ᠦᠨᠣᠬᠡᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ | ᠪᠠᠲᠤᠯᠠᠭ᠎ᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠤ ᠲᠤᠰᠬᠠᠶ | ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠣᠷᠭᠠᠨ ᠬᠦᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠰᠠᠨᠠᠯ︾ | ᠢ ᠳᠠᠷᠤᠮᠠᠯᠯᠠᠨ ᠲᠠᠷᠬᠠᠭᠠᠪᠠ᠃ ᠡᠨᠡ ᠵᠢᠯ ᠰᠤᠮᠤ᠂ ᠰᠢᠶᠠᠩ ᠪᠠᠯᠭᠠᠰᠤ ᠵᠡᠷᠭᠡ ᠦᠨᠳᠦᠰᠦᠨ ᠱᠠᠲᠤᠨ ᠤ ᠶᠠᠳᠠᠭᠤ ᠠᠴᠠ | ᠠᠩᠬᠢᠵᠢᠷᠠᠭᠤᠯᠬᠤ ᠰᠢᠪᠳᠣᠯᠣᠯᠳᠠ ᠶᠢᠨ ᠡᠮᠦᠨ᠎ᠡ ᠹᠷᠣᠨᠲ ᠤᠨ ᠬᠥᠮᠦᠰ ᠪᠠ ᠨᠡᠶᠢᠳᠠ ᠶᠢᠨ ᠪᠣᠰᠤ ᠥᠮᠴᠢᠯᠡᠯ ᠤᠨ | ᠠᠵᠤ ᠠᠬᠤᠢ ᠶᠢᠨ ᠬᠦᠷᠢᠶᠠᠨ ᠳᠠᠬᠢ ᠲᠤᠰᠬᠠᠶ ᠮᠡᠷᠭᠡᠵᠢᠯ ᠤᠨ ᠠᠵᠢᠯᠲᠠᠨ ᠲᠤᠰᠬᠠᠶ ᠮᠡᠷᠭᠡᠵᠢᠯ ᠤᠨ ᠬᠢᠷᠢ ᠬᠡᠮ ᠤᠨ | ᠰᠢᠯᠭᠠᠷᠠᠭᠤᠯᠤᠯᠲᠠ ᠳᠤ ᠣᠷᠣᠯᠴᠠᠬᠤ ᠳᠤ ᠦᠷᠭᠦᠯᠵᠢᠯᠡᠭᠰᠡᠨ ᠰᠣᠷᠭᠠᠨ ᠬᠦᠮᠦᠵᠢᠯ ᠤᠨ ᠬᠢᠴᠢᠶᠡᠯᠯᠡᠬᠦ ᠴᠠᠭ ᠢ | ᠱᠠᠭᠠᠷᠳᠠᠬᠤ ᠥᠬᠡᠶ ᠪᠤᠯᠭᠠᠵᠡᠢ᠃ | ᠰᠠᠨᠠᠯ ᠳᠤ ᠪᠠᠰᠠ ᠨᠠᠰᠤ ᠵᠢᠯ ᠢ ᠨᠢ ᠦᠨᠳᠣᠰᠣᠯᠠᠵᠣ᠂ ᠬᠢᠴᠢᠶᠡᠯᠯᠡᠬᠦ ᠴᠠᠭ ᠢ ᠨᠢ ᠬᠠᠰᠤᠵᠤ ᠬᠡᠯᠲᠦᠷᠢᠭᠦᠯᠬᠦ | ᠲᠣᠭᠲᠠᠭᠠᠯ ᠢ ᠲᠣᠳᠣᠷᠬᠠᠢ ᠪᠣᠯᠭᠠᠵᠣ᠂ ᠡᠷᠡᠭᠲᠡᠶ ᠪᠦᠬᠦᠯᠢ 55 ᠨᠠᠰᠤ᠂ ᠡᠮᠡᠭᠲᠡᠶ ᠪᠦᠬᠦᠯᠢ 50 ᠨᠠᠰᠤ ᠬᠦᠷᠦᠭᠰᠡᠨ | ᠲᠤᠰᠬᠠᠶ ᠮᠡᠷᠭᠡᠵᠢᠯ ᠤᠨ ᠠᠵᠢᠯᠲᠠᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠬᠤ ᠳᠤ | ᠦᠷᠭᠦᠯᠵᠢᠯᠡᠭᠰᠡᠨ ᠰᠣᠷᠭᠠᠨ ᠬᠦᠮᠦᠵᠢᠯ ᠤᠨ ᠬᠢᠴᠢᠶᠡᠯᠯᠡᠬᠦ ᠴᠠᠭ ᠢ ᠲᠠᠬᠢᠵᠤ ᠱᠠᠭᠠᠷᠳᠠᠬᠤ ᠥᠬᠡᠶ︔ ᠡᠷᠡᠭᠲᠡᠶ ᠪᠦᠬᠦᠯᠢ | 50 ᠨᠠᠰᠤ᠂ ᠡᠮᠡᠭᠲᠡᠶ ᠪᠦᠬᠦᠯᠢ 45 ᠨᠠᠰᠤ ᠬᠦᠷᠦᠭᠰᠡᠨ ᠲᠤᠰᠬᠠᠶ ᠮᠡᠷᠭᠡᠵᠢᠯ ᠤᠨ ᠠᠵᠢᠯᠲᠠᠨ ᠮᠡᠷᠭᠡᠵᠢᠯ ᠤᠨ | ᠴᠣᠯᠠ ᠶᠢ ᠬᠢᠨᠠᠨ ᠲᠣᠭᠲᠠᠭᠠᠬᠤ ᠳᠤ ᠣᠷᠣᠯᠴᠠᠬᠤ ᠳᠤ ᠲᠣᠭᠲᠠᠭᠰᠠᠨ ᠬᠢᠴᠢᠶᠡᠯᠯᠡᠬᠦ ᠴᠠᠭ ᠤᠨ 1/3 ᠢ ᠪᠡᠶᠡᠯᠡᠬᠦᠯᠬᠦ | ᠶᠢ ᠱᠠᠭᠠᠷᠳᠠᠨ᠎ᠠ᠃ ᠠᠯᠪᠠᠲᠠᠨ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠪᠠᠭᠲᠠᠨ᠎ᠠ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠤᠰᠬᠠᠶ | ᠮᠡᠷᠭᠡᠵᠢᠯ ᠤᠨ ᠠᠵᠢᠯ ᠤᠨ ᠪᠠᠶᠢᠷᠢ ᠳᠤ ᠰᠢᠯᠵᠢᠨ ᠲᠣᠮᠢᠯᠠᠭᠳᠠᠭᠰᠠᠨ ᠲᠤᠬᠠᠶ ᠶᠢᠨ ᠵᠢᠯ ᠳᠤ ᠲᠤᠰᠬᠠᠶ ᠮᠡᠷᠭᠡᠵᠢᠯ ᠤᠨ | ᠬᠢᠷᠢ ᠬᠡᠮ ᠤᠨ ᠬᠢᠨᠠᠨ ᠰᠢᠯᠭᠠᠷᠠᠭᠤᠯᠤᠯᠲᠠ ᠳᠤ ᠣᠷᠣᠯᠴᠠᠬᠤ ᠳᠤ ᠬᠦᠷᠪᠡᠯ᠂ ᠦᠷᠭᠦᠯᠵᠢᠯᠡᠭᠰᠡᠨ ᠰᠣᠷᠭᠠᠨ | ᠬᠦᠮᠦᠵᠢᠯ ᠤᠨ ᠰᠤᠷᠤᠯᠴᠠᠭᠰᠠᠨ ᠪᠠᠶᠢᠳᠠᠯ ᠢ ᠬᠠᠩᠭᠠᠬᠤ ᠴᠢᠬᠤᠯᠠ ᠥᠬᠡᠶ᠂ ᠪᠤᠰᠤᠳ ᠪᠠᠶᠢᠳᠠᠯ ᠳᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠡᠭᠦᠨ ᠠᠴᠠ ᠭᠠᠳᠠᠨ᠎ᠠ᠂ 2019 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠨᠢᠭᠡᠴᠢ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠣᠷᠭᠠᠨ ᠬᠦᠮᠦᠵᠢᠯ ᠤᠨ ᠬᠢᠨᠠᠨ | ᠰᠢᠯᠭᠠᠬᠤ ᠺᠠᠷᠲ ᠢ ᠰᠦᠯᠵᠢᠶᠡᠨ ᠳᠡᠭᠡᠷ᠎ᠡ ᠭᠦᠶᠴᠡᠳᠬᠡᠬᠦ ᠶᠢ ᠬᠡᠷᠡᠭᠵᠢᠭᠦᠯᠵᠦ᠂ ᠦᠷᠭᠦᠯᠵᠢᠯᠡᠭᠰᠡᠨ ᠰᠣᠷᠭᠠᠨ | ᠬᠦᠮᠦᠵᠢᠯ ᠤᠨ ᠦᠨᠡᠮᠯᠡᠯ ᠢ ᠣᠯᠭᠤᠬᠤ ᠥᠬᠡᠶ ᠭᠡᠵᠦ ᠰᠠᠨᠠᠯ ᠳᠤ ᠲᠣᠳᠣᠷᠬᠠᠶ ᠲᠣᠭᠲᠠᠭᠠᠵᠠᠶ᠃ ᠰᠣᠷᠣᠯᠭᠠᠳᠠᠨ ᠤ | ᠨᠡᠷᠡᠰ ᠢ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠰᠣᠷᠣᠯᠭᠠᠳᠠᠨ ᠥᠪᠥᠷ ᠮᠣᠩᠭᠤᠯ ᠤᠨ ᠴᠢᠳᠠᠪᠤᠷᠢᠲᠠᠨ ᠤ | ᠮᠡᠳᠡᠭᠡ ᠵᠠᠩᠭᠢ ᠶᠢᠨ ᠬᠥᠮᠥᠷᠭᠡ ︵www.nmgrck.cn︶ ᠠᠴᠠ ᠥᠪᠡᠰᠦᠪᠡᠨ ᠬᠢᠨᠠᠨ ᠰᠢᠯᠭᠠᠬᠤ ᠺᠠᠷᠲ ᠢᠶᠠᠨ | ᠳᠠᠷᠤᠮᠠᠯᠯᠠᠵᠤ ᠠᠪᠣᠨ᠎ᠠ᠃ ᠬᠢᠨᠠᠨ ᠰᠢᠯᠭᠠᠬᠤ ᠺᠠᠷᠲ ᠢᠶᠠᠨ ᠳᠠᠷᠤᠮᠠᠯᠯᠠᠵᠤ ᠠᠪᠬᠤ ᠴᠠᠭ ᠢ ᠮᠡᠷᠭᠡᠵᠢᠯ ᠤᠨ ᠴᠣᠯᠠ ᠶᠢᠨ | ᠮᠠᠲ᠋ᠧᠷᠢᠶᠠᠯ ᠢᠶᠠᠨ ᠭᠤᠶᠣᠴᠢᠯᠠᠨ ᠮᠡᠳᠡᠭᠦᠯᠬᠦ ᠴᠠᠭ ᠬᠦᠷᠲᠡᠯ᠎ᠡ ᠬᠢᠵᠠᠭᠠᠷᠯᠠᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ | ᠠᠵᠢᠯᠲᠠᠨ ᠤ ᠦᠷᠭᠦᠯᠵᠢᠯᠡᠭᠰᠡᠨ ᠰᠣᠷᠭᠠᠨ ᠬᠦᠮᠦᠵᠢᠯ ᠤᠨ ᠨᠡᠶᠢᠳᠠ ᠶᠢᠨ ᠬᠢᠴᠢᠶᠡᠯ ᠲᠥᠷᠥᠯ ᠤᠨ ᠠᠭᠤᠯᠭ᠎ᠠ ᠶᠢ | ︽ᠲᠤᠰᠬᠠᠶ ᠮᠡᠷᠭᠡᠵᠢᠯ ᠤᠨ ᠠᠵᠢᠯᠲᠠᠨ ᠤ ᠡᠷᠡᠭᠦᠯ ᠮᠡᠨᠳᠦ ᠳᠤᠮᠳᠠᠳᠤ ᠤᠯᠤᠰ ᠤᠨ ᠮᠡᠳᠡᠯᠭᠡ ᠶᠢᠨ ᠤᠩᠰᠢᠬᠤ ᠪᠢᠴᠢᠭ︾ | ᠪᠠ ᠣᠳᠣᠬᠠᠨ ᠤ ᠤᠯᠤᠰ ᠤᠨ ᠲᠣᠳᠣᠭᠠᠳᠣ ᠭᠠᠳᠠᠭᠠᠳᠣ ᠶᠢᠨ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ | ᠪᠠᠶᠢᠳᠠᠯ ᠢ ᠰᠣᠩᠭᠤᠨ ᠬᠢᠴᠢᠶᠡᠯᠯᠡᠨ᠎ᠡ᠂ ᠨᠡᠶᠢᠳᠠ 30 ᠬᠢᠴᠢᠶᠡᠯᠯᠡᠬᠦ ᠴᠠᠭ ᠪᠣᠯᠤᠨ᠎ᠠ᠃ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠤᠰᠬᠠᠢ ᠮᠡᠷᠭᠡᠵᠢᠯ ᠤᠨ | ᠬᠢᠴᠢᠶᠡᠯ ᠲᠥᠷᠥᠯ ᠤᠨ ᠪᠣᠯᠪᠠᠰᠤᠷᠠᠭᠤᠯᠤᠯ ᠤᠨ ᠠᠭᠤᠯᠭ᠎ᠠ ᠶᠢ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠪᠣᠳᠠᠲᠤ ᠬᠡᠷᠡᠭᠴᠡᠭᠡ ᠪᠠᠨ ᠦᠨᠳᠦᠰᠦᠯᠡᠨ ᠲᠣᠭᠳᠠᠭᠠᠨ᠎ᠠ᠂ ᠪᠣᠯᠪᠠᠰᠤᠷᠠᠭᠤᠯᠤᠯ ᠤᠨ ᠴᠠᠭ ᠢ | 60 ᠬᠢᠴᠢᠶᠡᠯᠡᠯᠬᠦ ᠴᠠᠭ ᠠᠴᠠ ᠳᠤᠲᠠᠭᠤ ᠪᠠᠶᠢᠯᠭᠠᠵᠤ ᠪᠣᠯᠬᠤ ᠦᠬᠡᠢ᠂ ᠡᠯ᠎ᠡ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠪᠣᠳᠠᠲᠠᠢ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ |