ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ ᠤᠷᠤᠨ ᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠠᠩᠬᠠᠳᠤᠭᠠᠷ ᠳᠠᠯᠠᠪᠠᠢ ᠳᠤᠰᠬᠠᠢ ᠰᠡᠳᠦᠪᠳᠤ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2019/5/27
     5 ᠳ᠋ᠣᠭᠠᠷ ᠰᠠᠷ᠎ᠠ ᠶᠢᠨ 25᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ ᠤᠷᠤᠨ ᠎ ᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠠᠩᠬᠠᠳᠤᠭᠠᠷ ᠳᠠᠯᠠᠪᠠᠢ ᠳᠤᠰᠬᠠᠢ ᠰᠡᠳᠦᠪᠳᠤ ᠳᠠᠶᠢᠯᠤᠮᠵᠢ ᠡᠷᠬᠢᠯᠡᠵᠥ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠎ ᠤᠨ ᠦᠵᠡᠯ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠶᠠᠩ ᠸᠧᠢ ᠳ᠋ᠦᠩ ᠲᠠᠶᠢᠯᠣᠮᠵᠢ ᠶᠢ ᠡᠷᠬᠢᠯᠡᠵᠥ᠂ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠯᠢ ᠷᠦᠩ ᠰᠢ᠂ ᠯᠢᠶᠠᠨ ᠰᠤ᠋᠂ ᠠᠢ ᠯᠢ ᠬᠤᠸᠠ᠂ ᠵᠧᠩ ᠬᠤᠩ ᠹᠠᠨ᠂ ᠯᠢᠦ ᠰᠢᠨ ᠯᠧ᠂ ᠴᠡᠴᠡᠭ᠂ ᠶᠠᠩ ᠽᠦᠩ ᠷᠧᠨ᠂ ᠯᠢ ᠴᠢ ᠯᠢᠨ ᠳᠠᠶᠢᠯᠣᠮᠵᠢ ᠳᠤ ᠤᠷᠤᠯᠴᠠᠪᠠ᠃      ᠤᠯᠤᠰ ᠤᠨ ᠬᠦᠭᠵᠢᠬᠦᠯᠤᠯᠳᠠ ᠪᠠ ᠦᠬᠡᠷᠡᠴᠢᠯᠠᠯᠳᠠ ᠶᠢᠨ ᠵᠦᠪᠯᠡᠯ ᠤᠨ ᠤᠤᠯ ᠤᠨ ᠨᠠᠷᠢᠨ ᠪᠢᠴᠢᠭ ᠤᠨ ᠲᠠᠷᠤᠭ᠎ᠠ᠂ ᠲᠦᠪ ᠤᠨ ᠡᠳ᠋ ᠤᠨ ᠵᠠᠰᠠᠬ ᠠᠵᠥ ᠠᠬᠤᠢ ᠶᠢᠨ ᠤᠳᠤᠷᠢᠳᠬᠤ ᠲᠣᠭᠤᠶᠢᠯᠠᠩ ᠤᠨ ᠠᠯᠪᠠᠨ ᠬᠡᠷ ᠤᠨ ᠤᠤᠯ ᠤᠨ ᠲᠡᠳ᠋ ᠡᠷᠬᠢᠯᠡᠭᠴᠢ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠠᠵᠤ ᠠᠬᠤᠢ ᠶᠢᠨ ᠵᠦᠪᠯᠡᠯ ᠎ ᠤᠨ ᠲᠡᠳ᠋ ᠡᠷᠬᠢᠯᠡᠭᠴᠢ ᠶᠠᠩ ᠸᠧᠢ ᠮᠢᠨ ᠮᠠᠰᠢ ᠦᠨᠳᠤᠷ ᠤᠯᠤᠰ ᠲᠦᠷᠤ ᠶᠢᠨ ᠵᠤᠬᠰᠤᠴᠠ᠂ ᠦᠷᠬᠡᠨ ᠠᠭᠤᠳᠠᠮ ᠤᠨᠤᠯ ᠤᠨ ᠬᠠᠷᠠᠭᠠᠰᠤ᠂ ᠬᠦᠨ ᠬᠦᠨᠵᠡᠬᠡᠢ ᠦᠢᠯᠡᠳᠣᠯᠬᠡ ᠶᠢᠨ ᠰᠡᠳᠬᠢᠴᠠ ᠠᠴᠠ᠂ ᠰᠢᠨ᠎ᠠ ᠬᠦᠭᠵᠢᠯᠳᠠ ᠶᠢᠨ ᠣᠨᠣᠯᠵᠢᠬᠤᠨ ᠢ ᠪᠤᠢ ᠪᠤᠯᠭᠠᠬᠤ ᠪᠠ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤᠭᠤᠷᠢᠨ ᠳᠤ ᠲᠤᠰᠬᠠᠢ ᠰᠡᠳᠤᠪᠳᠤ ᠳᠠᠶᠢᠯᠣᠮᠵᠢ ᠬᠢᠵᠠᠢ᠃      ᠳᠠᠶᠢᠯᠣᠮᠵᠢ ᠨᠢ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠶᠠᠷᠤᠩᠬᠡᠢ ᠱᠠᠭᠠᠷᠳᠠᠯᠭ᠎ᠠ᠂ ᠠᠵᠤ ᠣᠶᠢᠯᠡᠰ ᠎ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠤᠷᠤᠨ ᠵᠠᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠭᠤᠷᠪᠠᠨ ᠲᠠᠯ᠎ᠠ ᠪᠠᠷ  ᠲᠠᠶᠢᠯᠪᠣᠷᠢᠯᠠᠵᠣ᠂ ᠠᠭᠤᠯᠭ᠎ᠠ ᠨᠢ ᠡᠯᠪᠡᠭ ᠪᠤᠳᠠᠳᠠᠢ᠂ ᠵᠢᠱᠢᠶ᠎ᠠ ᠨᠢ ᠠᠮᠢᠳᠤ ᠲᠦᠷᠰᠦᠯᠢᠭ ᠪᠠᠶᠢᠵᠣ᠂ ᠤᠨᠤᠯ ᠪᠠ ᠣᠶᠢᠯᠡᠳᠣᠯᠬᠡ ᠶᠢ ᠨᠢᠬᠳᠠ ᠤᠶᠠᠯᠳᠤᠭᠤᠯᠤᠨ ᠮᠠᠰᠢ ᠴᠢᠩᠭ᠎ᠠ ᠵᠢᠯᠤᠭᠤᠳᠬᠤ ᠴᠢᠨᠠᠷ᠂ ᠬᠠᠨᠳᠤᠯᠭᠠᠳᠤ ᠴᠢᠨᠠᠷ ᠪᠠ ᠣᠶᠢᠯᠡᠳᠣᠯᠬᠡᠳᠣ ᠴᠢᠨᠠᠷ ᠲᠠᠢ ᠪᠠᠶᠢᠵᠣ᠂ ᠮᠠᠨ ᠤ ᠤᠷᠤᠨ ᠤ ᠤᠳᠤᠷᠢᠳᠬᠤ ᠺᠠᠳ᠋ᠷᠴᠤᠳ ᠤᠨ ᠶᠠᠷᠤᠩᠬᠡᠢ ᠱᠦᠵᠢ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠵᠤ ᠣᠶᠢᠯᠭᠠᠬᠤ ᠶᠢ ᠮᠠᠰᠢ ᠰᠠᠶᠢᠨ ᠬᠠᠪᠰᠤᠷᠤᠨ ᠵᠢᠯᠤᠭᠤᠳᠴᠦ᠂ ᠮᠠᠨ ᠤ ᠤᠷᠤᠨ ᠤ ᠰᠢᠨ᠎ᠠ ᠬᠦᠭᠵᠢᠯᠳᠠ ᠶᠢᠨ ᠣᠨᠣᠯᠵᠢᠬᠤᠨ ᠢ ᠪᠠᠳᠤᠳᠠᠢ ᠦᠢᠯᠡᠳᠦᠯᠬᠡᠵᠢᠬᠦᠯᠵᠤ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤ ᠠᠰᠢᠬᠳᠠᠢ ᠰᠡᠩᠬᠡᠷᠡᠬᠦᠯᠤᠯ ᠣᠯᠭᠤᠭᠰᠠᠨ ᠪᠠᠶᠢᠨ᠎ᠠ᠃      ᠶᠠᠩ ᠸᠧᠢ ᠳ᠋ᠦᠩ ᠳᠠᠶᠢᠯᠣᠮᠵᠢ ᠶᠢ ᠡᠷᠬᠢᠯᠡᠬᠦ ᠶᠠᠷᠢᠶᠡᠨ ᠳᠤ ᠪᠠᠨ᠂ ᠪᠦᠬᠦ ᠤᠷᠤᠨ ᠤ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠨᠠᠷᠢᠨ ᠬᠢᠨᠠᠮᠠᠭᠠᠢ ᠦᠷᠨᠢᠬᠦᠯᠵᠥ᠂ ᠦᠵᠡᠯ ᠳᠠᠨᠢᠯᠳᠠ ᠪᠠᠨ ᠦᠨᠡᠨ ᠬᠦ ᠳᠡᠬᠡᠭᠰᠢᠯᠡᠬᠦᠯᠵᠤ᠂ ᠠᠵᠢᠯ ᠤᠨ ᠡᠷᠴᠢᠮ ᠳᠡᠮᠡᠴᠡᠯ ᠤᠨ ᠵᠤᠷᠢᠭ ᠢᠶᠠᠨ ᠬᠦᠭᠵᠢᠬᠡᠨ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠪᠠᠨ ᠨᠠᠷᠢᠨ ᠨᠢᠮᠪᠠᠢ ᠨᠠᠶᠢᠳᠠᠪᠣᠷᠢᠵᠢᠭᠤᠯᠵᠣ᠂ ᠦᠪᠦᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ ᠬᠡᠵᠥ ᠱᠠᠭᠠᠷᠳᠠᠪᠠ᠃      ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ᠂ ᠬᠡᠰᠡᠭ ᠠᠵᠥ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠭᠤᠤᠯ ᠬᠠᠷᠢᠭᠤᠴᠠᠯᠭᠠᠳᠠᠨ ᠨᠦᠬᠦᠳ ᠪᠤᠯᠤᠨ ᠪᠤᠰᠤᠳ ᠬᠠᠮᠢᠶ᠎ᠠ ᠪᠦᠬᠦᠢ ᠬᠦᠮᠦᠰ ᠬᠦᠬᠡᠬᠤᠳᠠ ᠶᠢᠨ ᠭᠤᠤᠯ ᠬᠤᠷᠠᠯ ᠤᠨ ᠳᠠᠯᠠᠪᠠᠢ ᠳᠤ ᠳᠠᠶᠢᠯᠣᠮᠵᠢ ᠶᠢ ᠰᠤᠨᠤᠰᠴᠦ᠂ ᠳᠠᠶᠢᠯᠣᠮᠵᠢ ᠶᠢ ᠬᠠᠷᠭᠠᠠᠨ ᠲᠠᠪᠳᠠᠮᠵᠢᠳᠤ ᠬᠡᠯᠪᠡᠷᠢ ᠪᠠᠷ ᠬᠤᠰᠢᠭᠤ ᠰᠢᠶᠠᠨ ᠬᠦᠷᠳᠡᠯ᠎ᠡ ᠣᠯᠠᠮᠵᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠢ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号