5 ᠳ᠋ᠤᠭᠠᠷ ᠰᠠᠷ᠎ᠠ ᠶᠢᠨ 20᠎ ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠤᠭ ᠭᠠᠷᠤᠯᠲᠠ ᠶᠢᠨ ᠣᠷᠣᠨ ᠤ ᠦᠨᠡᠮᠯᠡᠯ ᠠᠪᠬᠤ ᠳᠤ ᠥᠪᠡᠰᠦᠪᠡᠨ ᠠᠦ᠋ᠲ᠋ᠣ᠋ ᠪᠠᠷ ᠳᠠᠷᠤᠮᠠᠯᠯᠠᠨ ᠠᠪᠬᠤ ᠪᠣᠯᠭᠠᠪᠠ
ᠨᠡᠶᠢᠲᠡᠯᠡᠭᠰᠡᠨ ᠴᠠᠭ᠄
2019/5/27
     5 ᠳ᠋ᠤᠭᠠᠷ ᠰᠠᠷ᠎ᠠ ᠶᠢᠨ 20᠎ ᠤ ᠡᠳᠦᠷ᠂ ᠬᠥᠬᠡᠬᠤᠲᠠ ᠪᠣᠭᠤᠮᠲᠠ ᠳᠤ ᠬᠠᠷᠢᠶᠠᠯᠠᠭᠳᠠᠬᠤ ᠤᠷᠠᠳ ᠪᠣᠭᠤᠮᠲᠠ ᠶᠢᠨ ᠠᠵᠢᠯᠲᠠᠨ ᠤ ᠲᠤᠬᠠᠶ ᠶᠢᠨ ᠲᠠᠯᠠᠪᠠᠢ ᠶᠢᠨ ᠵᠢᠯᠣᠭᠤᠳᠣᠯᠭ᠎ᠠ ᠳᠣᠤᠷ᠎ᠠ᠂ ᠥᠪᠥᠷ ᠮᠣᠩᠭᠤᠯ ᠤᠨ ᠱᠣ᠋ ᠫᠠᠢ ᠷᠦᠢ ᠢᠳᠡᠭᠡᠨ ᠤ ᠵᠦᠶᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠬᠥᠬᠡᠬᠤᠲᠠ ᠪᠣᠭᠤᠮᠲᠠ ᠶᠢᠨ ᠬᠠᠷᠢᠶ᠎ᠠ ᠣᠷᠣᠨ ᠤ ᠠᠩᠬᠠᠳᠠᠭᠴᠢ ᠤᠭ ᠭᠠᠷᠤᠯᠲᠠ ᠶᠢᠨ ᠣᠷᠣᠨ ᠤ ᠦᠨᠡᠮᠯᠡᠯ ᠢ ᠥᠪᠡᠰᠦᠪᠡᠨ ᠠᠦ᠋ᠲ᠋ᠣ᠋ ᠪᠠᠷ ᠳᠠᠷᠤᠮᠠᠯᠯᠠᠨ ᠠᠪᠤᠪᠠ᠃      ᠡᠨᠡ ᠬᠦ ᠤᠭ ᠭᠠᠷᠤᠯᠲᠠ ᠶᠢᠨ ᠣᠷᠣᠨ ᠤ ᠦᠨᠡᠮᠯᠡᠯ ᠤᠨ ᠲᠥᠷᠥᠯ ᠵᠦᠢᠯ ᠨᠢ ᠤᠭ ᠭᠠᠷᠤᠯᠲᠠ ᠶᠢᠨ ᠣᠷᠣᠨ ᠤ ᠬᠠᠷᠠᠭᠠᠯᠵᠠᠯᠲᠤ ᠪᠤᠰᠤ ᠦᠨᠡᠮᠯᠡᠯ ᠪᠣᠯᠤᠨ᠎ᠠ᠂ ᠸᠢᠰᠠ ᠶᠢᠨ ᠵᠣᠭᠤᠰ ᠤᠨ ᠲᠤᠭ᠎ᠠ ᠨᠢ 12 ᠲᠦᠮᠡᠨ ᠳ᠋ᠣᠯᠯᠠᠷ ᠪᠣᠯᠤᠨ᠎ᠠ᠃ ᠭᠠᠳᠠᠭᠠᠳᠤ ᠳᠤ ᠭᠠᠷᠭᠠᠬᠤ ᠪᠠᠷᠠᠭ᠎ᠠ ᠨᠢ ᠨᠠᠩᠭᠤᠸᠠ ᠶᠢᠨ ᠬᠠᠯᠢᠰᠤᠯᠠᠭᠰᠠᠨ ᠦᠷ᠎ᠡ ᠶᠢᠨ ᠴᠥᠮ᠎ᠡ ᠪᠠᠶᠢᠵᠤ᠂ 6 ᠳ᠋ᠤᠭᠠᠷ ᠰᠠᠷ᠎ᠠ ᠶᠢᠨ 10᠎ ᠤ ᠡᠳᠦᠷ ᠲᠢᠶᠠᠨᠵᠢᠨ ᠭᠠᠷᠠᠮ ᠢᠶᠠᠷ ᠠᠮᠧᠷᠢᠺᠠ ᠳᠤ ᠪᠣᠷᠣᠯᠠᠭᠤᠯᠬᠤ ᠪᠠᠷ ᠪᠣᠢ᠃      ︽ᠠᠩᠬᠠᠨ ᠳᠤ ᠪᠠᠨ ᠤᠭ ᠭᠠᠷᠤᠯᠲᠠ ᠶᠢᠨ ᠣᠷᠣᠨ ᠤ ᠦᠨᠡᠮᠯᠡᠯ ᠢ ᠭᠤᠶᠤᠴᠢᠯᠠᠨ ᠠᠪᠬᠤ ᠳᠤ ᠤᠷᠢᠳ ᠢᠶᠠᠷ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠂ ᠳᠠᠬᠢᠭᠠᠳ ᠪᠣᠭᠤᠮᠲᠠ ᠶᠢᠨ ᠪᠣᠭᠤᠮᠲᠠ ᠳᠤ ᠮᠡᠳᠡᠭᠦᠯᠬᠦ ᠴᠣᠩᠬᠤᠪᠴᠢ ᠳᠤ ᠬᠦᠷᠴᠦ ᠬᠢᠨᠠᠨ ᠬᠠᠷᠭᠤᠭᠤᠯᠵᠤ ᠪᠠᠲᠤᠯᠠᠭᠤᠯᠤᠭᠠᠳ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠤᠯᠵᠤ ᠭᠤᠶᠤᠴᠢᠯᠠᠨ ᠠᠪᠳᠠᠭ ᠪᠠᠶᠢᠵᠠᠢ᠃ ᠥᠪᠡᠰᠦᠪᠡᠨ ᠠᠦ᠋ᠲ᠋ᠣ᠋ ᠪᠠᠷ ᠳᠠᠷᠤᠮᠠᠯᠯᠠᠨ ᠠᠪᠬᠤ ᠪᠣᠯᠣᠭᠰᠠᠨ ᠢᠶᠠᠷ᠂ ᠠᠵᠤ ᠠᠬᠤᠶᠢᠯᠠᠯ ᠨᠢ ᠵᠥᠪᠬᠡᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠦᠭᠡᠳ ᠪᠣᠭᠤᠮᠲᠠ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠡᠯᠧᠺᠲᠷᠣᠨ ᠲᠠᠮᠠᠭ᠎ᠠ ᠪᠣᠯᠣᠨ ᠭᠠᠷ ᠤᠨ ᠦᠰᠦᠭ ᠵᠢᠷᠤᠭᠰᠠᠨ ᠦᠨᠡᠮᠯᠡᠯ ᠢ ᠥᠪᠡᠰᠦᠪᠡᠨ ᠠᠦ᠋ᠲ᠋ᠣ᠋ ᠪᠠᠷ ᠳᠠᠷᠤᠮᠠᠯᠯᠠᠨ ᠠᠪᠴᠤ ᠴᠢᠳᠠᠬᠤ ᠪᠣᠯᠵᠠᠢ᠂ ᠡᠨᠡ ᠨᠢ ᠠᠵᠤ ᠠᠬᠤᠶᠢᠯᠠᠯ ᠳᠤ ᠴᠠᠭ ᠪᠣᠯᠣᠨ ᠬᠥᠮᠦᠨ ᠤ ᠬᠦᠴᠦᠨ ᠤ ᠥᠪᠡᠷ ᠤᠨ ᠥᠷᠲᠡᠭ ᠢ ᠠᠷᠪᠢᠯᠠᠵᠤ ᠥᠭᠪᠡ︾ ᠬᠡᠮᠡᠨ ᠱᠣ᠋ ᠫᠠᠢ ᠷᠦᠢ ᠺᠣᠮᠫᠠᠨᠢ ᠶᠢᠨ ᠪᠣᠭᠤᠮᠲᠠ ᠮᠡᠳᠡᠭᠦᠯᠦᠭᠴᠢ ᠶᠠᠷᠢᠵᠤ ᠪᠠᠶᠢᠯ᠎ᠠ᠃      ᠲᠤᠰ ᠡᠳᠦᠷ ᠠᠴᠠ ᠡᠬᠢᠯᠡᠨ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠨᠢ ᠤᠭ ᠭᠠᠷᠤᠯᠲᠠ ᠶᠢᠨ ᠣᠷᠣᠨ ᠤ ᠦᠨᠡᠮᠯᠡᠯ ᠢ ᠠᠦ᠋ᠲ᠋ᠣ᠋ ᠳᠠᠷᠤᠮᠠᠯᠯᠠᠨ ᠠᠪᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠪᠠ᠃ ᠣᠶᠢᠯᠠᠭᠠᠭᠰᠠᠨ ᠢᠶᠠᠷ ᠂ ᠪᠣᠭᠤᠮᠲᠠ ᠳᠤ ᠨᠢᠭᠡᠨᠲᠡ ᠳᠠᠩᠰᠠᠯᠠᠭᠤᠯᠤᠭᠰᠠᠨ ᠤᠭ ᠭᠠᠷᠤᠯᠲᠠ ᠶᠢᠨ ᠣᠷᠣᠨ ᠤ ᠦᠨᠡᠮᠯᠡᠯ ᠭᠤᠶᠤᠴᠢᠯᠠᠭᠴᠢ ᠪᠤᠶᠤ ᠣᠷᠣᠯᠠᠭᠴᠢ ᠨᠢ ᠣᠯᠠᠨ ᠤᠯᠤᠰ ᠤᠨ ᠠᠷᠠᠯᠵᠢᠶᠠᠨ ᠤ ︽ᠳᠠᠩ ᠭᠠᠭᠴᠠ ᠴᠣᠩᠬᠤᠪᠴᠢ︾᠎ ᠶᠢᠨ ᠪᠠᠷᠢᠮᠵᠢᠶᠠᠲᠤ ᠬᠡᠪᠯᠡᠯ ᠪᠤᠶᠤ ︽ᠢᠨᠲ᠋ᠧᠷ ᠰᠦᠯᠵᠢᠶ᠎ᠡ + ᠪᠣᠭᠤᠮᠲᠠ︾᠎ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠬᠡᠷᠡᠭ ᠭᠦᠢᠴᠡᠳᠬᠡᠬᠦ ᠲᠠᠪᠴᠠᠩ ᠢᠶᠠᠷ ᠳᠠᠮᠵᠢᠭᠤᠯᠤᠨ᠂ ᠪᠣᠭᠤᠮᠲᠠ ᠪᠠᠷ ᠬᠢᠨᠠᠨ ᠬᠠᠷᠭᠤᠭᠤᠯᠵᠤ ᠪᠠᠲᠤᠯᠠᠭᠤᠯᠤᠭᠰᠠᠨ ᠪᠦᠭᠡᠳ ᠮᠡᠷᠭᠡᠨ ᠴᠣᠬᠤᠷ᠂ ᠳᠠᠷᠤᠮᠠᠯᠯᠠᠬᠤ ᠶᠢ ᠰᠡᠷᠭᠡᠶᠢᠯᠡᠬᠦ ᠲᠡᠮᠳᠡᠭ ᠪᠠ ᠬᠠᠭᠤᠷᠮᠠᠭ ᠢ ᠰᠡᠷᠭᠡᠶᠢᠯᠡᠬᠦ ᠲᠡᠮᠳᠡᠭ ᠵᠡᠷᠭᠡ ᠮᠡᠳᠡᠭᠡ ᠵᠠᠩᠭᠢ ᠶᠢ ᠠᠴᠢᠶᠠᠯᠠᠭᠰᠠᠨ ᠤᠭ ᠭᠠᠷᠤᠯᠲᠠ ᠶᠢᠨ ᠣᠷᠣᠨ ᠤ ᠦᠨᠡᠮᠯᠡᠯ ᠢ ᠥᠪᠡᠰᠦᠪᠡᠨ ᠳᠠᠷᠤᠮᠠᠯᠯᠠᠨ ᠠᠪᠴᠤ ᠪᠣᠯᠬᠤ ᠪᠣᠯᠵᠠᠢ᠃ ᠥᠪᠡᠰᠦᠪᠡᠨ ᠳᠠᠷᠤᠮᠠᠯᠯᠠᠵᠤ ᠠᠪᠤᠭᠰᠠᠨ ᠥᠨᠡᠮᠯᠡᠯ ᠨᠢ ᠪᠣᠭᠤᠮᠲᠠ ᠶᠢᠨ ᠤᠭᠰᠠᠷᠠᠭ᠎ᠠ ᠳᠠᠷᠤᠮᠠᠯ ᠲᠠᠢ ᠠᠳᠠᠯᠢᠬᠠᠨ ᠬᠦᠴᠦᠨ ᠲᠠᠢ ᠪᠠᠶᠢᠳᠠᠭ᠃      ᠣᠶᠢᠯᠠᠭᠠᠭᠰᠠᠨ ᠢᠶᠠᠷ᠂ ᠤᠭ ᠭᠠᠷᠤᠯᠲᠠ ᠶᠢᠨ ᠣᠷᠣᠨ ᠤ ᠦᠨᠡᠮᠯᠡᠯ ᠪᠣᠯ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠮᠠᠨ ᠤ ᠤᠯᠤᠰ ᠪᠣᠯᠤᠨ ᠭᠠᠳᠠᠭᠠᠳᠤ ᠭᠠᠷᠭᠠᠯᠲᠠ ᠶᠢᠨ ᠤᠯᠤᠰ ᠯᠤᠭ᠎ᠠ ᠲᠣᠭᠲᠠᠭᠰᠠᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠦᠷᠲᠡᠬᠦ ᠭᠡᠷᠡᠴᠢ ᠦᠨᠡᠮᠯᠡᠯ ᠪᠣᠯᠣᠨ᠎ᠠ᠂ ᠣᠯᠠᠨ ᠤᠯᠤᠰ ᠤᠨ ᠠᠷᠠᠯᠵᠢᠶᠠᠨ ᠳᠤ ︽ᠴᠠᠭᠠᠰᠤᠨ ᠰᠢᠵᠢᠷ ᠠᠯᠲᠠ︾ ᠬᠡᠮᠡᠨ ᠨᠡᠷ᠎ᠡ ᠠᠯᠳᠠᠷᠰᠢᠪᠠ᠃ ᠣᠳᠣᠬᠠᠨ ᠳᠤ᠂ ᠮᠠᠨ ᠤ ᠤᠯᠤᠰ ᠨᠢᠭᠡᠨᠲᠡ 24 ᠤᠯᠤᠰ ᠪᠠ ᠭᠠᠵᠠᠷ ᠣᠷᠣᠨ ᠲᠠᠢ 16 ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠵᠠᠢ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠨᠢ ᠪᠣᠭᠤᠮᠲᠠ ᠶᠢᠨ ᠭᠠᠷ ᠤᠨ ᠦᠰᠦᠭ ᠵᠢᠷᠤᠵᠤ ᠣᠯᠭᠤᠭᠰᠠᠨ ᠡᠯ᠎ᠡ ᠲᠥᠷᠥᠯ ᠤᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠤᠭ ᠭᠠᠷᠤᠯᠲᠠ ᠶᠢᠨ ᠣᠷᠣᠨ ᠤ ᠦᠨᠡᠮᠯᠡᠯ ᠢᠶᠠᠷ ᠢᠶᠠᠨ ᠭᠠᠳᠠᠭᠠᠳᠤ ᠣᠷᠤᠭᠤᠯᠤᠯᠲᠠ ᠶᠢᠨ ᠤᠯᠤᠰ ᠠᠴᠠ ᠪᠣᠭᠤᠮᠲᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠵᠦ ᠪᠣᠯᠤᠨ᠎ᠠ᠃ ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 1᠎ ᠠᠴᠠ 4 ᠳ᠋ᠦ᠋ᠭᠡᠷ ᠰᠠᠷ᠎ᠠ ᠪᠣᠯᠲᠠᠯ᠎ᠠ᠂ ᠤᠭ ᠭᠠᠷᠤᠯᠲᠠ ᠶᠢᠨ ᠣᠷᠣᠨ ᠤ ᠦᠨᠡᠮᠯᠡᠯ ᠢ 3724 ᠬᠤᠪᠢ ᠣᠯᠭᠤᠵᠤ᠂ ᠠᠳᠠᠯᠢ ᠬᠤᠭᠤᠴᠠᠭᠠᠨ ᠤ ᠬᠢ ᠠᠴᠠ 2.39%᠎ ᠪᠠᠷ ᠨᠡᠮᠡᠭᠳᠡᠨ᠂ ᠸᠢᠰᠠ ᠶᠢᠨ ᠵᠣᠭᠤᠰ ᠤᠨ ᠲᠤᠭ᠎ᠠ 4.73 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠎ ᠠᠴᠠ 27.11%᠎ ᠪᠠᠷ ᠨᠡᠮᠡᠭᠳᠡᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号