢᠷᠠᠭᠤᠯᠬᠤ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠦᠨᠡᠯᠡᠯᠲᠡ ᠶᠢᠨ ᠦᠷ᠎ᠡ ᠳ᠋ᠦᠩ ᠢ ᠠᠯᠬᠤᠮ ᠠᠯᠬᠤᠮ ᠢᠶᠠᠷ ᠰᠤᠷᠤᠭᠴᠢᠳ ᠤᠨ ᠰᠤᠷᠤᠯᠭ᠎ᠠ ᠶᠢᠨ ᠬᠤᠪᠢ ᠶᠢᠨ ᠬᠠᠮᠢᠶᠠᠷᠤᠯᠲᠠ ᠶᠢᠨ ᠰᠢᠰᠲ᠋ᠧᠮᠵᠢ ᠪᠠ ᠰᠤᠷᠤᠭᠴᠢᠳ ᠤᠨ ᠶᠡᠷᠦᠩᠬᠡᠶ ᠬᠡᠪ ᠴᠢᠨᠠᠷ ᠤᠨ ᠦᠨᠡᠯᠡᠯᠲᠡ ᠶᠢᠨ  ᠰᠢᠰᠲ᠋ᠧᠮᠵᠢ ᠳᠤ ᠣᠷᠣᠭᠤᠯᠬᠤ ᠪᠠᠷ ᠪᠣᠯᠵᠠᠢ᠃    ᠰᠠᠨᠠᠯ ᠳᠤ ᠱᠠᠭᠠᠷᠳᠠᠭᠰᠠᠨ ᠨᠢ᠂ ᠰᠤᠳᠤᠯᠤᠨ ᠰᠤᠷᠤᠯᠴᠠᠬᠤ ᠵᠢᠭᠤᠯᠴᠢᠯᠠᠯ ᠳᠤ ᠡᠷᠬᠡᠪᠰᠢ ᠰᠤᠷᠭᠠᠨ ᠬᠥᠮᠦᠵᠢᠯ ᠎ ᠤᠨ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠠᠮᠤᠷ ᠲᠦᠪᠰᠢᠨ ᠤ ᠴᠢᠨᠠᠷᠲᠠᠢ᠂ ᠦᠢᠯᠡᠳᠦᠯᠭᠡ ᠶᠢᠨ ᠴᠢᠨᠠᠷᠲᠠᠢ ᠳᠥᠷᠪᠡᠨ ᠵᠠᠷᠴᠢᠮ ᠢ ᠵᠢᠷᠤᠮᠯᠠᠵᠤ᠂ ᠬᠢᠴᠢᠶᠡᠯ ᠨᠢ ᠰᠤᠷᠭᠠᠨ ᠬᠥᠮᠦᠵᠢᠯ ᠤᠨ ᠭᠤᠣᠯᠳᠠᠯᠭ᠎ᠠ ᠶᠢ ᠢᠯᠡᠷᠡᠭᠦᠯᠦᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ ᠤᠳᠤᠷᠢᠳᠤᠮᠵᠢ ᠪᠣᠯᠭᠠᠵᠤ᠂ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠪᠠᠶᠢᠭᠤᠯᠤᠮᠵᠢ ᠪᠠᠷ ᠲᠦᠰᠢᠭ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠣᠨᠴᠠᠯᠢᠭ ᠲᠠᠢ ᠤᠯᠠᠨ ᠲᠥᠷᠥᠯ ᠤᠨ ᠠᠵᠢᠯᠯᠠᠭ᠎ᠠ ᠶᠢᠨ ᠬᠢᠴᠢᠶᠡᠯ ᠢ ᠨᠡᠭᠡᠭᠡᠨ ᠬᠥᠭᠵᠢᠭᠦᠯᠬᠦ ᠬᠡᠷᠡᠭᠲᠡᠢ᠃ ᠠᠮᠤᠷ ᠲᠦᠪᠰᠢᠨ ᠪᠥᠭᠡᠳ ᠲᠣᠬᠢᠷᠠᠮᠵᠢᠲᠠᠶ ᠨᠢᠭᠡ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠶᠯᠡᠳᠦᠯᠭᠡ ᠶᠢᠨ ᠰᠠᠭᠤᠷᠢᠨ ᠭᠠᠵᠠᠷ ︵ᠬᠤᠸᠠᠷᠠᠨ︶᠎ ᠢ ᠰᠣᠩᠭᠤᠨ ᠪᠠᠶᠢᠭᠤᠯᠵᠤ᠂ ᠨᠢᠭᠡ ᠪᠦᠯᠦᠭ ᠭᠤᠤᠯ ᠰᠡᠳᠦᠪ ᠲᠥᠪᠯᠡᠷᠡᠭᠰᠡᠨ᠂ ᠵᠠᠮ ᠬᠠᠷᠢᠯᠴᠠᠭ᠎ᠠ ᠳᠥᠭᠦᠮ ᠳᠥᠲᠡ᠂ ᠪᠡᠶᠡᠴᠢ ᠣᠶᠢᠯᠠᠭᠠᠯᠲᠠ ᠪᠠᠷ ᠪᠠᠶᠠᠯᠢᠭ ᠡᠷᠳᠡᠮ ᠰᠢᠨᠵᠢᠯᠡᠭᠡᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠭᠡᠭᠡᠬᠦ ᠬᠡᠷᠡᠭᠲᠡᠢ᠃ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠶᠢᠨ ᠬᠢᠴᠢᠶᠡᠯ ᠢ ᠨᠠᠷᠢᠨ ᠨᠢᠮᠪᠠᠢ ᠵᠢᠷᠤᠭᠯᠠᠨ ᠲᠥᠯᠥᠪᠯᠡᠵᠦ᠂ ᠰᠤᠷᠭᠠᠨ ᠬᠥᠮᠥᠵᠢᠯᠲᠦ ᠴᠢᠨᠠᠷ᠂ ᠦᠢᠯᠡᠳᠦᠯᠭᠡᠲᠦ ᠴᠢᠨᠠᠷ᠂ ᠰᠣᠨᠢᠷᠬᠠᠯᠲᠤ ᠴᠢᠨᠠᠷ ᠢ ᠣᠷᠭᠠᠨᠢᠭ ᠨᠢᠭᠡᠳᠦᠭᠦᠯᠬᠦ ᠶᠢ ᠴᠢᠬᠤᠯᠠᠴᠢᠯᠠᠨ᠂  ︽ᠵᠢᠭᠤᠯᠴᠢᠯᠠᠯ ᠢ ᠴᠢᠬᠤᠯᠠᠴᠢᠯᠠᠵᠤ᠂ ᠰᠤᠳᠤᠯᠤᠨ ᠰᠤᠷᠤᠯᠴᠠᠬᠤ ᠶᠢ ᠬᠥᠩᠭᠡᠪᠴᠢᠯᠡᠬᠦ 》ᠬᠡᠯᠪᠡᠷᠢᠯ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃    ᠰᠠᠨᠠᠯ ᠳᠤ ᠳᠤᠷᠠᠳᠤᠭᠰᠠᠨ ᠨᠢ᠂ ᠬᠢᠴᠢᠶᠡᠯ ᠤᠨ ᠴᠠᠭ ᠤᠨ ᠲᠣᠬᠢᠷᠠᠭᠤᠯᠤᠯᠲᠠ ᠶᠢᠨ ᠲᠠᠯ᠎ᠠ ᠪᠠᠷ᠂ ᠰᠤᠷᠭᠠᠭᠤᠯᠢ ᠎ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠯᠥᠪᠯᠡᠭᠡ ᠪᠠᠨ ᠦᠨᠳᠦᠰᠦᠯᠡᠨ᠂ ᠬᠡᠪ ᠤᠨ ᠬᠢᠴᠢᠶᠡᠯᠯᠡᠬᠦ ᠴᠠᠭ ᠲᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠴᠠᠭ ᠢ ᠠᠮᠢᠳᠤᠯᠢᠭ ᠢᠶᠠᠷ ᠲᠣᠬᠢᠷᠠᠭᠤᠯᠵᠤ ᠪᠣᠯᠤᠨ᠎ᠠ᠃ ᠡᠩ ᠎ ᠤᠨ ᠪᠠᠶᠢᠳᠠᠯ ᠳᠤ ᠪᠠᠭ᠎ᠠ ᠰᠤᠷᠭᠠᠭᠤᠯᠢ ᠶᠢᠨ 4᠎ ᠠᠴᠠ 6 ᠳ᠋ᠤᠭᠠᠷ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 7᠎ ᠠᠴᠠ 8 ᠳ᠋ᠤᠭᠠᠷ ᠣᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 1᠎ ᠠᠴᠠ 2 ᠳ᠋ᠤᠭᠠᠷ ᠣᠨ ᠳᠤ᠂ ᠵᠠᠷᠴᠢᠮ ᠳᠡᠭᠡᠷ᠎ᠡ ᠪᠠᠨ ᠰᠤᠷᠤᠯᠭ᠎ᠠ ᠶᠢᠨ ᠵᠢᠯ ᠪᠦᠷᠢ ᠳᠤ 1᠎ ᠠᠴᠠ 2 ᠤᠳᠠᠭ᠎ᠠ ᠰᠤᠳᠤᠯᠤᠨ ᠰᠤᠷᠤᠯᠴᠠᠬᠤ ᠵᠢᠭᠤᠯᠴᠢᠯᠠᠯ ᠢ ᠵᠣᠬᠢᠶᠠᠨ ᠪᠠᠶᠢᠭᠤᠯᠤᠨ᠎ᠠ᠃ ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ ᠶᠢᠨ ᠲᠠᠯ᠎ᠠ ᠪᠠᠷ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠎ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠠᠳᠠᠯᠢ ᠪᠤᠰᠤ ᠣᠨᠴᠠᠯᠢᠭ ᠪᠠ ᠣᠶᠢᠷᠠᠯᠴᠠᠭ᠎ᠠ ᠪᠠᠶᠢᠬᠤ ᠵᠠᠷᠴᠢᠮ ᠢ ᠦᠨᠳᠦᠰᠦᠯᠡᠨ᠂ ᠠᠳᠠᠯᠢ ᠪᠤᠰᠤ ᠰᠤᠳᠤᠯᠤᠨ ᠰᠤᠷᠤᠯᠴᠠᠬᠤ ᠬᠠᠷᠠᠯᠲᠠ ᠪᠣᠯᠣᠨ ᠠᠵᠢᠯᠯᠠᠭᠠᠨ ᠤ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠡᠩ ᠤᠨ ᠪᠠᠶᠢᠳᠠᠯ ᠳᠣᠤᠷ᠎ᠠ ᠪᠠᠭ᠎ᠠ ᠰᠤᠷᠭᠠᠭᠤᠯᠢ ᠨᠢ ᠲᠤᠰ ᠬᠤᠰᠢᠭᠤ ᠰᠢᠶᠠᠨ ᠤ ᠣᠷᠣᠨ ᠪᠦᠰᠡ ᠶᠢᠨ ᠳᠣᠲᠣᠷ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠲᠤᠰ ᠠᠶᠢᠮᠠᠭ ᠬᠤᠲᠠ ᠶᠢᠨ ᠣᠷᠣᠨ ᠪᠦᠰᠡ ᠶᠢᠨ ᠳᠣᠲᠣᠷ᠎ᠠ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠲᠣᠬᠢᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠬᠦ ᠶᠢ ᠪᠣᠳᠣᠯᠬᠢᠯᠠᠵᠤ ᠪᠣᠯᠤᠨ᠎ᠠ᠃ ᠪᠠᠭᠰᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ᠨᠢᠭᠡ ᠪᠦᠯᠦᠭ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠲᠤᠰᠬᠠᠶ ᠮᠡᠷᠭᠡᠵᠢᠯ ᠤᠨ ᠬᠥᠮᠦᠰ ᠢ ᠲᠥᠯᠥᠪᠯᠡᠭᠡ ᠲᠠᠢ ᠪᠠᠷ ᠬᠥᠮᠦᠵᠢᠭᠦᠯᠵᠦ᠂ ᠪᠣᠯᠪᠠᠰᠤᠷᠠᠭᠤᠯᠤᠯ ᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠪᠣᠯᠪᠠᠰᠤᠷᠠᠭᠤᠯᠤᠯ ᠤᠨ ᠰᠢᠰᠲ᠋ᠧᠮᠵᠢ ᠳᠤ ᠣᠷᠣᠭᠤᠯᠵᠤ᠂ ᠰᠤᠷᠭᠠᠭᠤᠯᠢ ᠶᠢᠨ ᠪᠠᠭᠰᠢ ᠨᠠᠷ ᠤᠨ ᠵᠣᠬᠢᠶᠠᠨ ᠪᠠᠶᠢᠭᠤᠯᠤᠭᠰᠠᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠶᠢ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠵᠢᠯ ᠤᠨ ᠨᠣᠷᠮ᠎ᠠ ᠳᠤ ᠪᠣᠳᠣᠵᠤ ᠣᠷᠣᠭᠤᠯᠬᠤ ᠶᠢ ᠱᠠᠭᠠᠷᠳᠠᠨ᠎ᠠ᠃ ᠵᠠᠷᠤᠳᠠᠯ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠡᠯ᠎ᠡ ᠭᠠᠵᠠᠷ ᠤᠨ ᠬᠢᠨ ᠣᠯᠠᠨ ᠵᠦᠶᠯ ᠤᠨ ᠬᠡᠯᠪᠡᠷᠢ ᠮᠠᠶ᠋ᠢᠭ᠂ ᠣᠯᠠᠨ ᠵᠦᠶᠯ ᠤᠨ ᠠᠷᠭ᠎ᠠ ᠵᠠᠮ ᠢᠶᠠᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠷᠤᠳᠠᠯ ᠢ ᠴᠤᠭᠯᠠᠭᠤᠯᠵᠤ᠂ ᠨᠡᠶᠢᠭᠡᠮ ᠤᠨ ᠬᠠᠨᠳᠢᠪᠯᠠᠯ᠂ ᠨᠡᠶᠢᠲᠡ ᠶᠢᠨ ᠠᠰᠠᠷᠠᠮᠵᠢ ᠎ ᠶᠢᠨ ᠴᠢᠨᠠᠷᠲᠠᠶ ᠠᠵᠢᠯᠯᠠᠭ᠎ᠠ ᠵᠡᠷᠭᠡ ᠬᠡᠯᠪᠡᠷᠢ ᠪᠠᠷ ᠳᠠᠮᠵᠢᠭᠤᠯᠤᠨ ᠰᠤᠳᠤᠯᠤᠨ ᠰᠤᠷᠤᠯᠴᠠᠬᠤ ᠵᠢᠭᠤᠯᠴᠢᠯᠠᠯ ᠢ ᠳᠠᠮᠵᠢᠨ ᠥᠷᠨᠢᠭᠦᠯᠬᠦ ᠶᠢ ᠵᠣᠷᠢᠭᠵᠢᠭᠤᠯᠵᠤ᠂ ᠵᠠᠰᠠᠭ ᠤᠨ ᠣᠷᠳᠣᠨ᠂ ᠨᠡᠶᠢᠭᠡᠮ᠂ ᠰᠤᠷᠭᠠᠭᠤᠯᠢ᠂ ᠭᠡᠷ ᠪᠦᠯᠢ ᠶᠢᠨ ᠬᠠᠮᠲᠤ ᠪᠠᠷ ᠡᠭᠦᠷᠭᠡᠯᠡᠬᠦ ᠣᠯᠠᠨ ᠡᠰᠢᠲᠦ ᠵᠠᠷᠤᠳᠠᠯ ᠴᠤᠭᠯᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠪᠣᠯᠤᠨ᠎ᠠ ᠭᠡᠵᠡᠢ᠃ ᠡᠭᠦᠨ ᠤ ᠬᠠᠮᠲᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠦᠢᠳᠬᠡᠯ ᠬᠤᠷᠢᠶᠠᠬᠤ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠂ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠪᠠᠶᠢᠭᠤᠯᠤᠮᠵᠢ ᠪᠣᠯᠣᠨ ᠰᠤᠷᠭᠠᠭᠤᠯᠢ ᠨᠢ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠨᠡᠷ᠎ᠡ ᠪᠠᠷ ᠬᠤᠳᠠᠯᠳᠤᠭᠠᠨ ᠤ ᠡᠵᠡᠩᠨᠡᠯᠲᠡ ᠶᠢᠨ ᠴᠢᠨᠠᠷᠲᠠᠶ ᠠᠵᠢᠯᠯᠠᠭ᠎ᠠ ᠥᠷᠨᠢᠭᠦᠯᠵᠦ ᠪᠣᠯᠬᠤ ᠥᠬᠡᠶ ᠭᠡᠵᠦ ᠴᠢᠬᠤᠯᠠᠴᠢᠯᠠᠪᠠ᠃    ᠰᠠᠨᠠᠯ ᠳᠤ ᠪᠠᠰᠠ ᠳᠤᠷᠠᠳᠤᠭᠰᠠᠨ ᠨᠢ᠂ ᠰᠤᠳᠤᠯᠤᠨ ᠰᠤᠷᠤᠯᠴᠠᠭᠰᠠᠨ ᠵᠢᠭᠤᠯᠴᠢᠯᠠᠯ ᠤᠨ ᠦᠨᠡᠯᠡᠯᠲᠡ ᠶᠢᠨ ᠦᠷ᠎ᠡ ᠳ᠋ᠦᠩ ᠢ ᠠᠯᠬᠤᠮ ᠠᠯᠬᠤᠮ ᠢᠶᠠᠷ ᠰᠤᠷᠤᠭᠴᠢᠳ ᠤᠨ ᠰᠤᠷᠤᠯᠭ᠎ᠠ ᠶᠢᠨ ᠬᠤᠪᠢ ᠶᠢᠨ ᠬᠠᠮᠢᠶᠠᠷᠤᠯᠲᠠ ᠶᠢᠨ ᠰᠢᠰᠲ᠋ᠧᠮᠵᠢ ᠪᠠ ᠰᠤᠷᠤᠭᠴᠢᠳ ᠤᠨ ᠶᠡᠷᠦᠩᠬᠡᠶ ᠬᠡᠪ ᠴᠢᠨᠠᠷ ᠤᠨ ᠦᠨᠡᠯᠡᠯᠲᠡ ᠶᠢᠨ ᠰᠢᠰᠲ᠋ᠧᠮᠵᠢ ᠳᠤ ᠣᠷᠣᠭᠤᠯᠤᠨ᠎ᠠ᠃ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠶᠢᠨ ᠠᠭᠤᠯᠤᠭᠳᠠᠬᠤᠨ ᠤ ᠬᠥᠭᠵᠢᠯᠲᠡ ᠶᠢ ᠴᠢᠬᠤᠯᠠᠴᠢᠯᠠᠵᠤ᠂ ᠰᠤᠳᠤᠯᠤᠨ ᠰᠤᠷᠤᠯᠴᠠᠬᠤ ᠠᠰᠠᠭᠤᠳᠠᠯ ᠪᠠ ᠦᠷ᠎ᠡ ᠪᠦᠲᠦᠭᠡᠯ ᠢ ᠡᠮᠬᠢᠯᠡᠨ ᠴᠢᠨᠠᠷᠵᠢᠭᠤᠯᠵᠤ᠂ ᠣᠯᠠᠨ ᠵᠦᠶᠯ ᠤᠨ ᠬᠡᠯᠪᠡᠷᠢ ᠪᠠᠷ ᠬᠠᠷᠢᠭᠤ ᠮᠡᠳᠡᠭᠦᠯᠵᠦ ᠳᠡᠯᠭᠡᠨ ᠦᠵᠡᠭᠦᠯᠵᠦ᠂ ᠠᠯᠢ ᠣᠯᠠᠨ ᠵᠠᠯᠭᠠᠮᠵᠢ ᠠᠵᠢᠯᠯᠠᠭ᠎ᠠ ᠪᠠᠷ ᠳᠠᠮᠵᠢᠭᠤᠯᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号