ᠯᠢ ᠵᠢᠢ ᠡᡁᠧᠩ ᠪᠠᠭᠠᠴᠤᠳ ᠬᠡᠤᠬᠡᠳ ᠲᠠᠢ ᠬᠠᠮᠳᠤ ᠪᠠᠷ ︽6 · 1︾᠎ ᠤ ᠲᠡᠯᠡᠬᠡᠢ ᠶᠢᠨ ᠬᠡᠤᠬᠡᠳ ᠤᠨ ᠪᠠᠶᠠᠷ ᠢ ᠪᠡᠯᠭᠡᠯᠡᠵᠤ ᠪᠦᠬᠦ ᠤᠷᠤᠨ ᠤ ᠦᠨᠳᠦᠰᠦᠳᠡᠨ ᠨᠦᠭᠦᠳ ᠤᠨ ᠪᠠᠭᠠᠴᠤᠳ ᠬᠡᠤᠬᠡᠳ ᠢ ᠡᠬᠡ ᠤᠯᠤᠰ ᠪᠤᠯᠤᠨ ᠠᠷᠠᠳ ᠲᠦᠮᠡᠨ ᠤ ᠠᠵᠢᠯ ᠤᠶᠢᠯᠡᠰ ᠤᠨ ᠬᠦᠭᠵᠢᠯᠳᠠ ᠶᠢᠨ ᠬᠢᠷᠢ ᠲᠡᠩᠴᠡᠭᠰᠡᠨ ᠵᠠᠯᠭᠠᠮᠵᠢᠯᠠᠬᠴᠢ ᠪᠤᠯᠬᠤ ᠪᠠᠷ ᠴᠢᠷᠮᠠᠶᠢᠳᠤᠭᠠᠢ ᠬᠡᠵᠤ ᠲᠤᠲᠤᠨᠤ ᠬᠦᠰᠡᠯ ᠳᠤᠷᠠᠳᠴᠠᠢ
ᠨᠡᠶᠢᠲᠡᠯᠡᠭᠰᠡᠨ ᠴᠠᠭ᠄
2019/5/28
     ︽6 · 1︾᠎ ᠤ ᠲᠡᠯᠡᠬᠡᠢ ᠶᠢᠨ ᠬᠡᠤᠬᠡᠳ ᠤᠨ ᠪᠠᠶᠠᠷ ᠤᠨ ᠡᠳᠦᠷ ᠬᠦᠷᠴᠤ ᠢᠷᠡᠬᠦ ᠲᠠᠰᠢᠷᠠᠮ ᠳᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠤ ᠰᠢᠨ ᠬᠤᠢ ᠵᠢᠷᠭᠤᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠬᠡᠤᠬᠡᠳ ᠤᠳ ᠲᠠᠢ ᠬᠠᠮᠳᠤ ︽6 ·1︾᠎ ᠤ ᠲᠡᠯᠡᠬᠡᠢ ᠶᠢᠨ ᠬᠡᠤᠬᠡᠳ ᠤᠨ ᠪᠠᠶᠠᠷ ᠢ ᠪᠡᠯᠬᠡᠯᠠᠵᠤ᠂ ᠲᠡᠳᠡ ᠨᠠᠷ ᠪᠤᠯᠤᠨ ᠪᠦᠬᠦ ᠤᠷᠤᠨ ᠤ ᠦᠨᠳᠤᠰᠤᠳᠠᠨ ᠎ ᠨᠦᠭᠦᠳ ᠤᠨ ᠪᠠᠭᠠᠴᠤᠳ ᠬᠡᠤᠬᠡᠳ ᠲᠤ ᠰᠠᠶᠢᠨ ᠰᠠᠶᠢᠬᠠᠨ ᠬᠦᠰᠡᠯ ᠵᠦᠡᠭᠨᠡᠯ ᠢᠶᠠᠨ ᠳᠡᠪᠰᠢᠭᠦᠯᠵᠡᠢ᠃      ︽6 · 1︾᠎ ᠤ ᠲᠡᠯᠡᠬᠡᠢ ᠶᠢᠨ ᠬᠡᠤᠬᠡᠳ ᠤᠨ ᠪᠠᠶᠠᠷ ᠤᠨ ᠡᠳᠦᠷ ᠬᠦᠷᠴᠤ ᠢᠷᠡᠬᠦ ᠲᠠᠰᠢᠷᠠᠮ ᠳᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ ᠤᠶᠢᠷ᠎ᠠ ᠶᠢᠨ ᠡᠳᠤᠷ ᠤᠯᠠᠭᠠᠨᠬᠠᠳᠠ ᠬᠤᠳᠠ ᠎ ᠶᠢᠨ ᠠᠤᠬᠠᠨ ᠬᠤᠰᠢᠭᠤᠨ ᠤ ᠰᠢᠨ ᠬᠤᠢ ᠵᠢᠷᠭᠤᠳᠤᠭᠠᠷ ᠪᠠᠭ᠎ᠠ ᠰᠤᠷᠭᠠᠭᠤᠯᠢ ᠳᠤ ᠢᠷᠡᠵᠤ᠂ ᠬᠡᠤᠬᠡᠳ ᠤᠳ ᠲᠠᠢ ᠬᠠᠮᠳᠤ ︽6 ·1︾᠎ ᠤ ᠲᠡᠯᠡᠬᠡᠢ ᠶᠢᠨ ᠬᠡᠤᠬᠡᠳ ᠤᠨ ᠪᠠᠶᠠᠷ ᠢ ᠪᠡᠯᠬᠡᠯᠠᠵᠤ᠂ ᠲᠡᠳᠡ ᠨᠠᠷ ᠪᠤᠯᠤᠨ ᠪᠦᠬᠦ ᠤᠷᠤᠨ ᠤ ᠦᠨᠳᠤᠰᠤᠳᠠᠨ ᠨᠦᠭᠦᠳ ᠤᠨ ᠪᠠᠭᠠᠴᠤᠳ ᠬᠡᠤᠬᠡᠳ ᠲᠤ ᠰᠠᠶᠢᠨ ᠰᠠᠶᠢᠬᠠᠨ ᠬᠦᠰᠡᠯ ᠵᠦᠡᠭᠨᠡᠯ ᠢᠶᠠᠨ ᠲᠡᠪᠰᠢᠬᠦᠯᠵᠠᠢ᠃      ᠰᠤᠷᠭᠠᠭᠤᠯᠢ ᠶᠢᠨ ᠬᠦᠷᠢᠶᠠᠨ ᠳᠤ ᠤᠩᠰᠢᠯᠭ᠎ᠠ ᠶᠢᠨ ᠲᠠᠭᠤ ᠴᠤᠤᠷᠢᠶᠠᠳᠤᠨ᠂ ᠲᠠᠭᠤᠤ ᠬᠦᠭᠵᠢᠮ ᠤᠨ ᠠᠶᠠᠰ ᠬᠠᠩᠬᠢᠨᠠᠵᠤ᠂ ᠬᠦᠷ ᠬᠦᠭᠵᠢᠶᠠᠨ ᠢᠶᠠᠷ ᠪᠢᠯᠬᠠᠨ᠎ᠠ᠃ ᠯᠢ ᠵᠢᠢ ᠡᡁᠧᠩ ᠮᠠᠰᠢᠨ ᠲᠡᠷᠬᠡᠨ ᠠᠴᠠ ᠪᠠᠭᠤᠵᠤ ᠢᠷᠡᠬᠦ ᠳᠤ᠂ ᠬᠡᠤᠬᠡᠳ ᠤᠳ ᠬᠦᠷᠢᠶᠠᠯᠠᠨ ᠢᠷᠡᠵᠡᠭᠡᠵᠤ᠂ ᠲᠡᠷᠡ ᠬᠡᠤᠬᠡᠳ ᠤᠳ ᠤᠨ ᠰᠤᠷᠤᠯᠭ᠎ᠠ ᠶᠢᠨ ᠪᠠᠶᠢᠳᠠᠯ ᠢ ᠠᠰᠠᠭᠤᠵᠤ᠂ ᠬᠡᠤᠬᠡᠳ ᠤᠳ ᠲᠠᠢ ᠭᠠᠷ ᠬᠤᠯᠪᠤᠯᠴᠠᠨ ᠵᠢᠭᠠᠨ ᠰᠤᠷᠭᠠᠯᠳᠠ ᠶᠢᠨ ᠠᠰᠠᠷ ᠲᠤ ᠤᠷᠤᠪᠠ᠃      ᠯᠢ ᠵᠢᠢ ᠡᡁᠧᠩ ᠨᠢᠬᠡᠳᠤᠭᠡᠷ ᠣᠨ ᠤ ᠬᠤᠶᠠᠳᠤᠭᠠᠷ ᠠᠩᠬᠢ ᠳᠤ ᠢᠷᠡᠬᠦ ᠳᠤ᠂ ︽ᠤᠯᠤᠰ ᠢᠶᠠᠨ ᠬᠠᠶᠢᠷᠠᠯᠠᠵᠤ᠂ ᠶᠡᠭᠡ ᠡᠬᠦᠷᠬᠡ ᠶᠢ ᠡᠬᠦᠷᠬᠡᠯᠠᠵᠤ᠂ ᠰᠢᠨ᠎ᠠ ᠴᠠᠬ ᠦᠶ᠎ᠠ ᠶᠢᠨ ᠰᠠᠶᠢᠨ ᠬᠤᠰᠢᠭᠤᠴᠢ ᠠᠩᠬᠢ ᠶᠢᠨ ᠬᠡᠰᠢᠬᠦᠨ ᠪᠤᠯᠬᠤ ᠪᠠᠷ ᠴᠢᠷᠮᠠᠶᠢᠶ᠎ᠠ︾ ᠬᠡᠬᠦ ᠭᠤᠤᠯ ᠰᠡᠳᠤᠪᠳᠤ ᠬᠤᠰᠢᠭᠤᠴᠢ ᠠᠩᠬᠢ ᠶᠢᠨ ᠡᠳᠤᠷ ᠤᠨ ᠠᠵᠢᠯᠯᠠᠭ᠎ᠠ ᠦᠷᠨᠢᠬᠦᠯᠵᠤ ᠪᠠᠶᠢᠪᠠ᠂ ᠨᠢᠬᠡ ᠬᠤᠰᠢᠭᠤᠴᠢ ᠠᠩᠬᠢ ᠶᠢᠨ ᠬᠡᠰᠢᠬᠦᠨ ᠲᠡᠬᠦᠨ ᠳᠤ ᠤᠯᠠᠭᠠᠨ ᠪᠦᠴᠠ ᠵᠡᠬᠦᠯᠬᠡᠪᠠ᠃ ᠯᠢ ᠵᠢᠢ ᠡᡁᠧᠩ᠂ ᠪᠢᠴᠢᠬᠠᠨ ᠨᠠᠶᠢᠵᠠ ᠨᠡᠷ ᠤᠨ ᠪᠠᠶᠠᠷ ᠬᠦᠷ ᠲᠠᠢ᠂ ᠴᠤᠪᠤᠭ᠎ᠠ ᠲᠡᠭᠵᠢᠨ ᠪᠠᠶᠢᠬᠤ ᠶᠢ ᠬᠠᠷᠠᠭᠠᠳ ᠮᠠᠰᠢ ᠪᠠᠶᠠᠷᠯᠠᠪᠠ᠃ ︽6 · 1︾᠎ ᠤ ᠲᠡᠯᠡᠬᠡᠢ ᠶᠢᠨ ᠬᠡᠤᠬᠡᠳ ᠤᠨ ᠪᠠᠶᠠᠷ ᠤᠨ ᠡᠳᠦᠷ ᠤᠳᠠᠯ ᠦᠬᠡᠢ ᠬᠦᠷᠴᠤ ᠢᠷᠡᠬᠦ ᠪᠤᠯᠤᠯ᠎ᠠ᠂ ᠪᠢ ᠲᠠ ᠨᠠᠷ ᠪᠤᠯᠤᠨ ᠪᠦᠬᠦ ᠤᠷᠤᠨ ᠤ ᠪᠠᠭᠠᠴᠤᠳ ᠬᠡᠤᠬᠡᠳ ᠤᠨ ᠪᠠᠶᠠᠷ ᠤᠨ ᠡᠳᠤᠷ ᠲᠤ ᠪᠠᠨ ᠪᠠᠶᠠᠷ ᠪᠠᠶᠠᠰᠬᠤᠯᠠᠩ ᠲᠠᠢ᠂ ᠰᠤᠷᠤᠯᠭ᠎ᠠ ᠲᠠᠪᠰᠢᠯᠳᠠ ᠲᠠᠢ᠂ ᠡᠷᠡᠬᠦᠯ ᠢᠶᠠᠷ ᠦᠰᠤᠨ ᠪᠤᠶᠢᠵᠢᠬᠤ ᠶᠢ ᠤᠷᠢᠳᠴᠢᠯᠡᠨ ᠬᠦᠰᠡᠨ ᠢᠷᠤᠬᠡᠵᠤ ᠪᠠᠶᠢᠨ᠎ᠠ ᠬᠡᠵᠤ ᠬᠡᠯᠠᠪᠠ᠃      ᠤᠯᠠᠭᠠᠨ ᠪᠦᠴᠠ ᠵᠡᠬᠦᠯᠬᠡᠬᠦ ᠶᠤᠰᠤᠯᠠᠯ ᠡᠬᠢᠯᠠᠵᠤ᠂ 10 ᠪᠠᠭᠠᠴᠤᠳ ᠤᠨ ᠬᠤᠰᠢᠭᠤᠴᠢ ᠠᠩᠬᠢ ᠶᠢᠨ ᠬᠡᠰᠢᠬᠦᠨ ᠪᠠᠭᠠᠴᠤᠳ ᠤᠨ ᠬᠤᠰᠢᠭᠤᠴᠢ ᠠᠩᠬᠢ ᠳᠤ ᠰᠢᠨ᠎ᠠ ᠪᠠᠷ ᠡᠯᠰᠡᠭᠳᠡᠭᠰᠡᠨ 30 ᠬᠡᠰᠢᠬᠦᠨ ᠳᠤ ᠤᠯᠠᠭᠠᠨ ᠪᠦᠴᠠ ᠵᠡᠬᠦᠯᠬᠡᠪᠡ᠂ ᠯᠢ ᠵᠢᠢ ᠡᡁᠧᠩ ᠨᠢᠬᠡ ᠰᠢᠨ᠎ᠠ ᠬᠡᠰᠢᠬᠦᠨ ᠳᠤ ᠤᠯᠠᠭᠠᠨ ᠪᠦᠴᠠ ᠵᠡᠬᠦᠯᠬᠡᠵᠤ᠂ ᠲᠡᠷᠡᠴᠢᠯᠠᠨ ᠬᠡᠤᠬᠡᠳ ᠤᠳ ᠲᠠᠢ ᠬᠠᠮᠳᠤ ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠲᠠᠭᠤᠤ︾᠎ ᠶᠢ ᠲᠠᠭᠤᠯᠠᠬᠤ ᠳᠤ᠂ ᠢᠷᠠᠭᠤ ᠡᠭᠡᠰᠢᠭ᠂ ᠰᠡᠳᠭᠢᠯ ᠬᠦᠳᠡᠯᠭᠡᠮ᠎ᠡ ᠲᠠᠭᠤᠤ ᠬᠦᠮᠤᠰ ᠢ ᠲᠤᠬᠳᠤᠯᠤᠭᠤᠯᠵᠤ ᠪᠠᠶᠢᠯ᠎ᠠ᠃      ᠲᠠᠷᠠᠭ᠎ᠠ ᠨᠢ᠂ ᠯᠢ ᠵᠢᠢ ᠡᡁᠧᠩ ᠪᠢᠴᠢᠬᠠᠨ ᠨᠠᠶᠢᠵᠠ ᠨᠡᠷ ᠲᠤ ᠪᠠᠶᠠᠷ ᠤᠨ ᠡᠳᠤᠷ ᠤᠨ ᠪᠡᠯᠡᠭ ᠬᠦᠷᠬᠡᠪᠠ᠃ ᠲᠡᠷᠡ ᠬᠦᠨ ᠰᠡᠳᠬᠢᠯᠬᠡ ᠲᠠᠢ ᠪᠠᠷ ᠬᠡᠯᠡᠬᠦ ᠳᠤ ᠪᠠᠨ᠂ ᠪᠠᠭᠠᠴᠤᠳ ᠬᠡᠤᠬᠡᠳ ᠪᠤᠯ ᠡᠬᠡ ᠤᠯᠤᠰ ᠤᠨ ᠬᠤᠸᠠᠷ ᠴᠡᠴᠡᠭ᠂ ᠦᠨᠳᠤᠰᠤᠳᠠᠨ ᠤ ᠬᠦᠰᠡᠯ ᠡᠷᠡᠮᠡᠯᠵᠡᠯ ᠮᠦᠨ᠂ ᠶᠠᠷᠤᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠰᠤᠷᠭᠠᠯ ᠪᠤᠯᠤᠨ ᠬᠦᠨ ᠬᠦᠰᠡᠯ ᠨᠠᠶᠢᠳᠠᠯᠭ᠎ᠠ ᠶᠢ ᠪᠠᠳᠤ ᠴᠡᠬᠡᠵᠢᠯᠠᠵᠤ᠂ ᠰᠤᠷᠤᠯᠴᠠᠬᠤ ᠳᠤ ᠪᠠᠭ᠋ᠠᠳᠠᠢ᠂ ᠬᠦᠳᠡᠯᠮᠤᠷᠢ ᠳᠤ ᠪᠠᠭ᠋ᠠᠳᠠᠢ᠂ ᠡᠬᠡ ᠤᠯᠤᠰ ᠢᠶᠠᠨ ᠬᠠᠶᠢᠷᠠᠯᠠᠵᠤ᠂ ᠬᠡᠷ ᠲᠤ ᠪᠠᠨ ᠰᠠᠶᠢᠨ ᠬᠡᠤᠬᠡᠳ᠂ ᠰᠤᠷᠭᠠᠭᠤᠯᠢ ᠳᠤ ᠪᠠᠨ ᠰᠠᠶᠢᠨ ᠰᠤᠷᠤᠬᠴᠢ᠂ ᠢᠷᠡᠬᠡᠳᠤᠢ ᠳᠤ ᠨᠡᠶᠢᠬᠡᠮ ᠤᠨ ᠰᠠᠶᠢᠨ ᠢᠷᠬᠡᠨ ᠪᠣᠯᠤᠭᠠᠷᠠᠢ ᠬᠡᠵᠤ ᠵᠤᠷᠢᠬᠵᠢᠭᠤᠯᠪᠠ᠃ ᠲᠡᠷᠡ ᠭᠡᠤᠭᠡᠳ ᠤᠳ ᠢ ᠰᠠᠶᠢᠳᠤᠷ ᠰᠤᠷᠤᠯᠴᠠᠪᠠᠯ ᠰᠠᠶ᠋ᠢ ᠭᠦᠰᠡᠯ ᠵᠡᠭᠦᠳᠤ ᠪᠠᠨ ᠪᠡᠶᠡᠯᠡᠭᠦᠯᠵᠤ ᠴᠢᠳᠠᠨ᠎ᠠ᠂ ᠲᠠ ᠨᠠᠷ ᠬᠠᠳᠠᠭᠤᠵᠢᠯᠳᠠᠢ ᠪᠠᠷ ᠰᠤᠷᠤᠯᠴᠠᠵᠤ᠂ ᠮᠡᠳᠡᠯᠭᠡ ᠪᠠᠨ ᠨᠡᠮᠡᠭᠳᠠᠭᠦᠯᠵᠤ᠂ ᠬᠠᠷᠠᠬᠠᠨ ᠪᠠᠭ᠎ᠠ ᠠᠴᠠ ᠪᠠᠨ ᠶᠠᠭᠠᠬᠢᠵᠤ ᠭᠦᠮᠤᠨ ᠪᠤᠯᠬᠤ ᠶᠢ ᠰᠤᠷᠴᠤ᠂ ᠡᠷᠡᠰ ᠵᠤᠷᠢᠭ ᠰᠢᠭᠤᠳᠬᠤ ᠶᠢ ᠰᠤᠷᠴᠤ᠂ ᠡᠭᠦᠳᠤᠨ ᠪᠦᠳᠤᠭᠡᠭᠦ ᠶᠢ ᠰᠤᠷᠴᠤ᠂ ᠠᠯᠤᠰ ᠤᠨ ᠭᠦᠰᠡᠯᠡᠩ ᠢ ᠪᠤᠢ ᠪᠤᠯᠭᠠᠵᠤ᠂ ᠰᠠᠶᠢᠨ ᠰᠠᠶᠢᠬᠠᠨ ᠶᠤᠰᠤ ᠮᠤᠷᠠᠯ ᠲᠠᠢ ᠪᠣᠯᠵᠤ᠂ ᠪᠡᠶ᠎ᠠ ᠮᠠᠬᠠᠪᠤᠳ ᠢᠶᠠᠨ ᠲᠠᠪᠳᠠᠨ ᠪᠤᠯᠪᠠᠰᠤᠷᠠᠭᠤᠯᠵᠤ᠂ ᠡᠭᠡ ᠤᠯᠤᠰ ᠪᠤᠯᠤᠨ ᠠᠷᠠᠳ ᠲᠦᠮᠡᠨ ᠤ ᠠᠵᠢᠯ ᠦᠢᠯᠡᠰ ᠎ ᠤᠨ ᠭᠦᠭᠵᠢᠯᠳᠠ ᠶᠢᠨ ᠬᠢᠷᠢ ᠲᠡᠩᠴᠡᠭᠰᠡᠨ ᠵᠠᠯᠭᠠᠮᠵᠢᠯᠠᠭᠴᠢ ᠪᠤᠯᠬᠤ ᠪᠠᠷ ᠴᠢᠷᠮᠠᠶᠢᠬᠤ ᠭᠡᠷᠡᠭᠳᠠᠢ ᠭᠡᠵᠤ ᠬᠦᠰᠡᠨ ᠱᠠᠭᠠᠷᠳᠠᠪᠠ᠃ ᠯᠢ ᠵᠢᠢ ᠾᠸᠡᠭ ᠴᠢᠬᠤᠯᠠᠴᠢᠯᠠᠭᠰᠠᠨ ᠨᠢ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠨᠡᠶᠢᠭᠡᠮ ᠤᠨ ᠡᠯ᠎ᠠ ᠡᠳᠡᠭᠡᠳ ᠤᠨ ᠬᠢᠨ ᠪᠦᠷ ᠪᠠᠭᠠᠴᠤᠳ ᠭᠡᠤᠭᠡᠳ ᠢ ᠬᠠᠯᠠᠮᠵᠢᠯᠠᠨ ᠬᠠᠶᠢᠷᠠᠯᠠᠵᠤ᠂ ᠪᠠᠭᠰᠢ ᠪᠤᠯᠤᠨ ᠭᠡᠷ ᠤᠨ ᠠᠬᠠᠮᠠᠳ ᠪᠠᠭᠠᠴᠤᠳ ᠭᠡᠤᠭᠡᠳ ᠤᠨ ᠵᠦᠪ ᠶᠢᠷᠳᠢᠨᠴᠤ ᠶᠢᠨ ᠦᠵᠡᠯᠳᠠ᠂ ᠠᠮᠢᠳᠤᠷᠠᠬᠤᠢ ᠎ ᠶᠢᠨ ᠦᠵᠡᠯᠲᠡ ᠪᠤᠯᠤᠨ ᠦᠷᠳᠡᠭ ᠤᠨ ᠦᠵᠠᠯᠳᠠ ᠶᠢ ᠢᠳᠡᠪᠬᠢᠳᠠᠢ ᠬᠦᠮᠦᠵᠢᠭᠦᠯᠤᠨ ᠵᠢᠯᠤᠭᠤᠳᠴᠤ᠂ ᠪᠠᠭᠠᠴᠤᠳ ᠭᠡᠤᠭᠡᠳ ᠤᠨ ᠰᠢᠨ᠎ᠠ ᠶᠢ ᠡᠭᠦᠳᠭᠦ ᠵᠤᠷᠢᠭ ᠰᠠᠨᠠᠭ᠎ᠠ ᠪᠤᠯᠤᠨ ᠦᠢᠯᠡᠳᠤᠯᠭᠡ ᠶᠢᠨ ᠴᠢᠳᠠᠪᠤᠷᠢ ᠶᠢ ᠭᠦᠮᠤᠵᠢᠭᠦᠯᠵᠤ᠂ ᠲᠡᠳᠡ ᠨᠠᠷ ᠤᠨ ᠰᠤᠷᠤᠯᠴᠠᠵᠤ ᠦᠰᠤᠨ ᠪᠤᠶᠢᠵᠢᠬᠤ ᠳᠤ ᠨᠡᠩ ᠰᠠᠶᠢᠨ ᠤᠷᠴᠢᠨ ᠨᠦᠭᠦᠴᠡᠯ ᠢ ᠴᠢᠷᠮᠠᠶᠢᠨ ᠪᠦᠷᠢᠯᠳᠦᠭᠦᠯᠵᠤ ᠦᠭᠭᠦ ᠭᠡᠷᠡᠭᠳᠠᠢ ᠭᠡᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠱᠤᠤ ᠴᠦᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号