ᠲᠤᠰᠢᠶᠠᠯ ᠳᠤ ᠲᠤᠮᠢᠯᠠᠬᠤ ᠪᠠᠷ ᠪᠠᠶᠢᠭ᠎ᠠ ᠺᠠᠳ᠋ᠷ ᠢ ᠢᠯᠡ ᠨᠡᠶᠢᠲᠡᠯᠡᠬᠦ ᠲᠤᠬᠠᠢ ᠠᠯᠪᠠᠠ ᠵᠠᠷᠯᠠᠯ
ᠨᠡᠶᠢᠲᠡᠯᠡᠭᠰᠡᠨ ᠴᠠᠭ᠄
2019/5/28

     ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ ᠰᠤᠲᠤᠯᠤᠭᠠᠳ ᠲᠤᠰᠢᠶᠠᠯ ᠳᠤ ᠲᠤᠮᠢᠯᠠᠬᠤ ᠪᠠᠷ ᠪᠠᠶᠢᠭ᠎ᠠ ᠲᠤᠤᠷᠠᠬᠢ 9 ᠨᠡᠷᠡᠰ ᠺᠠᠳ᠋ᠷ ᠢ ᠢᠯᠡ ᠨᠡᠶᠢᠲᠡᠯᠡᠬᠦ ᠪᠠᠷ ᠲᠤᠭᠲᠠᠵᠠᠢ᠃
     ᠨᠢᠭᠡ᠂ ᠢᠯᠡ ᠨᠡᠶᠢᠲᠡᠯᠡᠬᠦ ᠨᠡᠷᠡᠰ
     ᠵᠠᠩ ᠷᠦᠨ ᠱᠧᠩ᠂ 1963 ᠣᠨ ᠤ 11 ᠳ᠋ᠦ᠋ᠭᠡᠷ ᠰᠠᠷ᠎ᠠ ᠳᠤ ᠲᠦᠷᠦᠵᠠᠢ᠂ ᠲᠦᠪ ᠤᠨ ᠨᠠᠮ ᠤᠨ ᠰᠤᠷᠭᠠᠭᠤᠯᠢ ᠶᠢᠨ ᠠᠰᠫᠢᠷᠠᠠᠲ ᠤᠨ ᠰᠤᠷᠤᠯᠭ᠎ᠠ ᠶᠢᠨ ᠨᠠᠮᠲᠠᠷ ᠲᠠᠢ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠭᠡᠰᠢᠭᠦᠠ᠂ ᠤᠲᠤ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠤᠷᠢᠶ᠎ᠠ ᠶᠢᠨ ᠠᠯᠪᠠᠠ ᠭᠡᠷ ᠤᠨ ᠲᠡᠳ᠋ ᠡᠷᠬᠢᠯᠡᠭᠴᠢ ᠶᠢᠨ ᠲᠤᠰᠢᠶᠠᠯ ᠲᠠᠢ᠂ ᠦᠪᠡᠷᠲᠡᠭᠡᠡ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠲᠢᠩᠭᠢᠮ ᠤᠨ ᠲᠡᠰ ᠤᠨ ᠤᠲᠤᠷᠢᠳᠬᠤ ᠲᠤᠰᠢᠶᠠᠯ ᠳᠤ ᠲᠡᠪᠰᠢᠭᠦᠯᠦᠨ ᠲᠤᠮᠢᠯᠠᠬᠤ ᠪᠠᠷ ᠪᠠᠶᠢᠨ᠎ᠠ︔
     ᠵᠢᠶᠠᠩ ᠯᠠᠠ ᠮᠸᠢ᠂ ᠡᠮᠡᠭᠲᠡᠢ᠂ 1964 ᠣᠨ ᠤ 5 ᠳ᠋ᠤᠭᠠᠷ ᠰᠠᠷ᠎ᠠ ᠳᠤ ᠲᠦᠷᠦᠵᠠᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠲᠤ ᠦᠪᠡᠷᠲᠡᠭᠡᠡ ᠵᠠᠰᠠᠬᠤ ᠤᠷᠤᠨ ᠤ ᠡᠨᠧᠷᠬᠢ ᠶᠢᠨ ᠲᠤᠪᠴᠢᠶᠠᠠ ᠤ ᠭᠠᠵᠠᠷ ᠤᠨ ᠲᠡᠰ ᠤᠨ ᠺᠠᠳ᠋ᠷ ᠤᠨ ᠲᠤᠰᠢᠶᠠᠯ ᠲᠠᠢ᠂ ᠦᠪᠡᠷᠲᠡᠭᠡᠡ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠲᠡᠳ᠋ ᠲᠢᠩᠭᠢᠮ ᠤᠨ ᠲᠡᠰ ᠤᠨ ᠤᠲᠤᠷᠢᠳᠬᠤ ᠲᠤᠰᠢᠶᠠᠯ ᠳᠤ ᠲᠡᠪᠰᠢᠭᠦᠯᠦᠨ ᠲᠤᠮᠢᠯᠠᠬᠤ ᠪᠠᠷ ᠪᠠᠶᠢᠨ᠎ᠠ︔
     ᠵᠸᠤ ᠬᠠᠢ ᠴᠧᠩ᠂ 1964 ᠣᠨ ᠤ 12 ᠳ᠋ᠤᠭᠠᠷ ᠰᠠᠷ᠎ᠠ ᠳᠤ ᠲᠦᠷᠦᠵᠠᠢ᠂ ᠪᠡᠭᠡᠵᠢᠩ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠲᠤ ᠦᠪᠡᠷᠲᠡᠭᠡᠡ ᠵᠠᠰᠬᠠᠤ ᠤᠷᠤᠠ ᠤ ᠠᠷᠠᠳ ᠤᠨ ᠪᠠᠶᠢᠴᠠᠭᠠᠬᠤ ᠬᠤᠷᠢᠶᠠᠠ ᠤ ᠲᠠᠩᠨᠠᠠ ᠪᠠᠶᠢᠴᠠᠭᠠᠬᠤ ᠬᠢᠨᠠᠯᠳᠠ ᠲᠠᠯᠪᠢᠬᠤ ᠭᠠᠵᠠᠷ ᠤᠨ ᠲᠠᠷᠤᠭ᠎ᠠ᠂ ᠬᠤᠶᠠᠲᠤᠭᠠᠷ ᠲᠡᠰ ᠤᠨ ᠲᠡᠭᠡᠲᠦ ᠵᠡᠷᠭᠡ ᠶᠢᠨ ᠪᠠᠶᠢᠴᠠᠭᠠᠭᠴᠢ ᠶᠢᠨ ᠲᠤᠰᠢᠶᠠᠯ ᠲᠠᠢ᠂ ᠦᠪᠡᠷᠲᠡᠭᠡᠡ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠲᠡᠳ᠋ ᠲᠢᠩᠭᠢᠮ ᠤᠨ ᠲᠡᠰ ᠤᠨ ᠤᠲᠤᠷᠢᠳᠬᠤ ᠲᠤᠰᠢᠶᠠᠯ ᠳᠤ ᠲᠡᠪᠰᠢᠭᠦᠯᠦᠨ ᠲᠤᠮᠢᠯᠠᠬᠤ ᠪᠠᠷ ᠪᠠᠶᠢᠨ᠎ᠠ︔
     ᠵᠤᠤ ᠬᠦᠸᠧ ᠬᠤᠸᠠ᠂ 1975 ᠣᠨ ᠤ 8 ᠳ᠋ᠤᠭᠠᠷ ᠰᠠᠷ᠎ᠠ ᠳᠤ ᠲᠦᠷᠦᠵᠠᠢ᠂ ᠲᠤᠮᠲᠠᠲᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠴᠠᠭᠠᠵᠠ ᠶᠢᠨ ᠮᠠᠰᠲ᠋ᠧᠷ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠲᠤ ᠦᠪᠡᠷᠲᠡᠭᠡᠡ ᠵᠠᠰᠬᠠᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠠ ᠤ ᠬᠠᠤᠯᠢ ᠴᠠᠭᠠᠵᠠ ᠲᠦᠷᠦ ᠶᠢᠨ ᠪᠤᠲᠤᠯᠭ᠎ᠠ ᠶᠢᠨ ᠰᠤᠲᠤᠯᠭᠠᠠ ᠤ ᠲᠠᠰᠤᠭ ᠤᠨ ᠡᠷᠬᠢᠯᠡᠭᠴᠢ᠂ ᠭᠤᠷᠪᠠᠲᠤᠭᠠᠷ ᠲᠡᠰ ᠤᠨ ᠲᠡᠭᠡᠲᠦ ᠵᠡᠷᠭᠡ ᠶᠢᠨ ᠪᠠᠶᠢᠴᠠᠭᠠᠭᠴᠢ ᠶᠢᠨ ᠲᠤᠰᠢᠶᠠᠯ ᠲᠠᠢ᠂ ᠠᠶᠢᠮᠠᠭ ᠬᠤᠲᠠ ᠶᠢᠨ ᠲᠡᠳ᠋ ᠲᠢᠩᠭᠢᠮ ᠤᠨ ᠲᠡᠰ ᠤᠨ ᠤᠲᠤᠷᠢᠳᠬᠤ ᠲᠤᠰᠢᠶᠠᠯ ᠳᠤ ᠲᠡᠪᠰᠢᠭᠦᠯᠦᠨ ᠲᠤᠮᠢᠯᠠᠬᠤ ᠪᠠᠷ ᠪᠠᠶᠢᠨ᠎ᠠ︔
     ᠸᠠᠩ ᠶᠠᠠ ᠴᠦᠠ᠂ 1972 ᠣᠨ ᠤ 11 ᠳ᠋ᠦ᠋ᠭᠡᠷ ᠰᠠᠷ᠎ᠠ ᠳᠤ ᠲᠦᠷᠦᠵᠠᠢ᠂ ᠮᠤᠩᠭᠤᠯ ᠦᠨᠲᠦᠰᠦᠲᠡᠡ᠂ ᠲᠤᠮᠲᠠᠲᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠴᠠᠭᠠᠵᠠ ᠶᠢᠨ ᠮᠠᠰᠲ᠋ᠧᠷ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠲᠤ ᠦᠪᠡᠷᠲᠡᠭᠡᠡ ᠵᠠᠰᠬᠠᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠠ ᠤ ᠢᠷᠭᠡᠡ ᠤ ᠭᠡᠷᠡᠭ ᠤᠨ ᠵᠠᠰᠠᠭ ᠵᠠᠬᠢᠷᠭᠠᠠ ᠤ ᠪᠠᠶᠢᠴᠠᠭᠠᠬᠤ ᠭᠠᠵᠠᠷ ᠤᠨ ᠲᠠᠷᠤᠭ᠎ᠠ᠂ ᠭᠤᠷᠪᠠᠲᠤᠭᠠᠷ ᠲᠡᠰ ᠤᠨ ᠲᠡᠭᠡᠲᠦ ᠵᠡᠷᠭᠡ ᠶᠢᠨ ᠪᠠᠶᠢᠴᠠᠭᠠᠭᠴᠢ ᠶᠢᠨ ᠲᠤᠰᠢᠶᠠᠯ ᠲᠠᠢ᠂ ᠦᠪᠡᠷᠲᠡᠭᠡᠡ ᠵᠠᠰᠬᠠᠤ ᠤᠷᠤᠨ ᠤ ᠠᠶᠢᠮᠠᠭ ᠬᠤᠲᠠ ᠶᠢᠨ ᠲᠡᠳ᠋ ᠲᠢᠩᠭᠢᠮ ᠤᠨ ᠲᠡᠰ ᠤᠨ ᠤᠲᠤᠷᠢᠳᠬᠤ ᠲᠤᠰᠢᠶᠠᠯ ᠳᠤ ᠲᠡᠪᠰᠢᠭᠦᠯᠦᠨ ᠲᠤᠮᠢᠯᠠᠬᠤ ᠪᠠᠷ ᠪᠠᠶᠢᠨ᠎ᠠ︔
     ᠹᠠᠠ ᠴᠢᠶᠤᠤ ᠯᠠᠠ᠂ ᠡᠮᠡᠭᠲᠡᠢ᠂ 1970 ᠣᠨ ᠤ 5 ᠳ᠋ᠤᠭᠠᠷ ᠰᠠᠷ᠎ᠠ ᠳᠤ ᠲᠦᠷᠦᠵᠠᠢ᠂ ᠲᠤᠮᠲᠠᠲᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠴᠠᠭᠠᠵᠠ ᠶᠢᠨ ᠤᠬᠠᠭᠠᠨ ᠤ ᠮᠠᠰᠲ᠋ᠧᠷ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠲᠤ ᠦᠪᠡᠷᠲᠡᠭᠡᠡ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶᠠᠠ ᠤ ᠡᠷᠡᠭᠦᠦ ᠶᠢᠨ ᠭᠡᠷᠡᠭ ᠤᠨ ᠰᠢᠭᠦᠨ ᠲᠠᠰᠤᠯᠤᠯᠲᠠ ᠶᠢᠨ ᠬᠤᠶᠠᠲᠤᠭᠠᠷ ᠲᠢᠩᠭᠢᠮ ‍ᠤᠨ‌‍ᠲ᠋ᠠᠷᠤᠭ᠎ᠠ᠂ ᠬᠤᠶᠠᠲᠤᠭᠠᠷ ᠲᠡᠰ ᠤᠨ ᠲᠡᠭᠡᠲᠦ ᠵᠡᠷᠭᠡ ᠶᠢᠨ ᠰᠢᠭᠦᠭᠴᠢ ᠶᠢᠨ ᠲᠤᠰᠢᠶᠠᠯ ᠲᠠᠢ᠂ ᠠᠶᠢᠮᠠᠭ ᠬᠤᠲᠠ ᠶᠢᠨ ᠲᠡᠳ᠋ ᠲᠢᠩᠭᠢᠮ ᠤᠨ ᠲᠡᠰ ᠤᠨ ᠤᠲᠤᠷᠢᠳᠬᠤ ᠲᠤᠰᠢᠶᠠᠯ ᠳᠤ ᠲᠡᠪᠰᠢᠭᠦᠯᠦᠨ‌‍ᠲ᠋ᠤᠮᠢᠯᠠᠬᠤ ᠪᠠᠷ ᠪᠠᠶᠢᠨ᠎ᠠ︔
     ᠶᠠᠩ ᠽᠥᠸᠧ ᠺᠦᠨ᠂ 1965 ᠣᠨ ᠤ 4 ᠳ᠋ᠦ᠋ᠭᠡᠷ ᠰᠠᠷ᠎ᠠ ᠳᠤ ᠲᠦᠷᠤᠵᠠᠢ᠂ ᠦᠬᠠᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠲᠡᠭᠡᠳᠤ ᠲᠡᠰ ᠤᠨ ᠨᠠᠶᠢᠷᠠᠭᠤᠯᠤᠭᠴᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠂ ᠤᠳᠤ ᠦᠪᠤᠷ ᠮᠤᠩᠭᠤᠯ ᠤᠨ ᠡᠳᠤᠷ ᠤᠨ ᠰᠤᠨᠢᠨ ᠤ ᠬᠤᠷᠢᠶ᠎ᠠ ᠶᠢᠨ ᠬᠢᠳᠠᠳ ᠰᠤᠨᠢᠨ ᠤ ᠶᠡᠷᠤᠩᠭᠡᠢ ᠨᠠᠶᠢᠷᠠᠭᠤᠯᠤᠭᠴᠢ ᠶᠢᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠡᠳ᠋ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠭᠦᠯᠤᠨ ᠲᠤᠮᠢᠯᠠᠬᠤ ᠪᠠᠷ ᠪᠠᠶᠢᠨ᠎ᠠ︔
     ᠾᠧ ᠸᠧᠨ ᠵᠢᠶᠦ᠋ᠨ᠂ 1971 ᠣᠨ ᠤ 3 ᠳ᠋ᠤᠭᠠᠷ ᠰᠠᠷ᠎ᠠ ᠳᠤ ᠲᠦᠷᠤᠵᠠᠢ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠤᠯᠠᠨ ᠨᠠᠶᠢᠳᠠ ᠶᠢᠨ ᠬᠠᠮᠢᠶᠠᠷᠤᠯᠳᠠ ᠶᠢᠨ ᠤᠬᠠᠭᠠᠨ ᠤ ᠮᠠᠰᠲ᠋ᠧᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠂ ᠤᠳᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠠᠯᠪᠠᠨ ᠪᠢᠴᠢᠭ ᠴᠠᠬᠢᠯᠭᠠᠨ ᠮᠡᠳᠡᠭᠡᠨ ᠤ ᠭᠠᠵᠠᠷ ᠤᠨ ᠲᠠᠷᠤᠭ᠎ᠠ ᠶᠢᠨ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠡᠳ᠋ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠭᠦᠯᠤᠨ ᠲᠤᠮᠢᠯᠠᠬᠤ ᠪᠠᠷ

ᠪᠠᠶᠢᠨ᠎ᠠ︔
     ᠾᠧ ᠪᠢᠶᠤᠤ᠂ 1965 ᠣᠨ ᠤ 9 ᠳ᠋ᠦ᠋ᠭᠡᠷ ᠰᠠᠷ᠎ᠠ ᠳᠤ ᠲᠦᠷᠤᠵᠠᠢ᠂ ᠦᠪᠤᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠂ ᠤᠳᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠠᠵᠢᠯᠳᠠᠨ ᠤ ᠶᠠᠪᠤᠳᠠᠯ ᠤᠨ ᠭᠠᠵᠠᠷ ᠤᠨ ᠭᠠᠵᠠᠷ ᠤᠨ ᠲᠡᠰ ᠤᠨ ᠺᠠᠳ᠋ᠷ ᠤᠨ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠡᠳ᠋ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠭᠦᠯᠤᠨ‌‍ᠲ᠋ᠤᠮᠢᠯᠠᠬᠤ ᠪᠠᠷ ᠪᠠᠶᠢᠨ᠎ᠠ᠃
     ᠬᠤᠶᠠᠷ᠂ ᠢᠯᠡ ᠨᠡᠶᠢᠳᠠᠯᠡᠭᠦ ᠴᠠᠭ
     2019 ᠣᠨ ᠤ 5 ᠳ᠋ᠤᠭᠠᠷ ᠰᠠᠷ᠎ᠠ ᠶᠢᠨ 24 ᠤ ᠡᠳᠤᠷ ᠠᠴᠠ 2019 ᠣᠨ ᠤ 5 ᠳ᠋ᠤᠭᠠᠷ ᠰᠠᠷ᠎ᠠ ᠶᠢᠨ 30 ᠤ ᠡᠳᠤᠷ ᠪᠤᠯᠳᠠᠯ᠎ᠠ᠃
     ᠭᠤᠷᠪᠠ᠂ ᠭᠦᠯᠢᠶᠠᠨ ᠠᠪᠴᠤ ᠰᠢᠢᠤᠨᠪᠤᠷᠢᠯᠡᠬᠦ ᠠᠷᠭ᠎ᠠ
     ᠨᠢᠭᠡᠴᠢ ᠪᠤᠯᠤᠨ ᠬᠤᠪᠢ ᠭᠦᠮᠤᠨ ᠰᠤᠷᠪᠤᠯᠵᠢᠯᠠᠬᠤ᠂ ᠵᠠᠬᠢᠳᠠᠯ ᠢᠷᠡᠭᠦᠯᠭᠦ᠂ ᠤᠳᠠᠰᠤᠳᠠᠬᠤ ᠵᠡᠷᠭᠡ ᠬᠡᠯᠪᠡᠷᠢ ᠪᠠᠷ ᠲᠡᠭᠡᠷᠡᠬᠢ ᠢᠯᠡ ᠨᠠᠶᠢᠳᠠᠯᠡᠭᠰᠠᠨ ᠭᠦᠮᠤᠰ ᠤᠨ ᠬᠤᠯᠪᠤᠭᠳᠠᠯ ᠪᠦᠭᠦᠢ ᠪᠠᠶᠢᠳᠠᠯ ᠪᠤᠯᠤᠨ ᠠᠰᠠᠭᠤᠳᠠᠯ ᠢ ᠲᠤᠰᠬᠠᠵᠤ ᠪᠤᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠲᠤᠳᠤᠯᠠᠬᠤ ᠳᠤ ᠲᠦᠭᠦᠮ ᠪᠠᠶᠢᠯᠭᠠᠬᠤ ᠶᠢᠨ ᠲᠦᠯᠤᠭᠡ᠂ ᠠᠰᠠᠭᠤᠳᠠᠯ ᠢ ᠲᠤᠰᠬᠠᠬᠤ ᠦᠶ᠎ᠠ ᠳᠤ ᠬᠤᠯᠪᠤᠭᠳᠠᠯ ᠪᠦᠭᠦᠢ ᠰᠦᠪᠡᠭᠴᠢ ᠵᠢᠴᠢ ᠲᠤᠰ ᠭᠦᠮᠤᠨ ᠤ ᠦᠨᠡᠨ ᠪᠤᠳᠠᠳᠤ ᠤᠪᠤᠭ ᠨᠡᠷ᠎ᠠ᠂ ᠬᠠᠷᠢᠯᠴᠠᠬᠤ ᠠᠷᠭ᠎ᠠ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠬᠢ ᠪᠠᠨ ᠬᠠᠩᠭᠠᠭᠠᠷᠠᠢ᠂ ᠪᠢᠳᠠ ᠠᠵᠢᠯ ᠤᠨ ᠰᠠᠬᠢᠯᠭ᠎ᠠ ᠪᠠᠳᠤ ᠶᠢ ᠴᠢᠩᠭ᠎ᠠ ᠵᠢᠷᠤᠮᠯᠠᠵᠤ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠤ᠂ ᠬᠠᠷᠭᠤᠭᠤᠯᠤᠨ ᠲᠤᠳᠤᠯᠠᠬᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠳᠤᠰᠬᠠᠨ᠎ᠠ᠃
     ᠨᠠᠶᠢᠳᠠ ᠳᠤ ᠵᠠᠷᠯᠠᠬᠤ ᠠᠯᠪᠠᠨ ᠭᠡᠷ ᠢ ᠦᠪᠤᠷ ᠮᠤᠩᠭᠤᠯ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ401 ᠲᠠᠰᠤᠭ ᠲᠤ ᠲᠤᠬᠢᠷᠠᠭᠤᠯᠪᠠ᠃
     ᠭᠦᠯᠢᠶᠠᠨ ᠠᠪᠴᠤ ᠰᠢᠢᠤᠨᠪᠤᠷᠢᠯᠡᠬᠦ ᠴᠠᠭ᠄ ᠠᠵᠢᠯᠯᠠᠬᠤ ᠡᠳᠤᠷ ᠤᠨ ᠦᠳᠠ ᠶᠢᠨ ᠡᠮᠤᠨᠡᠬᠢ 9:00 — 12:00
     ᠦᠳᠠ ᠶᠢᠨ ᠬᠤᠶᠢᠨᠠᠬᠢ 13:30 — 17:00
     ᠭᠦᠯᠢᠶᠠᠨ ᠠᠪᠴᠤ ᠰᠢᠢᠤᠨᠪᠤᠷᠢᠯᠡᠬᠦ ᠤᠳᠠᠰᠤ᠄ ︵0471︶ 12380
     ᠡᠭᠦᠨ ᠤ ᠲᠤᠯᠠ ᠤᠨᠴᠠᠭᠠᠶᠢᠯᠠᠨ ᠵᠠᠷᠯᠠᠪᠠ
     ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ
     2019 ᠣᠨ ᠤ 5 ᠳ᠋ᠤᠭᠠᠷ ᠰᠠᠷ᠎ᠠ ᠶᠢᠨ 23 ᠤ ᠡᠳᠤᠷ

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ