ᠪᠦ᠋ ᠰᠢᠶᠣᠤ ᠯᠢᠨ ᠰᠢᠯᠢ ᠶᠢᠨ ᠭᠤᠣᠯ ᠠᠶᠢᠮᠠᠭ ᠲᠤ ᠠᠮᠢ ᠠᠬᠤᠢ ᠶᠢᠨ ᠬᠠᠮᠠᠭᠠᠯᠠᠯᠲᠠ ᠶᠢ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠭᠰᠠᠨ ᠨᠢ ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ ᠪᠣᠬᠢᠷᠲᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠦᠨᠡᠨ ᠬᠦ ᠪᠣᠶ ᠪᠣᠯᠭᠠᠵᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2019/5/28
     5 ᠳ᠋ᠤᠭᠠᠷ ᠰᠠᠷ᠎ᠠ ᠶᠢᠨ 24᠎ ᠠᠴᠠ 26᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠰᠢᠯᠢ ᠶᠢᠨ ᠭᠤᠣᠯ ᠠᠶᠢᠮᠠᠭ ᠲᠤ ᠠᠮᠢ ᠠᠬᠤᠢ ᠶᠢᠨ ᠬᠠᠮᠠᠭᠠᠯᠠᠯᠲᠠ᠂ ᠮᠠᠯᠵᠢᠬᠤ ᠣᠷᠣᠨ ᠤ ᠵᠣᠷᠯᠣᠩ ᠤᠨ ᠥᠭᠡᠷᠡᠴᠢᠯᠡᠯᠳᠡ ᠵᠡᠷᠭᠡ ᠠᠵᠢᠯ ᠎ ᠢ ᠪᠠᠶᠢᠴᠠᠭᠠᠨ ᠰᠤᠳᠤᠯᠪᠠ᠃      ᠲᠤᠯᠤᠨ ᠨᠠᠭᠤᠷ ᠰᠢᠶᠠᠨ ᠪᠡᠭᠡᠵᠢᠩ ᠠᠴᠠ 180 ᠺᠢᠯᠣᠮᠧᠲᠷ ᠵᠠᠶᠢᠲᠠᠢ ᠪᠠᠶᠢᠵᠤ᠂ ᠪᠡᠭᠡᠵᠢᠩ ᠤᠨ ᠤᠮᠠᠷᠠᠳᠤ ᠬᠡᠰᠡᠭ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠪᠡᠭᠡᠵᠢᠩ ᠲᠢᠶᠠᠨᠵᠢᠨ ᠤ ᠡᠷᠬᠢᠨ ᠳᠤᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠡᠬᠢᠯᠡᠯᠲᠡ ᠶᠢᠨ ᠭᠠᠵᠠᠷ ᠪᠣᠯᠤᠨ᠎ᠠ᠂ ᠪᠠᠰᠠ ᠴᠤ ᠤᠮᠠᠷᠠᠲᠤ ᠣᠷᠣᠨ ᠤ ᠬᠤᠶᠠᠳᠤᠭᠠᠷ ᠶᠡᠭᠡ ᠭᠤᠣᠯ ᠪᠤᠯᠬᠤ ᠯᠤᠸᠠᠨᠾᠧ ᠭᠤᠣᠯ ᠤᠨ ᠳᠡᠭᠡᠳᠤ ᠤᠷᠤᠰᠬᠠᠯ ᠤᠨ ᠴᠢᠬᠤᠯᠠ ᠣᠰᠣᠨ ᠤ ᠰᠤᠷᠪᠤᠯᠵᠢ ᠶᠢᠨ ᠬᠠᠳᠠᠭᠠᠯᠠᠭᠳᠠᠴᠠ ᠶᠢᠨ ᠭᠠᠵᠠᠷ ᠪᠣᠯᠤᠨ᠎ᠠ᠃ ᠪᠦ᠋ ᠰᠢᠶᠣᠤ ᠯᠢᠨ ᠨᠢᠰᠬᠡᠯ ᠠᠴᠠ ᠪᠠᠭᠤᠮᠠᠭᠴᠠ ᠮᠠᠰᠢᠨ ᠳᠡᠷᠬᠡᠨ ᠳᠤ ᠰᠠᠭᠤᠵᠥ 240 ᠺᠢᠯᠣᠮᠧᠲᠷ ᠠᠶᠠᠯᠠᠵᠤ᠂ ᠲᠤᠯᠤᠨ ᠨᠠᠭᠤᠷ ᠰᠢᠶᠠᠨ ᠳᠤ ᠬᠦᠷᠴᠦ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠪᠠᠶᠢᠴᠠᠭᠠᠨ ᠰᠤᠳᠤᠯᠪᠠ᠃ ᠳᠡᠯᠬᠡᠷᠡᠬᠦ ᠵᠤᠨ ᠤ ᠡᠬᠢ ᠪᠠᠷ᠂ ᠵᠠᠮ ᠳᠠᠭᠠᠤ ᠡᠪᠡᠰᠦ ᠤᠷᠭᠤᠮᠠᠯ ᠬᠦᠬᠡᠷᠡᠵᠥ᠂ ᠤᠢ ᠮᠣᠳᠣ ᠴᠡᠯᠭᠡᠷᠡᠨ ᠨᠤᠭᠤᠭᠠᠷᠠᠨ᠎ᠠ᠃ ᠪᠦ᠋ ᠰᠢᠶᠣᠤ ᠯᠢᠨ ᠲᠤᠯᠤᠨ ᠨᠠᠭᠤᠷ ᠎ ᠤᠨ ᠠᠮᠢ ᠠᠬᠤᠢ ᠶᠢᠨ ᠵᠠᠰᠠᠯᠲᠠ ᠵᠢᠴᠢ ᠯᠤᠸᠠᠨᠾᠧ ᠭᠤᠤᠯ ᠤᠨ ᠳᠡᠭᠡᠳᠤ ᠤᠷᠤᠰᠬᠠᠯ ᠤᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠪᠠᠶᠢᠳᠠᠯ ᠢ ᠳᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠬᠤᠯᠠᠨ ᠰᠢᠷᠭ᠎ᠠ ᠲᠠᠭ᠎ᠠ ᠡᠯᠡᠰᠦᠨ ᠴᠦᠯ ᠤᠨ ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ ᠶᠢᠨ ᠡᠯ ᠳ᠋ᠤᠤ ᠸᠠ ᠲᠥᠷᠥᠯ ᠵᠦᠢᠯ ᠤᠨ ᠲᠣᠭᠤᠷᠢᠭ ᠲᠤ ᠬᠦᠷᠴᠦ᠂ ᠬᠥᠮᠦᠨ ᠤ ᠲᠠᠷᠢᠵᠤ ᠣᠶᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠪᠦ᠋ ᠰᠢᠶᠣᠤ ᠯᠢᠨ ᠵᠢᠭᠠᠵᠤ ᠭᠠᠷᠭᠠᠭᠰᠠᠨ ᠨᠢ᠂ ᠨᠤᠭᠤᠭᠠᠨ ᠦᠩᠬᠡ ᠪᠣᠯ ᠮᠠᠨ ᠤ ᠦᠨᠡᠳᠤ ᠡᠳ᠋ ᠪᠠᠶᠠᠯᠢᠭ ᠮᠦᠨ᠂ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠡᠯᠭᠡ ᠲᠡᠮᠳᠡᠭ ᠮᠥᠨ᠂ ᠨᠤᠭᠤᠭᠠᠨ ᠦᠩᠬᠡ ᠶᠢ ᠨᠡᠮᠡᠭᠳᠡᠭᠦᠯᠬᠦ ᠪᠣᠯ ᠳᠠᠷᠤᠢ ᠮᠠᠨ ᠤ ᠡᠳ᠋ ᠪᠠᠶᠠᠯᠢᠭ ᠢᠶᠠᠨ ᠨᠡᠮᠡᠭᠳᠡᠭᠦᠯᠵᠤ ᠪᠠᠶᠢᠭ᠎ᠠ ᠶᠠᠪᠤᠳᠠᠯ ᠪᠣᠯᠤᠨ᠎ᠠ᠃ ᠠᠮᠢ ᠠᠬᠤᠢ ᠎ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠦᠨᠡᠨ ᠬᠦ ᠪᠣᠶ ᠪᠣᠯᠭᠠᠨ ᠨᠠᠶᠢᠳᠠᠪᠤᠷᠢᠵᠢᠭᠤᠯᠵᠥ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠠᠭᠤᠯᠠ ᠨᠢ ᠬᠥᠬᠡᠮᠳᠦᠭ ᠤᠰᠤ ᠨᠢ ᠳᠤᠩᠭᠠᠯᠠᠬ ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ ᠪᠤᠯᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃      ᠮᠠᠯᠵᠢᠬᠤ ᠣᠷᠣᠨ ᠤ ᠵᠣᠷᠯᠣᠩ ᠤᠨ ᠥᠭᠡᠷᠡᠴᠢᠯᠡᠯᠲᠡ ᠶᠢ ᠬᠢᠷᠢ ᠵᠡᠷᠭᠡ ᠠᠬᠢᠭᠤᠯᠤᠭᠰᠠᠨ ᠪᠤᠯ︖ ᠪᠦ᠋ ᠰᠢᠶᠣᠤ ᠯᠢᠨ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠪᠠᠶᠠᠨᠭᠤᠣᠯ ᠭᠠᠴᠠᠭ᠎ᠠ ᠶᠢᠨ ᠮᠠᠯᠵᠢᠬᠤ ᠡᠷᠦᠬᠡ ᠳᠤ ᠭᠦᠨᠵᠡᠭᠡᠶᠢᠷᠡᠵᠦ᠂ ᠵᠣᠷᠯᠣᠩ ᠤᠨ ᠤᠭᠰᠠᠷᠠᠯᠳᠠ ᠶᠢ ᠪᠠᠶᠢᠴᠠᠭᠠᠨ ᠦᠵᠡᠵᠦ᠂ ᠮᠠᠯᠵᠢᠬᠤ ᠡᠷᠦᠬᠡ ᠶᠢᠨ ᠬᠡᠷᠡᠭᠯᠡᠭᠡᠨ ᠤ ᠲᠤᠰᠬᠠᠯ ᠢ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠵᠢᠵᠢᠭ ᠵᠣᠷᠯᠣᠩ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠳᠤ ᠬᠤᠯᠪᠣᠭᠳᠠᠵᠤ ᠪᠤᠢ᠂ ᠵᠣᠷᠯᠣᠩ ᠤᠨ ᠳᠤᠲᠠᠭᠤᠳᠠᠯ ᠢ ᠨᠥᠬᠦᠪᠥᠷᠢᠯᠡᠬᠦ ᠨᠢ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠎ ᠤᠨ ᠥᠭᠡᠷᠡᠴᠢᠯᠡᠯᠳᠡ ᠭᠡᠬᠦ ᠡᠨᠡ ᠬᠦ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠤᠷᠳᠤ ᠬᠤᠭᠤᠴᠠᠭ᠎ᠠ ᠪᠠᠷ ᠴᠢᠩᠭ᠎ᠠ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ ᠭᠡᠵᠡᠢ᠃      ᠪᠦ᠋ ᠰᠢᠶᠣᠤ ᠯᠢᠨ ᠪᠠᠰᠠ ᠰᠥᠨᠢᠳ ᠵᠡᠭᠦᠨ ᠬᠤᠰᠢᠭᠤᠨ ᠤ ᠮᠠᠯᠵᠢᠬᠤ ᠡᠷᠦᠬᠡ ᠶᠦᠨ ᠲᠣᠤ ᠶᠢᠨ ᠭᠡᠷ᠂ ᠠᠪᠠᠭ᠎ᠠ ᠬᠤᠰᠢᠭᠤᠨ ᠤ ᠮᠠᠯᠵᠢᠬᠤ ᠡᠷᠦᠬᠡ ᠲᠡᠮᠦᠷ ᠤᠨ ᠭᠡᠷ ᠲᠤ ᠬᠦᠷᠴᠦ ᠡᠷᠬᠢᠨ ᠦᠵᠡᠵᠥ᠂ ᠮᠠᠯ ᠲᠡᠵᠢᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠪᠠ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠣᠶᠢᠯᠠᠭᠠᠪᠠ᠃ 2016 ᠣᠨ ᠤ 5 ᠳ᠋ᠤᠭᠠᠷ ᠰᠠᠷ᠎ᠠ ᠳᠤ᠂ ᠪᠦ᠋ ᠰᠢᠶᠣᠤ ᠯᠢᠨ ᠶᠦᠨ ᠲᠣᠤ ᠶᠢᠨ ᠳᠤ ᠢᠷᠡᠵᠤ᠂ ᠴᠢᠨᠡᠭᠡᠯᠢᠭ ᠰᠢᠨ᠎ᠡ ᠣᠷᠣᠨ ᠰᠠᠭᠤᠴᠠ ᠪᠣᠯᠤᠨ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠣᠶᠢᠯᠠᠭᠠᠵᠥ ᠦᠩᠬᠡᠷᠡᠪᠡ᠃ 3 ᠵᠢᠯ ᠤᠨ ᠳᠠᠷᠠᠭ᠎ᠠ᠂ ᠶᠦᠨ ᠲᠣᠤ ᠶᠢᠨ ᠬᠢᠨ ᠪᠠᠰᠠ ᠨᠢᠭᠡ ᠰᠢᠨ᠎ᠡ ᠬᠡᠯᠪᠡᠷᠢ ᠶᠢᠨ ᠡᠨᠧᠷᠭᠢ ᠠᠷᠪᠢᠯᠠᠬᠤ ᠭᠡᠷ ᠪᠠᠷᠢᠵᠤ᠂ ᠳᠡᠷᠡ ᠭᠠᠷ ᠤᠲᠠᠰᠤᠨ ᠤ ᠪᠠᠨ ︽ᠤᠶᠤᠨᠲᠤ ᠮᠠᠯᠵᠢᠯ ᠤᠨ ᠲᠠᠯᠠᠪᠠᠢ︾ APP᠎ ᠪᠠᠷ ᠳᠠᠮᠵᠢᠭᠤᠯᠤᠨ ᠨᠢᠭᠡ ᠬᠥᠮᠥᠨ 50 ᠦᠬᠡᠷ ᠬᠠᠷᠢᠭᠤᠯᠵᠤ ᠴᠢᠳᠠᠬᠤ ᠪᠤᠯᠤᠬᠰᠠᠨ ᠤ ᠬᠠᠮᠲᠤ ᠡᠬᠡᠨᠡᠷ ᠲᠠᠢ ᠪᠠᠨ ᠬᠤᠰᠢᠭᠤᠨ ᠳᠤ ᠪᠠᠨ ᠬᠥᠴᠦᠨ ᠤ ᠠᠵᠢᠯ ᠬᠢᠵᠦ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠡᠶᠡᠴᠢᠯᠡᠨ ᠦᠢᠯᠠᠭᠠᠬᠤ ᠮᠠᠶ᠋ᠢᠭ ᠤᠨ ᠵᠢᠭᠤᠯᠴᠢᠯᠠᠯ ᠤᠨ ᠦᠢᠯᠡᠰ ᠡᠷᠬᠢᠯᠡᠬᠦ ᠪᠠᠷ ᠪᠡᠯᠡᠳᠬᠡᠵᠦ᠂ ᠭᠡᠷ ᠪᠦᠯᠢ ᠶᠢᠨ ᠣᠷᠣᠯᠭ᠎ᠠ ᠨᠢ 3 ᠵᠢᠯ ᠤᠨ ᠡᠮᠦᠨᠡᠬᠢ ᠠᠴᠠ ᠶᠡᠭᠡ ᠪᠠᠷ ᠳᠡᠭᠡᠭᠰᠢᠯᠡᠭᠰᠡᠨ ᠪᠠᠶᠢᠨ᠎ᠠ᠃ ᠶᠦᠨ ᠲᠣᠤ ᠶᠢᠨ ᠰᠢᠨ᠎ᠡ ᠬᠡᠷ ᠲᠤ ᠰᠠᠭᠤᠵᠤ᠂ ᠲᠡᠭᠦᠨ ᠤ ᠦᠢᠯᠡᠳᠪᠦᠷᠢᠯᠡᠯ ᠠᠮᠢᠳᠤᠷᠠᠯ ᠤᠨ ᠬᠤᠪᠢᠷᠠᠯᠲᠠ ᠶᠢᠨ ᠲᠤᠬᠠᠢ ᠶᠠᠷᠢᠬᠤ ᠶᠢ ᠨᠢ ᠰᠣᠨᠣᠰᠤᠭᠠᠳ ᠪᠦ᠋ ᠰᠢᠶᠣᠤ ᠯᠢᠨ ᠮᠠᠰᠢ ᠪᠠᠶᠠᠷᠯᠠᠵᠤ᠂ ᠲᠡᠭᠦᠨ ᠢ ᠲᠡᠵᠢᠭᠡᠪᠦᠷᠢ ᠶᠢᠨ ᠪᠦᠲᠦᠴᠡ ᠪᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢᠶᠠᠨ ᠥᠷᠭᠡᠳᠬᠡᠵᠦ᠂ ᠠᠮᠢᠳᠤᠷᠠᠯ ᠢᠶᠠᠨ ᠶᠠᠪᠤᠬᠤ ᠲᠣᠲᠤᠮ ᠰᠠᠶᠢᠵᠢᠷᠠᠭᠤᠯᠬᠤ ᠪᠤᠯᠳᠤᠭᠠᠢ ᠭᠡᠵᠤ ᠵᠣᠷᠢᠭᠵᠢᠭᠤᠯᠪᠠ᠃      ᠰᠥᠨᠢᠳ ᠵᠡᠭᠦᠨ ᠬᠤᠰᠢᠭᠤᠨ ᠳᠤ᠂ ᠪᠦ᠋ ᠰᠢᠶᠣᠤ ᠯᠢᠨ ᠪᠠᠰᠠ ᠮᠠᠯᠵᠢᠬᠤ ᠣᠷᠣᠨ ᠤ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠪᠠᠶᠢᠳᠠᠯ ᠢ ᠴᠡᠭᠴᠡᠯᠡᠨ ᠵᠢᠷᠤᠮᠵᠢᠭᠤᠯᠬᠤ ᠲᠤᠬᠠᠢ ᠪᠠᠶᠢᠴᠠᠭᠠᠨ ᠰᠤᠳᠤᠯᠵᠤ᠂ ᠠᠷᠠᠳ ᠎ ᠤᠨ ᠬᠤᠭᠤᠷᠣᠨᠳᠣᠬᠢ ᠵᠢᠭᠡᠯᠡᠯᠭᠡ ᠶᠢᠨ ᠠᠵᠢᠯᠯᠠᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠵᠤ᠂ ᠠᠷᠠᠳ ᠤᠨ ᠬᠤᠭᠤᠷᠣᠨᠳᠣᠬᠢ ᠪᠡᠯᠡ ᠮᠥᠩᠭᠦᠨ ᠤ ᠡᠷᠡᠭᠦᠯ ᠪᠥᠭᠡᠳ ᠡᠮᠬᠢ ᠵᠢᠷᠤᠮ ᠲᠠᠢ ᠭᠦᠢᠯᠭᠡᠭᠡ ᠶᠢ ᠬᠥᠲᠥᠯᠥᠨ ᠵᠢᠯᠣᠭᠤᠳᠴᠤ᠂ ᠠᠵᠤ ᠠᠬᠤᠢ ᠮᠥᠩᠭᠦᠨ ᠭᠦᠢᠯᠭᠡᠭᠡᠨ ᠤ ᠡᠮᠬᠢ ᠳᠢᠭᠯᠢᠮ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号