ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ | ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠶ᠎ᠠ | ᠪᠥ᠋ ᠰᠢᠶᠤᠤ ᠯᠢᠨ | ᠶᠡᠷᠦᠩᠭᠡᠢ ᠱᠦᠵᠢ ᠰᠢ ᠶᠢᠨ ᠫᠢᠩ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ | ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠬᠤ ᠶᠢ | ᠰᠦᠪᠡᠭᠴᠢᠯᠡᠬᠦ ᠭᠡᠷᠡᠭᠲᠡᠢ ᠭᠡᠵᠦ ᠪᠢᠳᠡᠨ ᠢ ᠱᠠᠭᠠᠷᠳᠠᠪᠠ᠂ ᠡᠨᠡ ᠨᠢ ᠮᠠᠨ ᠤ ᠬᠦᠭᠵᠢᠯᠳᠠ ᠶᠢᠨ ᠰᠡᠳᠬᠢᠬᠦᠢ᠂ | ᠬᠦᠭᠵᠢᠯᠳᠠ ᠶᠢᠨ ᠵᠠᠬᠪᠤᠷ ᠪᠠ ᠬᠦᠭᠵᠢᠯᠳᠠ ᠶᠢᠨ ᠵᠠᠮ ᠳᠤ ᠲᠠᠯᠪᠢᠬᠰᠠᠨ ᠰᠢᠨ᠎ᠠ ᠱᠠᠭᠠᠷᠳᠠᠯᠭ᠎ᠠ ᠪᠠᠶᠢᠵᠤ᠂ ᠮᠠᠨ ᠤ | ᠤᠷᠤᠨ ᠤ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤ ᠴᠢᠭᠯᠡᠯ ᠢ ᠳᠤᠳᠤᠷᠬᠠᠶᠢᠯᠠᠵᠤ ᠦᠭᠭᠦᠭᠰᠡᠡ ᠠᠴᠠ ᠬᠦᠨ | ᠬᠦᠨᠵᠡᠭᠡᠢ ᠠᠴᠢ ᠬᠤᠯᠪᠤᠭᠳᠠᠯ ᠲᠠᠢ ᠶᠤᠮ᠃ ᠪᠢᠳᠠ ︽ᠲᠦᠷᠪᠡᠨ ᠤᠬᠠᠮᠰᠠᠷ︾ ᠢᠶᠠᠨ ᠴᠢᠩᠭᠠᠳᠬᠠᠨ ︽ᠬᠤᠶᠠᠷ ᠢ | ᠬᠠᠮᠠᠭᠠᠯᠠᠬᠤ︾ ᠶᠢ ᠪᠡᠶᠡᠯᠡᠬᠦᠯᠵᠦ᠂ ᠤᠶᠢᠯᠠᠭᠠᠭᠳᠠᠬᠤᠨ ᠤ ᠬᠤᠪᠢᠰᠬᠠᠯ ᠤᠨ ᠠᠰᠠᠭᠤᠳᠠᠯ ᠢ ᠰᠠᠶᠢᠳᠤᠷ | ᠰᠢᠢᠳᠪᠤᠷᠢᠯᠡᠬᠦ ᠪᠠᠷ ᠪᠠᠷᠠᠬᠤ ᠦᠭᠡᠢ᠂ ᠨᠡᠩ ᠴᠦ ᠦᠢᠯᠡᠳᠦᠯᠭᠡ ᠶᠢᠨ ᠰᠢᠨ᠎ᠠ ᠡᠬᠦᠳᠦᠯᠳᠠ ᠶᠢᠨ ᠠᠰᠠᠭᠤᠳᠠᠯ ᠢ | ᠰᠠᠶᠢᠳᠤᠷ ᠰᠢᠢᠳᠪᠤᠷᠢᠯᠡᠬᠦ ᠭᠡᠷᠡᠭᠲᠡᠢ᠃ | ᠡᠩ ᠲᠡᠷᠢᠬᠦᠨ ᠳᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢᠨ ᠲᠤᠬᠠᠢ ᠲᠠᠨᠢᠯᠳᠠ ᠪᠠᠨ | ᠬᠦᠨᠵᠡᠭᠡᠶᠢᠷᠡᠬᠦᠯᠬᠦ ᠭᠡᠷᠡᠭᠲᠡᠢ᠃ ᠶᠡᠷᠤᠩᠬᠡᠢ ᠱᠦᠵᠢ ᠶᠢᠨ ᠮᠠᠨ ᠤ ᠤᠷᠤᠨ ᠤ ᠲᠤᠬᠠᠢ ᠬᠡᠳᠤ ᠤᠳᠠᠭ᠎ᠠ ᠶᠢᠨ ᠴᠢᠬᠤᠯᠠ | ᠶᠠᠷᠢᠶ᠎ᠠ ᠳᠤ ᠡᠨᠡ ᠬᠦ ᠠᠰᠠᠭᠤᠳᠠᠯ ᠢ ᠠᠬᠢᠨ ᠲᠠᠬᠢᠨ ᠴᠢᠬᠤᠯᠠᠴᠢᠯᠠᠵᠥ᠂ ᠦᠪᠤᠷ ᠮᠤᠩᠭᠤᠯ ᠢ ᠮᠠᠨ ᠤ ᠤᠷᠤᠨ ᠤ | ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠳᠦᠬᠡᠨ ᠪᠠᠶᠢᠭᠤᠯᠬᠤ | ᠬᠡᠷᠡᠭᠲᠡᠢ ᠭᠡᠪᠡ᠂ ᠡᠨᠡ ᠪᠤᠯ ᠪᠦᠬᠦ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠰᠠᠭᠤᠷᠢᠯᠠᠵᠥ ᠪᠠᠶᠢᠭᠠᠳ | ᠲᠤᠭᠳᠠᠭᠠᠭᠰᠠᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠡ ᠮᠥᠨ᠂ ᠪᠢᠳᠡᠨ ᠤ ᠡᠷᠬᠡᠪᠰᠢ | ᠤᠬᠠᠮᠰᠠᠷ ᠠᠴᠠ ᠪᠠᠨ ᠡᠬᠦᠷᠬᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠤᠯᠤᠨ᠎ᠠ᠃ ᠡᠨᠡ ᠵᠢᠯ ᠤᠨ ᠪᠦᠬᠦ ᠤᠯᠤᠰ ᠤᠨ | ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠲᠡᠭᠡᠷ᠎ᠡ᠂ ᠶᠡᠷᠤᠩᠬᠡᠢ ᠱᠦᠵᠢ ᠪᠢᠳᠡᠨ ᠢ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠳᠤ ᠡᠨᠡ ᠬᠦ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠡ ᠳᠤ ᠨᠡᠶᠢᠴᠡᠬᠦᠯᠬᠦ | ᠬᠡᠷᠡᠭᠳᠡᠢ ᠬᠡᠵᠥ ᠴᠢᠨᠠᠬᠰᠢᠳᠠ ᠱᠠᠭᠠᠷᠳᠠᠪᠠ᠃ ᠦᠵᠡᠯ ᠰᠠᠨᠠᠭ᠎ᠠ ᠲᠠᠨᠢᠯᠳᠡ ᠪᠤᠯᠤᠨ ᠬᠦᠭᠵᠢᠯᠳᠡ ᠶᠢᠨ | ᠦᠢᠯᠡᠳᠦᠯᠬᠡ ᠠᠴᠠ ᠦᠵᠡᠪᠡᠯ᠂ ᠤᠳᠤᠬᠠᠨ ᠳᠤ ᠪᠢᠳᠡ ᠡᠨᠡ ᠬᠦ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ | ᠶᠢ ᠠᠵᠥ ᠠᠬᠤᠢ ᠨᠡᠶᠢᠬᠡᠮ ᠤᠨ ᠬᠦᠭᠵᠢᠯᠳᠡ ᠲᠤᠮᠲᠠ ᠲᠤᠭᠤᠰᠢᠲᠠᠢ ᠨᠠᠶᠢᠳᠠᠪᠤᠷᠢᠵᠢᠭᠤᠯᠤᠭᠠᠳᠤᠢ ᠪᠠᠶᠢᠭᠰᠠᠭᠠᠷ᠂ ᠵᠠᠮ | ᠮᠦᠷ ᠲᠤ ᠲᠦᠰᠢᠭᠯᠡᠬᠦ ᠠᠴᠠ ᠮᠤᠯᠳᠤᠷᠠᠬᠤ ᠳᠤ ᠲᠠᠨᠢᠯᠳᠡ ᠪᠠᠨ ᠲᠠᠰᠤᠷᠠᠯᠳᠡ ᠦᠭᠡᠢ ᠬᠦᠨᠵᠡᠬᠡᠶᠢᠷᠡᠬᠦᠯᠵᠥ | ᠦᠢᠯᠡᠳᠦᠯᠬᠡ ᠪᠠᠨ ᠲᠠᠰᠤᠷᠠᠯᠳᠡ ᠦᠭᠡᠢ ᠬᠦᠨᠵᠡᠬᠡᠶᠢᠷᠡᠬᠦᠯᠬᠦ ᠴᠢᠬᠤᠯᠠᠳᠠᠢ ᠪᠠᠶᠢᠨ᠎ᠠ᠃ ᠮᠠᠨ ᠤ ᠤᠷᠤᠨ ᠤ ᠠᠮᠢ ᠠᠬᠤᠢ | ᠤᠷᠴᠢᠨ ᠲᠤᠭᠤᠷᠢᠨ ᠤ ᠬᠡᠪᠡᠷᠡᠭ ᠴᠢᠨᠠᠷ ᠢ ᠪᠠᠭᠳᠠᠭᠠᠭᠰᠠᠠ ᠠᠮᠢ ᠠᠬᠤᠢ ᠶᠢᠨ ᠪᠠᠶᠢᠷᠢ ᠰᠠᠭᠤᠷᠢ ᠶᠢᠨ ᠲᠤᠶᠢᠯ ᠤᠨ | ᠴᠢᠬᠤᠯᠠ ᠴᠢᠨᠠᠷ ᠢ ᠬᠦᠨᠵᠡᠬᠡᠢ ᠰᠤᠳᠤᠯᠵᠥ᠂ ᠲᠤᠳᠤᠷᠬᠠᠢ ᠡᠵᠡᠮᠰᠢᠨ᠂ ᠺᠠᠳ᠋ᠷ ᠤᠯᠠᠨ ᠲᠦᠮᠡᠨ ᠳᠤ ᠲᠤᠳᠤᠷᠬᠠᠢ | ᠤᠶᠢᠯᠠᠭᠠᠭᠤᠯᠵᠥ᠂ ᠤᠬᠠᠮᠰᠠᠷ ᠠᠴᠠ ᠪᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠳᠤ ᠰᠠᠭᠤᠷᠢᠯᠠᠨ | ᠰᠡᠳᠬᠢᠨ ᠪᠤᠳᠤᠯᠬᠢᠯᠠᠬᠤ ᠪᠠ ᠠᠵᠢᠯᠯᠠᠬᠤ ᠬᠡᠷᠡᠭᠳᠡᠢ᠃ | ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠪᠤᠯᠤᠨ ᠠᠵᠤ ᠠᠬᠤᠢ ᠶᠢ ᠬᠦᠭᠵᠢᠭᠦᠯᠬᠦ ᠶᠢᠨ | ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠬᠦ ᠬᠡᠷᠡᠭᠳᠠᠢ᠃ ᠡᠨᠡ ᠠᠰᠠᠭᠤᠳᠠᠯ ᠤᠨ ᠲᠤᠬᠠᠢ᠂ ᠲᠦᠪ ᠤᠨ ᠱᠠᠭᠠᠷᠳᠠᠯᠭ᠎ᠠ | ᠶᠡᠷᠦ ᠠᠴᠠ ᠳᠤᠳᠤᠷᠬᠠᠢ ᠪᠠᠶᠢᠵᠤ᠂ ᠬᠦᠭᠵᠢᠬᠦᠯᠬᠦ ᠶᠢᠨ ᠲᠠᠭᠠᠤ ᠬᠠᠮᠠᠭᠠᠯᠠᠵᠤ ᠬᠠᠮᠠᠭᠠᠯᠠᠬᠤ ᠶᠢᠨ ᠲᠠᠭᠠᠤ ᠬᠦᠭᠵᠢᠬᠦᠯᠵᠤ᠂ | ᠬᠤᠶᠠᠷ ᠢ ᠲᠠᠰᠤᠯᠤᠨ ᠰᠠᠯᠭᠠᠵᠤ ᠪᠤᠯᠬᠤ ᠦᠭᠡᠢ᠂ ᠡᠰᠡᠷᠭᠦᠴᠡᠯᠳᠦᠭᠦᠯᠵᠤ ᠪᠤᠯᠬᠤ ᠦᠭᠡᠢ᠂ ᠤᠷᠴᠢᠨ ᠲᠤᠭᠤᠷᠢᠨ ᠢ | ᠦᠷᠡᠭᠳᠡᠭᠦᠯᠬᠦ ᠪᠠᠷ ᠨᠢᠭᠡ ᠴᠠᠭ ᠤᠨ ᠬᠦᠭᠵᠢᠯᠳᠡ ᠶᠢ ᠰᠤᠯᠢᠵᠤ ᠪᠤᠯᠬᠤ ᠦᠭᠡᠢ ᠭᠡᠵᠤ ᠳᠠᠬᠢᠨ ᠳᠠᠪᠳᠠᠨ | ᠴᠢᠬᠤᠯᠠᠴᠢᠯᠠᠭᠰᠠᠭᠠᠷ ᠢᠷᠡᠵᠠᠢ᠃ ᠡᠨᠡ ᠪᠤᠯ ᠴᠢᠬᠤᠯᠠ ᠶᠡᠭᠡ ᠠᠵᠤ ᠠᠬᠤᠢ ᠶᠢᠨ ᠠᠰᠠᠭᠤᠳᠠᠯ᠂ ᠠᠮᠢ ᠠᠬᠤᠢ ᠶᠢᠨ | ᠠᠰᠠᠭᠤᠳᠠᠯ ᠪᠤᠯᠬᠤ ᠪᠠᠷ ᠪᠠᠷᠠᠬᠤ ᠦᠭᠡᠢ ᠪᠠᠰᠠ ᠴᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠪᠤᠯᠤᠨ᠎ᠠ᠃ | ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠠ | ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢ ᠰᠦᠪᠡᠭᠴᠢᠯᠡᠵᠤ ᠪᠠᠶᠢᠬᠤ ᠨᠢ ᠳᠠᠷᠤᠢ ᠦᠩᠭᠡᠷᠡᠭᠰᠡᠨ ᠤ | ᠵᠠᠮ ᠢᠶᠠᠷ ᠢᠶᠠᠨ ᠵᠠᠮᠨᠠᠵᠤ ᠪᠤᠯᠬᠤ ᠦᠭᠡᠢ ᠪᠤᠯᠤᠭᠰᠠᠨ ᠢ ᠬᠠᠷᠠᠭᠤᠯᠵᠤ ᠪᠤᠢ᠃ ᠡᠨᠡ ᠵᠢᠯ ᠤᠨ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠡᠭᠡᠷ᠎ᠠ᠂ ᠶᠡᠷᠦᠩᠬᠡᠢ ᠱᠦᠵᠢ᠄ ᠨᠢᠭᠡ ᠦᠶ᠎ᠠ ᠦᠪᠦᠷ ᠮᠤᠩᠭᠤᠯ | ᠤᠨ ᠬᠢᠨ ᠠᠭᠤᠷᠬᠠᠢ ᠶᠢᠨ ᠡᠬᠢ ᠪᠠᠶᠠᠯᠢᠭ ᠢ ᠨᠡᠬᠡᠬᠡᠬᠦ᠂ ᠡᠬᠢ ᠪᠠᠶᠠᠯᠢᠭ ᠤᠨ ᠴᠢᠨᠠᠷᠳᠠᠢ ᠠᠵᠤ ᠦᠢᠯᠡᠰ ᠢ | ᠬᠦᠭᠵᠢᠭᠦᠯᠬᠦ ᠳᠤ ᠲᠦᠰᠢᠭᠯᠡᠭᠡᠳ ᠨᠡᠯᠢᠶᠡᠳ ᠲᠦᠷᠭᠡᠨ ᠬᠤᠷᠲᠤᠴᠠ ᠪᠠᠷ ᠬᠦᠭᠵᠢᠪᠡ᠂ ᠭᠡᠳᠡᠯ᠎ᠠ ᠡᠨᠡ ᠬᠦ | ᠬᠦᠭᠵᠢᠯᠳᠡ ᠶᠢᠨ ᠵᠠᠭᠪᠤᠷ ᠨᠢ ᠲᠠᠭᠠᠭᠠᠮᠠᠭᠠᠢ ᠪᠢᠰᠢ ᠪᠠᠶᠢᠵᠤ᠂ ᠮᠠᠰᠢ ᠤᠯᠠᠨ ᠭᠡᠮ ᠠᠷᠬᠠᠭ ᠢ ᠦᠯᠡᠳᠡᠭᠡᠵᠡᠢ ᠭᠡᠵᠤ | ᠲᠤᠲᠤᠷᠬᠠᠢ ᠵᠢᠭᠠᠵᠤ ᠭᠠᠷᠭᠠᠪᠠ︔ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠠᠵᠤ ᠠᠬᠤᠢ ᠶᠢᠨ | ᠪᠦᠳᠤᠬᠡᠨ ᠪᠠᠶᠢᠭᠤᠯᠤᠯᠳᠠ ᠨᠢ ᠦᠨᠡᠨᠳᠡᠬᠡᠨ ᠤᠷᠭᠠᠨᠢᠬ ᠨᠢᠬᠡᠳᠤᠯᠳᠠᠢ ᠪᠠᠶᠢᠵᠤ᠂ ᠬᠠᠷᠢᠯᠴᠠᠨ ᠨᠦᠬᠦᠴᠠᠯᠳᠤᠵᠤ | ᠪᠠᠶᠢᠲᠠᠭ᠂ ᠠᠵᠤ ᠠᠬᠤᠢ ᠶᠢᠨ ᠬᠦᠭᠵᠢᠯᠳᠠ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠦᠲᠦᠭᠡᠨ | ᠪᠠᠶᠢᠭᠤᠯᠤᠯᠳᠠ ᠶᠢᠨ ᠬᠠᠷᠢᠴᠠᠭ᠎ᠠ ᠶᠢ ᠨᠢᠬᠡᠳᠤᠯᠳᠠᠢ ᠰᠠᠶᠢᠳᠤᠷ ᠲᠦᠯᠤᠪᠵᠢᠬᠦᠯᠬᠦ ᠬᠡᠷᠡᠭᠲᠡᠢ᠂ ᠶᠤᠰᠤ ᠨᠢ ᠶᠤᠰᠤ ᠪᠠᠷ | ᠢᠶᠠᠨ᠂ ᠬᠢᠬᠦ ᠨᠢ ᠬᠢᠬᠦ ᠪᠠᠷ ᠢᠶᠠᠨ ᠪᠠᠶᠢᠵᠤ ᠪᠤᠯᠬᠤ ᠦᠬᠡᠢ ᠭᠡᠵᠤ ᠴᠢᠬᠤᠯᠠᠴᠢᠯᠠᠪᠠ᠃ ᠪᠢᠳᠠ ᠶᠠᠷᠤᠩᠬᠡᠢ ᠱᠦᠵᠢ ᠶᠢᠨ | ᠱᠠᠭᠠᠷᠳᠠᠯᠭ᠎ᠠ ᠶᠢ ᠬᠦᠨᠵᠡᠬᠡᠢ ᠤᠶᠢᠯᠠᠭᠠᠵᠤ᠂ ᠶᠠᠮᠠᠷ ᠶᠠᠩᠵᠤ ᠶᠢᠨ ᠬᠦᠭᠵᠢᠯᠳᠠ ᠶᠢᠨ ᠵᠠᠮ ᠢᠶᠠᠷ ᠵᠠᠮᠨᠠᠬᠤ ᠭᠡᠳᠡᠭ ᠲᠤ | ᠢᠮᠠᠬᠳᠠ ᠰᠡᠷᠭᠡᠭ ᠲᠠᠨᠢᠯᠳᠠ ᠲᠠᠢ ᠪᠠᠶᠢᠬᠤ ᠭᠡᠷᠡᠭᠳᠠᠢ᠃ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ | ᠬᠦᠬᠡᠮᠳᠦᠭ ᠨᠤᠭᠤᠭᠠᠨ ᠠᠭᠤᠯᠠ ᠤᠰᠤ ᠲᠠᠢ ᠦᠵᠡᠰᠬᠦᠯᠠᠩᠳᠤ ᠰᠠᠶᠢᠬᠠᠨ ᠤᠷᠴᠢᠨ ᠲᠤᠭᠤᠷᠢᠨ ᠢ ᠪᠡᠶᠡᠯᠡᠬᠦᠯᠬᠦ ᠪᠤᠯ | ᠴᠢᠨᠠᠷ ᠰᠠᠶᠢᠳᠠᠢ ᠬᠦᠭᠵᠢᠯᠳᠠ ᠶᠢᠨ ᠰᠡᠳᠤᠪ ᠲᠤ ᠪᠠᠶᠢᠪᠠᠰᠤ ᠵᠤᠬᠢᠬᠤ ᠠᠭᠤᠯᠭ᠎ᠠ ᠪᠤᠯᠤᠨ᠎ᠠ᠃ ᠴᠢᠨᠠᠷ ᠰᠠᠶᠢᠳᠠᠢ | ᠬᠦᠭᠵᠢᠯᠳᠠ ᠶᠢᠨ ᠤᠨᠴᠠᠯᠢᠬ ᠤᠨ ᠨᠢᠬᠡ ᠨᠢ ᠪᠤᠯ ᠲᠠᠷᠤᠢ ᠪᠤᠬᠢᠷᠳᠤᠯ ᠦᠬᠡᠢ ᠪᠠᠶᠢᠬᠤ ᠶᠢ ᠨᠡᠶᠢᠳᠡᠮ ᠤᠨ ᠬᠡᠯᠪᠡᠷᠢ | ᠪᠠᠶᠢᠲᠠᠯ ᠪᠤᠯᠭᠠᠨ᠎ᠠ᠃ ᠶᠠᠷᠤᠩᠬᠡᠢ ᠱᠦᠵᠢ᠂ ᠨᠤᠮᠢᠨ ᠨᠤᠭᠤᠭᠠᠨ ᠠᠮᠢ ᠠᠬᠤᠢ ᠪᠤᠯ ᠬᠠᠮᠤᠬ ᠤᠨ ᠶᠡᠭᠡ ᠡᠳ᠋ ᠪᠠᠶᠠᠯᠢᠬ᠂ | ᠬᠠᠮᠤᠬ ᠤᠨ ᠶᠡᠭᠡ ᠲᠠᠪᠠᠭᠤᠯᠢᠬ᠂ ᠬᠠᠮᠤᠬ ᠤᠨ ᠶᠡᠭᠡ ᠲᠦᠷᠤᠯ ᠲᠡᠮᠳᠡᠭ ᠮᠦᠨ ᠬᠡᠵᠤ ᠴᠢᠬᠤᠯᠠᠴᠢᠯᠠᠪᠠ᠃ ᠮᠠᠨ ᠤ | ᠤᠷᠤᠨ ᠤ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠦᠷᠬᠡᠨ ᠢᠶᠠᠷ ᠬᠦᠷᠢᠶᠠᠯᠡᠭᠳᠡᠵᠤ ᠪᠠᠶᠢᠭ᠎ᠠ ᠨᠢ | ᠲᠠᠷᠤᠢ ᠪᠢᠳᠡ ᠮᠠᠰᠢ ᠤᠯᠠᠨ ᠤᠷᠭᠠᠨᠢᠬ ᠪᠤᠬᠢᠷᠲᠤᠯ ᠦᠭᠡᠢ ᠲᠦᠷᠤᠯ ᠲᠡᠮᠳᠡᠭ ᠲᠠᠢ ᠪᠠᠶᠢᠬᠤ ᠳᠤ ᠪᠤᠢ᠃ ᠮᠠᠰᠢ ᠤᠯᠠᠨ | ᠬᠦᠮᠤᠨ ᠦᠪᠤᠷ ᠮᠤᠩᠭᠤᠯ ᠳᠤ ᠢᠷᠡᠵᠤ ᠦᠵᠡᠬᠦ ᠪᠠᠷ ᠬᠦᠰᠡᠨ ᠰᠠᠨᠠᠵᠤ ᠪᠠᠶᠢᠲᠠᠭ ᠨᠢ ᠲᠠᠷᠤᠢ ᠪᠢᠳᠡᠨ ᠳᠤ ᠬᠦᠬᠡ | ᠤᠬᠳᠠᠷᠭᠤᠢ ᠬᠦᠪᠤᠩ ᠴᠠᠭᠠᠨ ᠡᠬᠦᠯᠠ᠂ ᠴᠡᠩᠭᠡᠭ ᠤᠰᠤ ᠬᠦᠬᠡᠮᠳᠦᠭ ᠠᠭᠤᠯᠠ᠂ ᠨᠤᠮᠢᠨ ᠨᠤᠭᠤᠭᠠᠨ ᠲᠠᠯ᠎ᠠ ᠨᠤᠳᠤᠬ᠂ | ᠪᠠᠯᠠᠷᠯᠢᠬ ᠤᠢ ᠰᠢᠭᠤᠢ ᠲᠠᠢ ᠪᠠᠶᠢᠬᠤ ᠠᠴᠠ ᠪᠤᠯᠤᠭᠰᠠᠨ ᠶᠤᠮ᠃ ᠡᠶᠢᠮᠦ ᠠᠴᠠ ᠨᠤᠮᠢᠨ ᠨᠤᠭᠤᠭᠠᠨ ᠪᠤᠯ ᠪᠢᠳᠠᠨ ᠤ | ᠡᠷᠬᠢᠮ ᠨᠠᠨᠳᠢᠨ ᠡᠳ᠋ ᠪᠠᠶᠠᠯᠢᠬ᠂ ᠦᠪᠦᠷ ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠡᠯᠭᠡ ᠲᠡᠮᠳᠡᠭ ᠮᠦᠨ᠂ | ᠪᠤᠬᠢᠷᠳᠤᠯ ᠦᠬᠡᠢ ᠳᠤ ᠨᠡᠮᠡᠬᠦ ᠦᠢᠯᠡᠳᠦᠯ ᠬᠢᠬᠦ ᠨᠢ ᠳᠠᠷᠤᠢ ᠪᠢᠳᠠᠨ ᠤ ᠡᠳ᠋ ᠪᠠᠶᠠᠯᠢᠬ ᠲᠤ ᠪᠠᠨ ᠨᠡᠮᠡᠬᠦ ᠦᠢᠯᠡᠳᠦᠯ | ᠬᠢᠬᠦ ᠶᠠᠪᠤᠳᠠᠯ ᠪᠤᠯᠤᠨ᠎ᠠ᠃ ᠪᠢᠳᠠ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ | ᠬᠦᠭᠵᠢᠯᠲᠡ ᠶᠢᠨ ᠤᠳᠤᠷᠢᠳᠤᠮᠵᠢ ᠶᠢ ᠦᠨᠡᠨ ᠬᠦ ᠪᠤᠢ ᠪᠤᠯᠭᠠᠵᠤ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠡᠨᠡ | ᠬᠦ ᠠᠰᠠᠭᠤᠳᠠᠯ ᠳᠡᠭᠡᠷ᠎ᠡ ᠪᠠᠶᠢᠯᠳᠤᠬᠤ ᠪᠤᠳᠤᠯᠭ᠎ᠠ ᠶᠢᠨ ᠲᠤᠬᠲᠠᠯ ᠬᠦᠴᠦᠨ ᠢ ᠪᠠᠲᠤᠯᠠᠵᠤ᠂ ᠢᠮᠠᠬᠲᠠ ᠭᠤᠶᠢᠪᠢᠰᠢ | ᠦᠭᠡᠢ ᠪᠠᠶᠢᠬᠤ ᠬᠡᠷᠡᠭᠲᠡᠢ᠃ | ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠮᠠᠨ ᠤ ᠤᠯᠤᠰ ᠤᠨ | ᠬᠦᠭᠵᠢᠯᠲᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯ ᠤᠨ ᠰᠢᠨ᠎ᠡ ᠠᠭᠤᠯᠬᠤᠨ ᠢ | ᠲᠤᠳᠤᠷᠬᠠᠶᠢᠯᠠᠨ ᠦᠭᠦᠯᠡᠵᠡᠢ᠂ ᠡᠭᠦᠨ ᠤ ᠲᠤᠳᠤᠷᠠᠬᠢ ᠨᠢᠭᠡ ᠨᠢ ᠪᠤᠯ ᠳᠠᠷᠤᠢ ᠪᠤᠬᠢᠷᠳᠤᠯ ᠦᠭᠡᠢ ᠬᠦᠭᠵᠢᠯᠲᠡ ᠶᠢᠨ | ᠠᠪᠴᠢᠷᠠᠬᠰᠠᠨ ᠰᠢᠨ᠎ᠡ ᠠᠵᠠ ᠳᠤᠬᠢᠶᠠᠯ ᠢ ᠲᠦᠷᠭᠡᠳᠬᠡᠬᠦ ᠶᠠᠪᠤᠳᠠᠯ ᠪᠤᠯᠤᠨ᠎ᠠ᠃ ᠪᠤᠬᠢᠷᠳᠤᠯ ᠦᠭᠡᠢ ᠬᠦᠭᠵᠢᠯᠲᠡ ᠨᠢ | ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠦᠢᠯᠡᠰ ᠤᠨ ᠬᠤᠪᠢᠰᠤᠯ ᠤᠨ ᠴᠢᠭᠯᠡᠯ ᠢ | ᠲᠦᠯᠦᠭᠡᠯᠡᠵᠦ᠂ ᠨᠢᠭᠡᠨᠲᠡ ᠨᠢᠭᠡᠨ ᠤᠯᠤᠰ ᠪᠠ ᠭᠠᠵᠠᠷ ᠤᠷᠤᠨ ᠤ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠤ | ᠴᠢᠬᠤᠯᠠ ᠪᠦᠷᠢᠯᠳᠦᠭᠦᠨ ᠬᠡᠰᠡᠭ ᠪᠤᠯᠪᠠ᠃ ᠪᠤᠬᠢᠷᠳᠤᠯ ᠦᠭᠡᠢ ᠬᠦᠭᠵᠢᠯᠲᠡ ᠶᠢ ᠠᠬᠢᠭᠤᠯᠬᠤ ᠳᠤ ᠡᠩ ᠲᠡᠷᠢᠭᠦᠨ ᠳᠤ | ᠬᠤᠷᠢᠭ᠎ᠠ ᠱᠤᠭᠤᠮ ᠢᠶᠠᠨ ᠰᠠᠶᠢᠳᠤᠷ ᠰᠠᠬᠢᠵᠤ᠂ ᠠᠵᠤ ᠠᠬᠤᠢ ᠶᠢᠨ ᠪᠦᠲᠦᠴᠡ ᠶᠢ ᠳᠤᠬᠢᠷᠠᠭᠤᠯᠬᠤ᠂ ᠠᠵᠤ ᠦᠢᠯᠡᠰ | ᠤᠨ ᠬᠦᠭᠵᠢᠯᠲᠡ ᠶᠢ ᠲᠦᠯᠦᠪᠵᠢᠭᠦᠯᠬᠦ᠂ ᠬᠤᠲᠠ ᠪᠠᠯᠭᠠᠰᠤᠵᠢᠯᠲᠠ ᠶᠢ ᠠᠬᠢᠭᠤᠯᠬᠤ ᠳᠤ ᠴᠦᠮ ︽ᠭᠤᠷᠪᠠᠨ ᠤᠷᠤᠨ | ᠭᠤᠷᠪᠠᠨ ᠱᠤᠭᠤᠮ︾ ᠢ ᠳᠠᠪᠠᠵᠤ ᠪᠤᠯᠤᠰᠢ ᠦᠭᠡᠢ ᠤᠯᠠᠭᠠᠨ ᠱᠤᠭᠤᠮ ᠢᠶᠠᠨ ᠪᠤᠯᠭᠠᠬᠤ ᠬᠡᠷᠡᠭᠲᠡᠢ᠃ | ᠪᠦᠬᠦ ᠤᠯᠤᠰ ᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠳᠡᠬᠡᠷ᠎ᠠ᠂ | ᠶᠡᠷᠦᠩᠬᠡᠢ ᠱᠦᠵᠢ ᠠᠴᠠ ᠪᠤᠬᠢᠷᠳᠤᠯ ᠦᠬᠡᠢ ᠬᠦᠭᠵᠢᠯᠳᠡ ᠶᠢᠨ ᠬᠡᠯᠪᠡᠷᠢ ᠶᠢ ᠪᠦᠷᠢᠯᠳᠦᠬᠦᠯᠬᠦ ᠶᠢᠨ ᠭᠤᠤᠯᠳᠠᠯᠭ᠎ᠠ ᠨᠢ | ᠪᠦᠳᠤᠴᠠ ᠶᠢ ᠳᠤᠬᠢᠷᠠᠭᠤᠯᠬᠤ᠂ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ᠂ ᠠᠵᠦ ᠦᠢᠯᠡᠰ ᠢ ᠬᠦᠴᠦᠷᠬᠡᠭᠵᠢᠬᠦᠯᠬᠦ᠂ | ᠬᠡᠯᠬᠢᠶ᠎ᠡ ᠶᠢ ᠪᠦᠷᠢᠨᠰᠢᠬᠦᠯᠬᠦ ᠳᠤ ᠪᠠᠶᠢᠨ᠎ᠠ ᠬᠡᠵᠦ ᠵᠢᠭᠠᠵᠦ ᠭᠠᠷᠭᠠᠪᠠ᠃ ᠨᠠᠮ ᠤᠨ ᠳᠦᠪ ᠬᠤᠷᠢᠶᠡᠨ ᠠᠴᠠ ᠡᠳᠡᠬᠡᠷ | ᠳᠠᠯ᠎ᠠ ᠪᠠᠷ ᠨᠢᠬᠡᠨᠳᠡ ᠳᠤᠶᠢᠯ ᠤᠨ ᠳᠤᠳᠤᠷᠬᠠᠢ ᠪᠠᠶᠢᠷᠢᠯᠠᠭᠤᠯᠤᠯᠳᠠ ᠬᠢᠪᠠ᠃ ᠵᠢᠱᠢᠶᠡᠯᠡᠪᠡᠯ ᠠᠵᠦ ᠦᠢᠯᠡᠰ ᠤᠨ | ᠳᠠᠯ᠎ᠠ ᠪᠠᠷ᠂ ᠪᠤᠬᠢᠷᠳᠤᠯ ᠦᠬᠡᠢ ᠨᠡᠬᠦᠷᠡᠰᠦᠳᠥ᠋ᠷᠦᠭᠴᠢ ᠪᠠᠭ᠎ᠠ ᠠᠵᠦ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠳᠡᠢ | ᠬᠡᠵᠦ ᠱᠠᠭᠠᠷᠳᠠᠵᠦ ᠪᠤᠢ᠃ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠳᠠᠯ᠎ᠠ ᠪᠠᠷ᠂ ᠪᠤᠬᠢᠷᠳᠤᠯ ᠦᠬᠡᠢ | ᠳᠦᠯᠦᠪᠵᠢᠬᠦᠯᠬᠡ᠂ ᠵᠢᠷᠤᠬ ᠳᠦᠯᠦᠪᠯᠡᠭᠡ᠂ ᠪᠠᠷᠢᠯᠭ᠎ᠠ ᠶᠢᠨ ᠠᠵᠢᠯ ᠢ ᠬᠡᠷᠡᠭᠵᠢᠬᠦᠯᠬᠦ ᠬᠡᠷᠡᠭᠳᠡᠢ ᠬᠡᠵᠦ ᠱᠠᠭᠠᠷᠳᠠᠵᠡᠢ᠃ | ᠶᠡᠷᠦᠩᠬᠡᠢ ᠱᠦᠵᠢ ᠠᠴᠠ ᠬᠤᠳᠠ ᠶᠢᠨ ᠳᠦᠯᠦᠪᠵᠢᠬᠦᠯᠬᠡ ᠶᠢᠨ ᠨᠠᠷᠢᠨ ᠵᠦᠢᠯᠡᠰ ᠪᠦᠬᠦᠨ ᠳᠤ ᠴᠦᠮ ᠡᠬᠡ | ᠪᠠᠶᠢᠭᠠᠯᠢ ᠳᠤ ᠦᠭᠬᠦ ᠨᠦᠯᠦᠬᠡ ᠶᠢ ᠪᠤᠳᠤᠯᠬᠢᠯᠠᠵᠦ᠂ ᠡᠬᠡ ᠪᠠᠶᠢᠭᠠᠯᠢ ᠶᠢᠨ ᠰᠢᠰᠲ᠋ᠧᠮ ᠢ ᠡᠪᠳᠡᠬᠦ ᠦᠬᠡᠢ ᠪᠠᠶᠢᠬᠤ | ᠬᠡᠷᠡᠭᠳᠡᠢ︔ ᠬᠤᠳᠠ ᠶᠢ ᠡᠬᠡ ᠪᠠᠶᠢᠭᠠᠯᠢ ᠳᠤ ᠤᠷᠤᠭᠤᠯᠵᠦ᠂ ᠬᠦᠬᠡᠮᠳᠦᠭ ᠨᠤᠭᠤᠭᠠᠨ ᠠᠭᠤᠯᠠ ᠤᠰᠤ ᠶᠢ | ᠬᠤᠳᠠ ᠶᠢᠨ ᠰᠠᠭᠤᠭᠠᠯᠢ ᠠᠷᠠᠳ ᠲᠤ ᠦᠯᠡᠳᠡᠬᠡᠵᠦ ᠦᠭᠬᠦ ᠬᠡᠷᠡᠭᠳᠡᠢ ᠬᠡᠵᠦ ᠳᠤᠷᠠᠳᠴᠠᠢ᠃ ᠦᠵᠡᠰᠬᠦᠯᠡᠩᠳᠦ | ᠰᠠᠶᠢᠬᠠᠨ ᠬᠦᠳᠡᠭᠡ ᠳᠤᠰᠬᠤᠨ ᠤ ᠪᠦᠳᠦᠬᠡᠨ ᠪᠠᠶᠢᠭᠤᠯᠤᠯᠳᠠ ᠶᠢᠨ ᠳᠤᠬᠠᠢ ᠵᠢᠴᠢ ᠡᠬᠢ ᠪᠠᠶᠠᠯᠢᠬ ᠢ ᠪᠦᠬᠦ ᠳᠠᠯ᠎ᠠ ᠪᠠᠷ | ᠠᠷᠪᠢᠯᠠᠨ ᠭᠠᠮᠨᠠᠬᠤ ᠪᠠ ᠡᠷᠬᠢᠯᠳᠦᠬᠦᠯᠦᠨ ᠠᠰᠢᠬᠯᠠᠬᠤ ᠶᠢ ᠠᠬᠢᠭᠤᠯᠬᠤ᠂ ᠦᠢᠯᠡᠳᠪᠤᠷᠢᠯᠡᠯ ᠤᠨ ᠰᠢᠰᠲ᠋ᠧᠮ ᠪᠤᠯᠤᠨ | ᠠᠮᠢᠳᠤᠷᠠᠯ ᠤᠨ ᠰᠢᠰᠲ᠋ᠧᠮ ᠢ ᠤᠷᠴᠢᠯᠳᠤᠭᠤᠯᠤᠨ ᠵᠠᠯᠭᠠᠯᠳᠤᠭᠤᠯᠬᠤ ᠵᠡᠷᠬᠡ ᠳᠠᠯ᠎ᠠ ᠪᠠᠷ ᠨᠠᠮ ᠤᠨ ᠳᠦᠪ | ᠬᠤᠷᠢᠶ᠎ᠠ ᠠᠴᠠ ᠪᠦᠷ ᠪᠤᠳᠠᠳᠠᠢ ᠱᠠᠭᠠᠷᠳᠠᠯᠭ᠎ᠠ ᠳᠤᠷᠠᠳᠴᠠᠢ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠳ ᠡᠷᠬᠡᠪᠰᠢ | ᠡᠳᠡᠬᠡᠷ ᠱᠠᠭᠠᠷᠳᠠᠯᠭ᠎ᠠ ᠶᠢ ᠦᠨᠳᠦᠰᠦᠯᠡᠨ ᠬᠤᠷᠸ᠎ᠠ ᠪᠠ ᠬᠤᠮᠠᠬᠢ ᠳᠠᠯ᠎ᠠ ᠠᠴᠠ ᠭᠠᠵᠠᠷ ᠤᠷᠤᠨ᠂ ᠠᠵᠢᠯ ᠳᠦᠷᠦᠯ | ᠤᠨ ᠢᠶᠠᠨ ᠬᠦᠭᠵᠢᠯᠳᠡ ᠶᠢ ᠪᠦᠬᠦ ᠲᠠᠯ᠎ᠠ ᠪᠠᠷ ᠰᠢᠨᠵᠢᠵᠤ ᠳᠦᠯᠦᠪᠵᠢᠬᠦᠯᠬᠦ ᠬᠡᠷᠡᠭᠳᠡᠢ᠃ | ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠳᠤ ᠠᠭᠤᠯᠤᠬᠳᠠᠵᠤ ᠪᠠᠶᠢᠭ᠎ᠠ ᠳᠤᠲᠤᠭᠠᠳᠤ ᠶᠢᠨ | ᠱᠠᠭᠠᠷᠳᠠᠯᠭ᠎ᠠ ᠵᠢᠴᠢ ᠡᠳᠡᠭᠡᠷ ᠱᠠᠭᠠᠷᠳᠠᠯᠭ᠎ᠠ ᠶᠢᠨ ᠬᠦᠭᠵᠢᠭᠡᠵᠦ ᠮᠡᠳᠡᠬᠦ ᠬᠠᠨᠭ᠍ᠭᠠᠯᠭ᠎ᠠ ᠪᠠ ᠰᠢᠨ᠎ᠠ ᠨᠡᠮᠡᠭᠳᠡᠯ ᠤᠨ ᠴᠡᠭ ᠢ | ᠭᠦᠨᠵᠡᠭᠡᠢ ᠰᠤᠳᠤᠯᠵᠤ᠂ ᠵᠠᠰᠠᠭ ᠤᠨ ᠤᠷᠳᠤᠨ ᠢᠶᠠᠷ ᠭᠤᠤᠯ ᠤᠳᠤᠷᠢᠳᠤᠮᠵᠢ ᠪᠤᠯᠭᠠᠬᠰᠠᠨ᠂ ᠠᠵᠤ ᠠᠬᠤᠶᠢᠯᠠᠯ | ᠪᠤᠯᠤᠨ ᠨᠡᠶᠢᠭᠡᠮ ᠤᠨ ᠬᠢᠨ ᠤᠷᠤᠯᠴᠠᠬᠰᠠᠨ᠂ ᠵᠠᠬ᠎ᠠ ᠳᠡᠯᠭᠡᠭᠦᠷᠴᠢᠯᠡᠨ ᠠᠵᠢᠯᠯᠠᠬᠰᠠᠨ᠂ ᠦᠷᠬᠦᠯᠵᠢᠯᠡᠭᠰᠡᠨ ᠠᠮᠢ ᠠᠬᠤᠢ | ᠶᠢᠨ ᠦᠢᠯᠡᠳᠭᠦᠨ ᠤ ᠦᠷᠲᠡᠭ ᠤᠨ ᠪᠡᠶᠡᠯᠡᠭᠳᠡᠬᠦ ᠠᠷᠭ᠎ᠠ ᠵᠠᠮ ᠢ ᠪᠦᠷᠢᠯᠳᠦᠭᠦᠯᠵᠦ᠂ ᠬᠦᠬᠡᠮᠳᠦᠭ ᠨᠤᠭᠤᠭᠠᠨ ᠠᠭᠤᠯᠠ | ᠤᠰᠤ ᠶᠢᠨ ᠠᠵᠤ ᠠᠬᠤᠢ ᠨᠡᠶᠢᠭᠡᠮ ᠤᠨ ᠦᠷ᠎ᠠ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ | ᠶᠡᠷᠦᠩᠬᠡᠢ ᠱᠦᠵᠢ᠄ ︽ᠦᠪᠦᠷ ᠮᠤᠩᠭᠤᠯ ᠤᠨ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠳᠤ ᠲᠤᠰ | ᠭᠠᠵᠠᠷ ᠤᠷᠤᠨ ᠤ ᠪᠠᠨ ᠡᠬᠢ ᠪᠠᠶᠠᠯᠢᠭ ᠤᠨ ᠤᠨᠴᠠᠯᠢᠭ ᠲᠠᠪᠠᠭᠤᠯᠢᠭ ᠲᠤ ᠪᠠᠨ ᠰᠠᠭᠤᠷᠢᠯᠠᠵᠤ᠂ ᠲᠤᠰ ᠭᠠᠵᠠᠷ ᠤᠷᠤᠨ | ᠤ ᠪᠠᠨ ᠤᠨᠴᠠᠯᠢᠭ ᠲᠠᠪᠠᠭᠤᠯᠢᠭ ᠢ ᠢᠯᠡᠷᠡᠬᠦᠯᠬᠦ ᠭᠡᠷᠡᠭᠲᠡᠢ︾ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠶᠢᠨ ᠡᠨᠡ | ᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠦᠪᠡᠷᠲᠡᠭᠡᠨ ᠵᠠᠰᠠᠬᠤ ᠤᠷᠤᠨ ᠤ ᠪᠠᠶᠢᠳᠠᠯ ᠢᠶᠠᠨ ᠤᠨᠤᠪᠴᠢᠲᠠᠢ | ᠡᠵᠡᠮᠳᠡᠬᠦ ᠬᠡᠷᠡᠭᠲᠡᠢ᠃ ᠰᠢᠨ᠎ᠠ ᠬᠦᠭᠵᠢᠯᠲᠡ ᠶᠢᠨ ᠣᠨᠣᠯᠵᠢᠬᠤᠨ ᠶᠤᠰᠤᠭᠠᠷ ᠦᠪᠡᠷᠲᠡᠭᠡᠨ ᠵᠠᠰᠠᠬᠤ ᠤᠷᠤᠨ ᠤ ᠪᠠᠨ | ᠳᠠᠪᠠᠭᠤᠯᠢᠭ ᠪᠠ ᠳᠤᠲᠠᠭᠤᠳᠠᠯ ᠢ ᠤᠨᠤᠪᠴᠢᠲᠠᠢ ᠵᠠᠳᠠᠯᠵᠤ᠂ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠦᠯᠦ | ᠪᠤᠯᠬᠤ ᠭᠡᠳᠡᠭ ᠢ ᠪᠠᠷᠢᠮᠲᠠᠯᠠᠨ᠂ ᠤᠨᠴᠠᠯᠢᠬᠲᠤ ᠬᠦᠭᠵᠢᠯᠲᠡ ᠶᠢᠨ ᠢᠷᠠᠭᠤ ᠬᠠᠭᠤᠳᠠᠰᠤ ᠶᠢ ᠰᠠᠶᠢᠲᠤᠷ ᠪᠢᠴᠢᠭᠯᠡᠬᠦ | ᠬᠡᠷᠡᠭᠲᠡᠢ᠃ | ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ | ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠪᠤᠯ ᠪᠦᠬᠦ ᠲᠠᠯ᠎ᠡ ᠶᠢᠨ | ᠴᠢᠨᠠᠷᠲᠠᠢ᠂ ᠴᠢᠭᠯᠡᠯᠳᠤ ᠴᠢᠨᠠᠷᠲᠠᠢ᠂ ᠰᠢᠰᠲ᠋ᠧᠮᠲᠥ ᠴᠢᠨᠠᠷᠲᠠᠢ ᠲᠤᠬᠢᠷᠠᠭᠤᠯᠤᠯᠳᠠ ᠮᠦᠨ᠃ ᠪᠢᠳᠠ ᠠᠰᠠᠭᠤᠳᠠᠯ ᠢᠶᠠᠷ | ᠤᠳᠤᠷᠢᠳᠤᠮᠵᠢ ᠪᠤᠯᠭᠠᠨ ᠲᠡᠭᠡᠷ᠎ᠡ ᠠᠴᠠ ᠲᠤᠷᠤᠬᠰᠢ᠂ ᠬᠤᠷᠸ᠎ᠡ ᠠᠴᠠ ᠪᠤᠳᠠᠳᠠᠢ ᠳᠤ ᠬᠦᠷᠴᠤ᠂ ᠤᠳᠤᠬᠢ | ᠬᠦᠭᠵᠢᠯᠳᠠ ᠶᠢᠨ ᠰᠡᠳᠬᠢᠴᠠ᠂ ᠬᠦᠭᠵᠢᠯᠳᠠ ᠶᠢᠨ ᠲᠦᠯᠦᠪᠵᠢᠬᠦᠯᠭᠡ ᠪᠤᠯᠤᠨ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠵᠡᠷᠭᠡ ᠪᠠᠨ ᠪᠦᠬᠦ ᠲᠠᠯ᠎ᠡ ᠪᠠᠷ ᠡᠮᠬᠢᠯᠡᠵᠤ᠂ ᠲᠠᠬᠢᠨ ᠬᠢᠨᠠᠵᠤ ᠬᠦᠨᠵᠡᠭᠡᠢ ᠨᠤᠳᠠᠯᠠᠨ᠂ ᠴᠠᠭ ᠲᠤᠬᠠᠢ ᠳᠤ ᠨᠢ | ᠲᠤᠬᠢᠷᠠᠭᠤᠯᠵᠤ ᠲᠡᠬᠦᠯᠳᠡᠷᠵᠢᠬᠦᠯᠬᠦ ᠶᠢᠨ ᠬᠠᠮᠳᠤ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ | ᠶᠢᠨ ᠰᠤᠳᠤᠯᠤᠯ ᠢ ᠰᠠᠶᠢᠳᠤᠷ ᠬᠢᠬᠦ ᠭᠡᠷᠡᠭᠳᠠᠢ᠃ ᠴᠢᠨᠠᠷ ᠰᠠᠶᠢᠳᠠᠢ ᠬᠦᠭᠵᠢᠯᠳᠠ ᠶᠢᠨ ᠬᠦᠢᠴᠡᠳᠭᠡᠯ ᠲᠤᠭᠠᠨ ᠤ | ᠰᠢᠰᠲ᠋ᠧᠮᠵᠢ᠂ ᠲᠦᠷᠦ ᠶᠢᠨ ᠪᠤᠳᠤᠯᠭ᠎ᠠ ᠶᠢᠨ ᠰᠢᠰᠲ᠋ᠧᠮ᠂ ᠪᠠᠷᠢᠮᠵᠢᠶ᠎ᠡ ᠶᠢᠨ ᠰᠢᠰᠲ᠋ᠧᠮᠵᠢ᠂ ᠪᠦᠷᠢᠳᠭᠡᠯ ᠤᠨ | ᠰᠢᠰᠲ᠋ᠧᠮᠵᠢ᠂ ᠦᠷ᠎ᠡ ᠠᠰᠢᠭ ᠤᠨ ᠦᠨᠠᠯᠡᠯᠳᠠ ᠪᠠ ᠠᠵᠢᠯ ᠤᠨ ᠪᠦᠳᠦᠮᠵᠢ ᠶᠢᠨ ᠬᠢᠨᠡᠨ ᠰᠢᠯᠭᠠᠯᠳᠠ ᠶᠢ ᠲᠦᠷᠭᠡᠳᠭᠡᠨ | ᠪᠦᠷᠢᠯᠳᠦᠬᠦᠯᠬᠦ ᠶᠢ ᠠᠬᠢᠭᠤᠯᠬᠤ ᠭᠡᠷᠡᠭᠳᠠᠢ᠃ ᠠᠳᠠᠯᠢ ᠪᠤᠰᠤ ᠤᠷᠤᠨ ᠪᠦᠰᠡ᠂ ᠠᠳᠠᠯᠢ ᠪᠤᠰᠤ ᠬᠦᠷᠢᠶ᠎ᠡ ᠴᠠᠷᠠᠭ᠎ᠠ᠂ | ᠠᠳᠠᠯᠢ ᠪᠤᠰᠤ ᠭᠤᠤᠯ ᠴᠤᠬᠴᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠦᠨᠡᠯᠡᠬᠦ ᠬᠦᠢᠴᠡᠳᠭᠡᠯ ᠲᠤᠭ᠎ᠠ ᠶᠢ | ᠰᠢᠨᠵᠢᠯᠡᠬᠦ ᠤᠬᠠᠭᠠᠨᠴᠢ ᠪᠠᠷ ᠲᠤᠬᠳᠠᠭᠠᠵᠤ᠂ ᠡᠯ᠎ᠡ ᠭᠠᠵᠠᠷ ᠤᠨ ᠬᠢᠨ ᠤ ᠵᠦᠷᠢᠶᠠᠴᠢᠯᠡᠭᠰᠡᠡ ᠬᠦᠭᠵᠢᠯᠳᠠ ᠶᠢᠨ | ᠵᠠᠮ ᠢᠶᠠᠨ ᠵᠤᠬᠢᠰᠳᠠᠢ ᠲᠦᠯᠦᠪᠵᠢᠬᠦᠯᠬᠦ ᠶᠢ ᠬᠦᠳᠦᠯᠤᠨ ᠵᠢᠯᠤᠭᠤᠳᠬᠤ ᠭᠡᠷᠡᠭᠳᠠᠢ᠃ |