5 ᠳ᠋ᠤᠭᠠᠷ ᠰᠠᠷ᠎ᠠ ᠶᠢᠨ 28 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠷᠪᠠᠨ | ᠭᠤᠷᠪᠠᠳᠤᠭᠠᠷ ᠬᠤᠷᠠᠯ ᠬᠦᠬᠡᠬᠤᠳᠠ ᠳᠤ ᠡᠬᠢᠯᠡᠵᠦ ᠠᠩᠬᠠᠳᠣᠭᠠᠷ ᠣᠳᠠᠭ᠎ᠠ ᠶᠢᠨ ᠪᠦᠭᠦᠳᠡ ᠬᠤᠷᠠᠯ ᠬᠢᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤᠳᠤ 63 ᠬᠦᠮᠦᠨ ᠪᠣᠢ᠂ 59 ᠬᠦᠮᠦᠨ ᠨᠢ | ᠲᠤᠰ ᠣᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠸᠡᠭ ᠬᠤᠷᠠᠯ ᠢ ᠡᠷᠬᠢᠯᠡᠵᠠᠢ᠃ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ | ᠷᠦᠡᠭ ᠰᠢ᠂ ᠯᠢᠶᠠᠨ ᠰᠤ᠋᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ | ᠪᠠᠶᠢᠡᠭᠭᠤ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ | ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠡᠭ ᠷᠦᠡᠭ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ | ᠵᠡᠷᠭᠡ ᠶᠢᠨ ᠰᠢᠭᠦᠭᠦ ᠬᠤᠷᠢᠶ᠎ᠠ ᠶᠢᠨ ᠳᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃ | ᠡᠨᠡ ᠣᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠦᠪᠯᠡᠭᠦ ᠵᠦᠢᠯᠡᠰ ᠢ ᠪᠠᠳᠤᠯᠠᠬᠰᠠᠨ ᠤ | ᠲᠠᠷᠠᠭ᠎ᠠ᠂ ᠪᠦ᠋ ᠰᠢᠶᠤᠤ ᠯᠢᠨ ᠲᠤᠰᠢᠶᠠᠯ ᠳᠤ ᠳᠣᠮᠢᠯᠠᠬᠤ ᠪᠠᠷ ᠲᠡᠪᠰᠢᠭᠦᠯᠭᠦ ᠬᠦᠮᠦᠰ ᠤᠨ ᠪᠠᠶᠢᠳᠠᠯ ᠤᠨ ᠲᠤᠬᠠᠢ | ᠲᠤᠳᠤᠷᠬᠠᠶᠢᠯᠠᠯᠳᠠ ᠬᠢᠵᠦ᠂ ᠨᠠᠰᠤᠨᠮᠦ᠋ᠡᠭᠭᠡ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ | ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ | ᠮᠡᠳᠡᠭᠦᠯᠦᠯᠳᠡ ᠬᠢᠪᠡ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠤᠯᠢ ᠲᠦᠷᠢᠮ ᠤᠨ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠭᠧ ᠹᠸᠡᠭ᠂ ᠲᠤᠤ ᠵᠢᠶᠠᠨ ᠤ ᠲᠤᠰ ᠲᠤᠰ ᠬᠢᠭᠰᠡᠨ | ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ | ᠠᠷᠪᠢᠯᠠᠬᠤ ᠲᠦᠷᠢᠮ ︵ᠲᠦᠰᠦᠯ︶︾ ᠢ ᠬᠢᠨᠠᠨ ᠵᠦᠪᠯᠡᠭᠰᠡᠨ ᠦᠷ᠎ᠠ ᠳ᠋ᠦᠩ ᠤᠨ ᠲᠤᠬᠠᠢ ᠮᠡᠳᠡᠭᠦᠯᠦᠯᠳᠡ᠂ ︽ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠮᠠᠯ ᠤᠨ ᠦᠷ᠎ᠠ ᠶᠢᠨ ᠲᠦᠷᠢᠮ ︵ᠵᠠᠰᠠᠪᠤᠷᠢ | ᠤᠷᠤᠭᠤᠯᠣᠬᠰᠠᠨ ᠲᠦᠰᠦᠯ︶︾ ᠢ ᠬᠢᠨᠠᠨ ᠵᠦᠪᠯᠡᠭᠰᠡᠨ ᠦᠷ᠎ᠠ ᠳ᠋ᠦᠩ ᠤᠨ ᠳᠣᠬᠠᠢ ᠮᠡᠳᠡᠭᠦᠯᠦᠯᠳᠡ ᠶᠢ ᠰᠤᠨᠤᠰᠪᠠ︔ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ | ᠤ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠶᠢᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠴᠢᠬᠤᠯᠠ ᠵᠦᠢᠯᠡᠰ | ᠢ ᠵᠦᠪᠳᠡᠨ ᠲᠤᠬᠳᠠᠭᠠᠬᠤ ᠲᠤᠬᠳᠠᠭᠠᠯ ᠳᠤ ᠵᠠᠰᠠᠪᠤᠷᠢ ᠤᠷᠤᠭᠤᠯᠬᠤ ᠨᠤᠤᠷᠠᠬ ︵ᠲᠦᠰᠦᠯ︶︾ ᠤᠨ ᠲᠤᠬᠠᠢ | ᠲᠤᠳᠤᠷᠬᠠᠶᠢᠯᠠᠯᠳᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠬᠠᠤᠯᠢ ᠲᠦᠷᠢᠮ ᠤᠨ ᠠᠵᠢᠯ ᠤᠨ ᠵᠦᠪᠯᠡᠯ ᠤᠨ ᠡᠷᠬᠢᠯᠡᠭᠴᠢ ᠵᠠᠩ ᠮᠢᠨ ᠤ ᠬᠢᠭᠰᠡᠨ ︽ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠳᠠᠭᠠᠳᠤ ᠶᠢᠨ ᠠᠷᠠᠯᠵᠢᠶᠠᠴᠢᠨ ᠤ ᠪᠡᠯᠡ ᠤᠷᠤᠭᠤᠯᠤᠭᠰᠠᠨ | ᠠᠵᠦ ᠠᠬᠤᠶᠢᠯᠠᠯ ᠤᠨ ᠠᠵᠢᠯᠴᠢᠨ ᠤ ᠡᠪᠯᠡᠯ ᠤᠨ ᠲᠦᠷᠢᠮ︾ ᠵᠡᠷᠭᠡ 5 ᠤᠷᠤᠨ ᠨᠤᠳᠤᠬ ᠤᠨ ᠴᠢᠨᠠᠷᠳᠠᠢ ᠬᠠᠤᠯᠢ | ᠳᠣᠭᠳᠠᠭᠠᠯ ᠢ ᠬᠦᠴᠦᠨ ᠦᠭᠡᠢ ᠪᠤᠯᠭᠠᠬᠤ ᠲᠤᠬᠠᠢ ᠲᠤᠳᠤᠷᠬᠠᠶᠢᠯᠠᠯᠳᠠ ᠶᠢ ᠰᠤᠨᠤᠰᠪᠠ︔ ᠦᠪᠡᠷᠳᠡᠭᠡᠨ ᠵᠠᠰᠠᠬᠤ | ᠤᠷᠤᠨ ᠤ ᠬᠠᠤᠯᠢ ᠴᠠᠭᠠᠵᠠ ᠶᠢᠨ ᠲᠢᠩᠭᠢᠮ ᠤᠨ ᠲᠠᠷᠤᠭ᠎ᠠ ᠪᠢᠯᠢᠭᠭᠦᠦ ᠶᠢᠨ ᠬᠢᠭᠰᠡᠨ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠲᠦᠷᠢᠮ︾ ᠵᠡᠷᠭᠡ 3 ᠤᠷᠤᠨ | ᠨᠤᠳᠤᠬ ᠤᠨ ᠴᠢᠨᠠᠷᠳᠠᠢ ᠬᠠᠤᠯᠢ ᠲᠦᠷᠢᠮ ᠤᠨ ᠵᠠᠰᠠᠪᠤᠷᠢ ᠤᠷᠤᠭᠤᠯᠬᠤ ᠨᠤᠤᠷᠠᠬ ︵ᠲᠦᠰᠦᠯ︶ ᠤᠨ ᠲᠤᠬᠠᠢ | ᠲᠤᠳᠤᠷᠬᠠᠶᠢᠯᠠᠯᠳᠠ ᠶᠢ ᠰᠤᠨᠤᠰᠪᠠ︔ ᠪᠤᠭᠤᠳᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠰᠢᠤᠢ ᠳ᠋ᠧ ᠯᠢᠨ ᠤ ᠬᠢᠭᠰᠡᠨ ︽ᠪᠤᠭᠤᠳᠤ ᠬᠤᠳᠠ ᠶᠢᠨ ᠦᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ︾ ᠤᠨ ᠲᠤᠬᠠᠢ ᠲᠤᠳᠤᠷᠬᠠᠶᠢᠯᠠᠯᠳᠠ᠂ ᠤᠷᠴᠤᠨ ᠤ | ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠡᠷᠬᠢᠯᠡᠭᠴᠢ ᠲᠠᠢ ᠰᠢ ᠶᠤᠸᠠᠨ ᠤ ᠬᠢᠭᠰᠡᠨ ︽ᠤᠷᠴᠤᠨ ᠤ ᠦᠪᠡᠷᠳᠡᠭᠡᠨ ᠵᠠᠰᠠᠬᠤ ᠬᠤᠰᠢᠭᠤᠨ ᠤ | ᠵᠢᠭᠤᠯᠴᠢᠯᠠᠯ ᠤᠨ ᠲᠦᠷᠢᠮ︾ ᠳᠤ ᠵᠠᠰᠠᠪᠤᠷᠢ ᠤᠷᠤᠭᠤᠯᠬᠤ ᠲᠤᠬᠠᠢ ᠲᠤᠳᠤᠷᠬᠠᠶᠢᠯᠠᠯᠳᠠ ᠶᠢ ᠰᠤᠨᠤᠰᠪᠠ︔ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠡᠭ ᠷᠦᠡᠭ ᠤᠨ ᠬᠢᠭᠰᠡᠨ ᠪᠠᠭᠤᠯᠭᠠᠬᠤ ᠬᠠᠮᠢᠶᠠᠷᠬᠤ | ᠦᠢᠯᠡᠴᠢᠯᠡᠭᠦ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ ᠠᠷᠠᠯᠵᠢᠶ᠎ᠠ ᠡᠵᠡᠩᠨᠡᠭᠦ ᠤᠷᠴᠢᠨ ᠲᠤᠭᠤᠷᠢᠨ ᠢ | ᠰᠢᠯᠢᠳᠡᠭᠵᠢᠭᠦᠯᠦᠭᠰᠡᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠃ | ᠲᠤᠰ ᠣᠳᠠᠭ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠬᠤᠷᠠᠯ ᠤᠨ ᠬᠤᠭᠤᠴᠠᠭᠠᠨ ᠳᠤ ᠠᠷᠠᠳ ᠢᠷᠭᠡᠨ | ᠬᠠᠵᠠᠭᠤ ᠠᠴᠠ ᠨᠢ ᠰᠤᠨᠤᠰᠬᠤ ᠠᠵᠢᠯᠯᠠᠭ᠎ᠠ ᠦᠷᠨᠢᠭᠦᠯᠵᠦ᠂ ᠬᠠᠮᠢᠶ᠎ᠠ ᠪᠦᠭᠦᠢ ᠲᠤᠬᠳᠠᠭᠠᠯ ᠶᠤᠰᠤᠭᠠᠷ᠂ 15 ᠠᠷᠠᠳ | ᠢᠷᠭᠡᠨ ᠲᠤᠰ ᠣᠳᠠᠭ᠎ᠠ ᠶᠢᠨ ᠪᠦᠭᠦᠳᠡ ᠬᠤᠷᠠᠯ ᠢ ᠬᠠᠵᠠᠭᠤ ᠠᠴᠠ ᠨᠢ ᠰᠤᠨᠤᠰᠪᠠ᠃ |