ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠶᠢᠨ ᠳᠦᠯᠦᠪᠵᠢᠬᠦᠯᠬᠡ ᠶᠢᠨ ᠳᠤᠰᠬᠠᠢ ᠮᠡᠷᠬᠡᠵᠢᠯᠳᠡᠨ ᠤ ᠵᠦᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠵᠢᠴᠢ ︽ᠠᠷᠪᠠᠨ ᠳᠦᠷᠪᠡᠳᠤᠬᠡᠷ ᠳᠠᠪᠤᠨ ᠵᠢᠯ︾᠎ ᠤᠨ ᠡᠮᠣᠨᠡᠬᠢ ᠬᠤᠭᠤᠴᠠᠭᠠᠨ ᠤ ᠴᠢᠬᠤᠯᠠ ᠶᠡᠭᠡ ᠠᠰᠠᠭᠤᠳᠠᠯ ᠢ ᠰᠣᠳᠣᠯᠣᠨ ᠶᠠᠷᠢᠯᠴᠠᠬᠤ ᠬᠤᠷᠠᠯ ᠪᠡᠬᠡᠵᠢᠩ ᠳᠤ ᠬᠤᠷᠠᠯᠳᠣᠪᠠ
ᠨᠡᠶᠢᠲᠡᠯᠡᠭᠰᠡᠨ ᠴᠠᠭ᠄
2019/5/27
     5 ᠳ᠋ᠣᠭᠠᠷ ᠰᠠᠷ᠎ᠠ ᠶᠢᠨ 24᠎ ᠤ ᠡᠳᠣᠷ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠶᠢᠨ ᠳᠦᠯᠦᠪᠵᠢᠬᠦᠯᠬᠡ ᠶᠢᠨ ᠳᠤᠰᠬᠠᠢ ᠮᠡᠷᠬᠡᠵᠢᠯᠳᠡᠨ ᠤ ᠵᠦᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠵᠢᠴᠢ ︽ᠠᠷᠪᠠᠨ ᠳᠦᠷᠪᠡᠳᠤᠬᠡᠷ ᠳᠠᠪᠤᠨ ᠵᠢᠯ︾᠎ ᠤᠨ ᠡᠮᠤᠨᠡᠬᠢ ᠬᠤᠭᠤᠴᠠᠭᠠᠨ ᠤ ᠴᠢᠬᠤᠯᠠ ᠶᠡᠭᠡ ᠠᠰᠠᠭᠤᠳᠠᠯ ᠢ ᠰᠤᠳᠤᠯᠤᠨ ᠶᠠᠷᠢᠯᠴᠠᠬᠤ ᠬᠤᠷᠠᠯ ᠪᠡᠬᠡᠵᠢᠩ ᠳᠤ ᠬᠤᠷᠠᠯᠳᠤᠵᠥ᠂ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠵᠥ ᠠᠬᠤᠢ ᠶᠢᠨ ᠵᠦᠪᠯᠡᠯ ᠤᠨ ᠳᠡᠳ᠋ ᠡᠷᠬᠢᠯᠡᠭᠴᠢ ᠶᠠᠩ ᠸᠧᠢ ᠮᠢᠨ᠂ ᠳᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠼᠠᠢ ᠹᠠᠩ ᠵᠡᠷᠬᠡ ᠳᠤᠰᠬᠠᠢ ᠮᠡᠷᠬᠡᠵᠢᠯᠳᠡᠨ ᠤ ᠵᠦᠪᠯᠡᠯ ᠤᠨ ᠪᠦᠷᠢᠯᠳᠦᠬᠦᠨ ᠤᠷᠤᠯᠴᠠᠬᠰᠠᠨ ᠪᠦᠬᠡᠳ ᠬᠦᠨᠵᠡᠬᠡᠢ ᠰᠤᠳᠤᠯᠤᠨ ᠶᠠᠷᠢᠯᠴᠠᠵᠥ᠂ ᠠᠯᠢ ᠤᠯᠠᠨ ᠴᠢᠬᠤᠯᠠ ᠯᠠᠪᠯᠠᠯᠳᠠ ᠶᠢᠨ ᠦᠷᠳᠡᠭ ᠲᠠᠢ ᠰᠠᠨᠠᠯ ᠰᠠᠨᠠᠭᠤᠯᠭ᠎ᠠ ᠳᠤᠷᠠᠳᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠤᠸᠠᠢ ᠵᠢᠶᠦ᠋ᠨ ᠰᠤᠳᠤᠯᠤᠨ ᠶᠠᠷᠢᠯᠴᠠᠬᠤ ᠬᠤᠷᠠᠯ ᠳᠤ ᠤᠷᠤᠯᠴᠠᠬᠰᠠᠨ ᠪᠦᠬᠡᠳ ᠶᠠᠷᠢᠶ᠎ᠠ ᠳᠠᠯᠪᠢᠵᠠᠢ᠃      ᠮᠠ ᠰᠢᠤᠸᠠᠢ ᠵᠢᠶᠦ᠋ᠨ ᠵᠢᠭᠠᠵᠤ ᠭᠠᠷᠭᠠᠭᠰᠠᠨ ᠨᠢ᠂ ᠲᠤᠰᠬᠠᠢ ᠮᠡᠷᠭᠡᠵᠢᠯᠳᠠᠳ ᠤᠨ ᠦᠪᠤᠷ ᠮᠤᠩᠭᠤᠯ ᠳᠤ ᠦᠵᠡᠭᠦᠯᠦᠭᠰᠡᠨ ᠬᠠᠯᠠᠮᠵᠢᠯᠠᠯ ᠲᠡᠮᠵᠢᠯᠭᠡ ᠳᠤ ᠲᠠᠯᠠᠷᠬᠠᠵᠤ ᠪᠠᠶᠢᠭ᠎ᠠ ᠪᠠᠨ ᠢᠯᠡᠳᠭᠡᠪᠡ᠃ ᠲᠡᠷᠡ᠂ ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠤᠨ ᠵᠤᠷᠢᠯᠳᠠ ᠨᠢ ᠶᠡᠷᠤᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠠᠵᠢᠯ ᠤᠨ ᠳᠤᠬᠠᠢ ᠬᠠᠮᠢᠶ᠎ᠠ ᠪᠦᠭᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠪᠤᠷ ᠮᠤᠩᠭᠤᠯ ᠤᠨ ᠬᠤᠶᠢᠰᠢᠳᠠ ᠶᠢᠨ ᠭᠡᠰᠡᠭ ᠬᠤᠭᠤᠴᠠᠭᠠᠨ ᠤ ᠴᠢᠬᠤᠯᠠ ᠪᠠᠶᠢᠯᠳᠣᠬᠤ ᠪᠤᠳᠤᠯᠭ᠎ᠠ᠂ ᠴᠢᠬᠤᠯᠠ ᠲᠦᠯᠦᠪᠵᠢᠬᠦᠯᠬᠡ᠂ ᠴᠢᠬᠤᠯᠠ ᠶᠡᠭᠡ ᠦᠭᠡᠷᠡᠴᠢᠯᠠᠯᠳᠠ᠂ ᠴᠢᠬᠤᠯᠠ ᠶᠡᠭᠡ ᠲᠦᠷᠤ ᠶᠢᠨ ᠪᠤᠳᠤᠯᠭ᠎ᠠ᠂ ᠴᠢᠬᠤᠯᠠ ᠶᠡᠭᠡ ᠢᠨᠵᠧᠨᠧᠷᠢᠩ ᠤᠨ ᠲᠤᠬᠠᠢ ᠲᠤᠰᠬᠠᠢ ᠮᠡᠷᠭᠡᠵᠢᠯᠳᠠᠳ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠲᠦᠯᠦᠪᠵᠢᠭᠦᠯᠬᠡ ᠶᠢ ᠨᠠᠶᠢᠷᠠᠭᠤᠯᠣᠨ ᠵᠤᠬᠢᠶᠠᠬᠤ ᠳᠤ ᠤᠷᠢᠳᠠᠴᠢ ᠴᠢᠨᠠᠷ ᠲᠠᠢ᠂ ᠬᠠᠨᠳᠤᠯᠭᠠᠲᠦ ᠴᠢᠨᠠᠷ ᠲᠠᠢ᠂ ᠰᠢᠨᠵᠢᠯᠡᠭᠦ ᠤᠬᠠᠭᠠᠨᠴᠢ ᠴᠢᠨᠠᠷ ᠲᠠᠢ ᠰᠢᠢᠳᠪᠤᠷᠢᠳᠤ ᠪᠤᠳᠤᠯᠭ᠎ᠠ ᠶᠢᠨ ᠦᠨᠳᠦᠰᠦᠯᠡᠯ ᠣᠯᠭᠤᠬᠤ ᠶᠢᠨ ᠲᠦᠯᠤᠭᠡ ᠶᠤᠮ ᠬᠡᠪᠠ᠃      ᠮᠠ ᠰᠢᠤᠸᠠᠢ ᠵᠢᠶᠦ᠋ᠨ ᠢᠯᠡᠳᠬᠡᠬᠦ ᠳᠤ ᠪᠠᠨ᠂ ᠦᠪᠤᠷ ᠮᠤᠩᠭᠤᠯ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠭᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠭᠦᠭᠵᠢᠯᠳᠠ ᠶᠢᠨ ᠰᠢᠨ᠎ᠠ ᠲᠠᠪᠠᠭᠤᠯᠢᠭ ᠢ ᠤᠯᠠᠮ ᠴᠢᠨᠠᠭᠰᠢᠳᠠ ᠠᠬᠢᠭᠤᠯᠵᠤ᠂ ᠭᠦᠭᠵᠢᠯᠳᠠ ᠶᠢᠨ ᠰᠢᠨ᠎ᠠ ᠬᠦᠳᠡᠯᠭᠡᠭᠦᠷ ᠢ ᠴᠤᠬᠴᠠᠯᠠᠵᠥ᠂ ᠨᠡᠩ ᠴᠢᠨᠠᠷ ᠰᠠᠶᠢᠳᠠᠢ᠂ ᠨᠡᠩ ᠰᠠᠶᠢᠨ ᠦᠷ᠎ᠠ ᠠᠰᠢᠭ ᠲᠠᠢ᠂ ᠨᠡᠩ ᠦᠷᠭᠦᠯᠵᠢᠯᠡᠭᠦ ᠭᠦᠭᠵᠢᠯᠳᠠ ᠶᠢ ᠴᠢᠷᠮᠠᠶᠢᠨ ᠪᠡᠶᠡᠯᠡᠭᠦᠯᠤᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠢ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号