5 ᠳ᠋ᠤᠭᠠᠷ ᠰᠠᠷ᠎ᠠ ᠶᠢᠨ 23 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠡᠷᠭᠡ | ᠤᠯᠭᠤᠯᠳᠠ ᠪᠠᠷ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠳᠢᠩᠬᠢᠮ ᠢᠯᠡ ᠪᠠᠷ ᠳᠠᠭᠠᠭᠠᠴᠢᠯᠠᠯᠳᠠ | ᠵᠠᠷᠯᠠᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠢᠭᠡᠯᠡᠯᠭᠡ ᠶᠢᠨ ᠳᠡᠮᠳᠡᠭᠳᠦ ᠶᠢ 45.3403 | ᠳ᠋ᠦᠩᠰᠢᠭᠤᠷ ᠲᠦᠭᠦᠷᠢᠭ ᠳᠠᠷᠬᠠᠭᠠᠪᠠ᠃ ᠡᠨᠡ ᠨᠢ ᠪᠦᠬᠦᠨ ᠢᠶᠠᠷ ᠢᠶᠠᠨ 3 ᠵᠢᠯ ᠤᠨ ᠬᠤᠭᠤᠴᠠᠭ᠎ᠠ ᠲᠠᠢ ᠳᠠᠬᠢᠨᠳᠠ | ᠪᠡᠯᠡ ᠬᠤᠷᠠᠮᠳᠤᠭᠤᠯᠬᠤ ᠴᠢᠨᠠᠷᠳᠠᠢ ᠡᠩ ᠤᠨ ᠵᠢᠭᠡᠯᠡᠯᠭᠡ ᠶᠢᠨ ᠲᠡᠮᠳᠡᠭᠲᠦ ᠪᠣᠯᠬᠤ ᠪᠦᠭᠡᠳ ᠲᠠᠷᠬᠠᠭᠠᠬᠤ ᠬᠥᠥ ᠶᠢᠨ | ᠨᠣᠷᠮ᠎ᠠ ᠨᠢ 3.22% ᠪᠣᠯᠣᠨ᠎ᠠ᠃ ᠲᠤᠰ ᠪᠦᠯᠦᠭ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠪᠦᠬᠦᠨ ᠢ | ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠲᠥᠯᠥᠬᠦ ᠳᠤ ᠬᠡᠷᠡᠭᠯᠡᠨ᠎ᠡ᠃ | ᠣᠳᠣᠬᠠᠨ ᠪᠣᠯᠲᠠᠯ᠎ᠠ᠂ ᠮᠠᠨ ᠤ ᠤᠷᠤᠨ ᠲᠤᠰ ᠵᠢᠯ ᠳᠤ ᠨᠢᠭᠡᠨᠲᠡ ᠲᠠᠪᠤᠨ ᠪᠦᠯᠦᠭ ᠬᠤᠪᠢᠶᠠᠨ 443.3 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠭᠰᠠᠨ ᠪᠠᠶᠢᠨ᠎ᠠ᠃ ᠡᠭᠦᠨ ᠤ ᠳᠣᠲᠣᠷ᠎ᠠ᠂ | ᠰᠢᠨ᠎ᠠ ᠪᠠᠷ ᠨᠡᠮᠡᠭᠳᠡᠭᠦᠯᠦᠭᠰᠡᠨ ᠵᠢᠭᠡᠯᠡᠯᠭᠡ ᠶᠢᠨ ᠲᠡᠮᠳᠡᠭᠲᠦ 325 ᠳ᠋ᠦᠩᠰᠢᠭᠤᠷ ᠲᠥᠭᠦᠷᠢᠭ ᠪᠠᠶᠢᠵᠤ᠂ ᠪᠦᠬᠦ ᠵᠢᠯ ᠤᠨ | ᠲᠠᠷᠬᠠᠭᠠᠯᠲᠠ ᠶᠢᠨ ᠬᠡᠮᠵᠢᠶ᠎ᠠ ᠶᠢᠨ 48.6% ᠶᠢ ᠪᠡᠶᠡᠯᠡᠭᠦᠯᠦᠭᠰᠡᠨ ᠪᠠᠶᠢᠨ᠎ᠠ︔ ᠳᠠᠬᠢᠨᠳᠠ ᠪᠡᠯᠡ ᠬᠤᠷᠠᠮᠳᠤᠭᠤᠯᠬᠤ | ᠴᠢᠨᠠᠷᠳᠠᠢ ᠵᠢᠭᠡᠯᠡᠯᠭᠡ ᠶᠢᠨ ᠲᠡᠮᠳᠡᠭᠲᠦ ᠶᠢ 108.3 ᠳ᠋ᠦᠩᠰᠢᠭᠤᠷ ᠲᠥᠭᠦᠷᠢᠭ ᠪᠠᠶᠢᠵᠤ᠂ ᠪᠦᠬᠦ ᠵᠢᠯ ᠤᠨ ᠲᠠᠷᠬᠠᠭᠠᠬᠤ | ᠬᠡᠮᠵᠢᠶ᠎ᠠ ᠶᠢᠨ 29.3% ᠶᠢ ᠪᠡᠶᠡᠯᠡᠭᠦᠯᠦᠭᠰᠡᠨ ᠪᠠᠶᠢᠨ᠎ᠠ᠃ |