ᠦᠵᠡᠯ ᠰᠠᠨᠠᠭ᠎ᠠ ᠪᠠᠨ ᠲᠠᠬᠢᠨᠳᠠ ᠴᠢᠯᠥᠬᠡᠯᠡᠵᠥ ᠴᠢᠨᠠᠷ ᠰᠠᠶᠢᠳᠠᠢ ᠬᠦᠭᠵᠢᠯᠳᠡ ᠶᠢ ᠨᠡᠩ ᠰᠠᠶᠢᠳᠤᠷ | ᠠᠬᠢᠭᠤᠯᠰᠤᠭᠠᠢ | ᠯᠢ ᠵᠢᠢ ᠾᠧᠩ | | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ︽ᠦᠵᠡᠯ ᠰᠠᠨᠠᠭ᠎ᠠ ᠪᠠᠨ ᠲᠠᠬᠢᠨᠳᠠ ᠴᠢᠯᠥᠬᠡᠯᠡᠵᠥ᠂ | ᠰᠢᠨ᠎ᠡ ᠬᠦᠭᠵᠢᠯᠳᠡ ᠶᠢᠨ ᠣᠨᠤᠯᠵᠢᠬᠤᠨ ᠢ ᠪᠠᠳᠤᠳᠠᠢ ᠦᠢᠯᠡᠳᠦᠯᠬᠡᠵᠢᠬᠦᠯᠵᠥ᠂ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠶᠡᠭᠡ ᠰᠤᠷᠤᠯᠴᠠᠭ᠎ᠠ ᠶᠡᠭᠡ ᠶᠠᠷᠢᠯᠴᠠᠭ᠎ᠠ︾ ᠶᠢ ᠵᠤᠬᠢᠶᠠᠨ ᠪᠠᠶᠢᠭᠤᠯᠤᠨ ᠦᠷᠨᠢᠬᠦᠯᠵᠥ ᠪᠠᠶᠢᠨ᠎ᠠ᠂ ᠡᠨᠡ ᠪᠤᠯ | ᠪᠦᠬᠦ ᠤᠷᠤᠨ ᠤ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢᠨ ᠨᠢᠬᠡ ᠤᠳᠠᠭ᠎ᠠ ᠶᠢᠨ ᠲᠡᠭᠡᠭᠰᠢᠯᠡᠬᠦᠯᠦᠯᠲᠡ᠂ | ᠦᠷᠬᠡᠨ ᠤᠯᠠᠨ ᠺᠠᠳ᠋ᠷ ᠤᠨ ᠦᠵᠡᠯ ᠰᠠᠨᠠᠭ᠎ᠠ ᠣᠨᠤᠯᠵᠢᠬᠤᠨ ᠪᠤᠯᠤᠨ ᠰᠡᠳᠬᠢᠬᠦᠢ ᠶᠢᠨ ᠠᠷᠭ᠎ᠠ ᠶᠢᠨ ᠨᠢᠭᠡ ᠤᠳᠠᠭ᠎ᠠ | ᠶᠢᠨ ︽ᠲᠠᠪᠠᠯᠳᠡ︾᠂ ᠦᠪᠤᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠡ ᠶᠢᠨ ᠨᠢᠬᠡ ᠤᠳᠠᠭ᠎ᠠ ᠶᠢᠨ ︽ | ᠰᠢᠪᠳᠤᠯᠤᠯᠳᠡ︾ ᠪᠤᠯᠤᠨ᠎ᠠ᠃ ᠪᠦᠬᠦ ᠤᠷᠤᠨ ᠤ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢᠨ ᠨᠢᠬᠡ | ᠤᠳᠠᠭ᠎ᠠ ᠶᠢᠨ ᠲᠡᠭᠡᠭᠰᠢᠯᠡᠬᠦᠯᠦᠯᠲᠡ ᠬᠡᠵᠥ ᠬᠡᠯᠡᠵᠥ ᠪᠠᠶᠢᠭ᠎ᠠ ᠨᠢ ᠲᠠᠷᠤᠢ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠪᠠᠷ | ᠲᠠᠮᠵᠢᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠶᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠶᠡᠷᠤᠩᠬᠡᠢ | ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ | ᠰᠠᠨᠠᠭ᠎ᠠ ᠲᠠᠢ ᠨᠡᠩ ᠰᠠᠶᠢᠳᠤᠷ ᠨᠢᠬᠡᠳᠬᠡᠵᠥ᠂ ᠰᠤᠷᠤᠯᠴᠠᠯᠭ᠎ᠠ ᠪᠠᠷ ᠲᠠᠨᠢᠯᠳᠡ ᠶᠢᠨ ᠲᠠᠬᠢᠨ ᠲᠡᠭᠡᠭᠰᠢᠯᠡᠯ᠂ ᠦᠢᠯᠡᠳᠦᠯᠬᠡ | ᠶᠢᠨ ᠲᠠᠬᠢᠨ ᠬᠦᠨᠵᠡᠬᠡᠶᠢᠷᠡᠯ ᠢ ᠠᠬᠢᠭᠤᠯᠵᠥ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠺᠠᠳ᠋ᠷ ᠤᠯᠠᠨ ᠲᠦᠮᠡᠨ ᠤ ᠲᠠᠷᠢᠬᠢᠨ ᠳᠤ ᠬᠦᠨ ᠰᠠᠭᠤᠭᠳᠠᠭᠤᠯᠵᠤ᠂ ᠡᠬᠡ ᠤᠯᠤᠰ | ᠤᠨ ᠤᠮᠠᠷᠠᠳᠤ ᠶᠢᠨ ᠡᠬᠡ ᠭᠠᠵᠠᠷ ᠲᠡᠬᠡᠷ᠎ᠡ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠠᠪᠤᠳᠠᠯ | ᠪᠤᠯᠤᠨ᠎ᠠ᠃ ᠦᠷᠬᠡᠨ ᠤᠯᠠᠨ ᠺᠠᠳ᠋ᠷ ᠤᠨ ᠦᠵᠡᠯ ᠰᠠᠨᠠᠭ᠎ᠠ ᠣᠨᠤᠯᠵᠢᠬᠤᠨ ᠪᠤᠯᠤᠨ ᠰᠡᠳᠬᠢᠬᠦᠢ ᠶᠢᠨ ᠠᠷᠭ᠎ᠠ ᠶᠢᠨ ᠨᠢᠬᠡ | ᠤᠳᠠᠭ᠎ᠠ ᠶᠢᠨ ︽ᠲᠠᠪᠠᠯᠳᠡ︾ ᠬᠡᠵᠥ ᠬᠡᠯᠡᠵᠥ ᠪᠠᠶᠢᠭ᠎ᠠ ᠨᠢ ᠲᠠᠷᠤᠢ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠪᠠᠷ | ᠲᠠᠮᠵᠢᠨ ᠦᠷᠬᠡᠨ ᠤᠯᠠᠨ ᠺᠠᠳ᠋ᠷ ᠤᠨᠴᠠᠭᠠᠶᠢᠯᠠᠨ ᠡᠯ᠎ᠡ ᠱᠠᠳᠤᠨ ᠤ ᠤᠳᠤᠷᠢᠳᠬᠤ ᠺᠠᠳ᠋ᠷ ᠢ ᠬᠦᠮᠥᠵᠢᠬᠦᠯᠵᠥ | ᠬᠦᠳᠦᠯᠥᠨ ᠲᠠᠭᠠᠭᠤᠯᠵᠥ ᠪᠠᠶᠢᠭᠠᠳ ᠬᠢᠳᠤᠭ᠎ᠠ ᠶᠢᠨ ᠢᠷ ᠢ ᠲᠤᠳᠤᠬᠰᠢ ᠬᠠᠨᠳᠤᠭᠤᠯᠬᠤ ᠶᠢ ᠪᠠᠷᠢᠮᠳᠠᠯᠠᠵᠥ᠂ | ᠵᠤᠷᠢᠬᠳᠠᠢ ᠪᠠᠷ ᠦᠪᠡᠷ ᠤᠨ ᠰᠢᠬᠦᠮᠵᠢᠯᠡᠯ᠂ ᠦᠪᠡᠷ ᠤᠨ ᠪᠡᠶ᠎ᠡ ᠶᠢᠨ ᠬᠤᠪᠢᠰᠬᠠᠯ ᠢ ᠬᠢᠵᠥ᠂ ᠦᠵᠡᠯ ᠰᠠᠨᠠᠭ᠎ᠠ | ᠣᠨᠤᠯᠵᠢᠬᠤᠨ ᠢᠶᠠᠨ ᠤᠯᠠᠮ ᠴᠢᠨᠠᠬᠰᠢᠳᠠ ᠲᠦᠪ ᠪᠤᠯᠭᠠᠵᠥ᠂ ᠦᠵᠡᠯ ᠰᠠᠨᠠᠭᠠᠨ ᠤ ᠬᠠᠷᠰᠢ ᠰᠠᠭᠠᠳ ᠢ ᠠᠷᠢᠯᠭᠠᠵᠥ᠂ | ᠠᠵᠢᠯ ᠤᠨ ᠰᠤᠷᠳᠠᠯ ᠢᠶᠠᠨ ᠰᠠᠶᠢᠵᠢᠷᠠᠭᠤᠯᠵᠥ᠂ ᠠᠵᠢᠯ ᠤᠨ ᠦᠷ᠎ᠡ ᠪᠦᠳᠦᠮᠵᠢ ᠪᠠᠨ ᠲᠡᠭᠡᠭᠰᠢᠯᠡᠬᠦᠯᠵᠥ᠂ ᠲᠡᠮᠡᠴᠡᠯ ᠤᠨ | ᠵᠤᠷᠢᠭ ᠢᠶᠠᠨ ᠬᠦᠪᠴᠢᠯᠡᠨ᠂ ᠰᠢᠭᠤᠷᠬᠠᠶᠢᠯᠠᠨ ᠠᠵᠢᠯᠯᠠᠵᠥ᠂ ᠨᠡᠩ ᠰᠠᠶᠢᠨ ᠢᠶᠠᠷ ᠨᠠᠮ ᠤᠨ ᠲᠦᠯᠥᠬᠡ | ᠬᠠᠷᠢᠭᠤᠴᠠᠯᠭ᠎ᠠ ᠪᠠᠨ ᠬᠦᠢᠴᠡᠳᠬᠡᠵᠥ᠂ ᠤᠯᠤᠰ ᠤᠨ ᠲᠦᠯᠥᠬᠡ ᠵᠢᠳᠬᠦᠵᠥ᠂ ᠠᠷᠠᠳ ᠲᠦᠮᠡᠨ ᠳᠤ ᠵᠤᠯ ᠵᠢᠷᠭᠠᠯ | ᠡᠳ᠋ᠯᠡᠬᠦᠯᠬᠦ ᠶᠠᠪᠤᠳᠠᠯ ᠪᠤᠯᠤᠨ᠎ᠠ᠃ ᠦᠪᠤᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠡ ᠶᠢᠨ ᠨᠢᠬᠡ ᠤᠳᠠᠭ᠎ᠠ ᠶᠢᠨ ︽ | ᠰᠢᠪᠳᠤᠯᠤᠯᠳᠡ︾ ᠬᠡᠵᠥ ᠬᠡᠯᠡᠵᠥ ᠪᠠᠶᠢᠭ᠎ᠠ ᠨᠢ ᠲᠠᠷᠤᠢ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠪᠠᠷ ᠲᠠᠮᠵᠢᠨ ᠦᠷᠬᠡᠨ | ᠤᠯᠠᠨ ᠺᠠᠳ᠋ᠷ ᠤᠨᠴᠠᠭᠠᠶᠢᠯᠠᠨ ᠡᠯ᠎ᠡ ᠱᠠᠳᠤᠨ ᠤ ᠤᠳᠤᠷᠢᠳᠬᠤ ᠺᠠᠳ᠋ᠷ ᠢ ᠬᠦᠮᠥᠵᠢᠬᠦᠯᠵᠥ ᠬᠦᠳᠦᠯᠥᠨ ᠲᠠᠭᠠᠭᠤᠯᠵᠥ | ᠪᠠᠶᠢᠭᠠᠳ ᠬᠦᠭᠵᠢᠬᠦᠯᠬᠦ ᠪᠤᠯ ᠲᠡᠷᠢᠬᠦᠨ ᠴᠢᠬᠤᠯᠠ ᠡᠬᠦᠷᠬᠡ ᠬᠡᠬᠦ ᠦᠵᠡᠯ ᠰᠠᠨᠠᠭ᠎ᠠ ᠶᠢ ᠪᠠᠳᠤ ᠪᠠᠷᠢᠮᠳᠠᠯᠠᠵᠥ᠂ ᠠᠮᠢ | ᠠᠬᠤᠢ ᠶᠢ ᠤᠷᠢᠳ ᠢᠶᠠᠷ ᠪᠤᠳᠤᠯᠬᠢᠯᠠᠭᠰᠠᠠ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠤ ᠶᠢ | ᠵᠦᠪ ᠤᠨᠤᠪᠴᠢᠲᠠᠢ ᠡᠵᠡᠮᠰᠢᠵᠥ᠂ ᠦᠵᠡᠯ ᠰᠠᠨᠠᠭ᠎ᠠ ᠪᠠᠨ ᠴᠢᠯᠥᠬᠡᠯᠡᠬᠦ ᠡᠨᠡ ᠬᠦ ᠡᠷᠳᠡᠨᠢ ᠶᠢ ᠬᠦᠢᠴᠡᠳ ᠬᠡᠷᠡᠭᠯᠡᠨ | ᠬᠦᠴᠢᠷ ᠢ ᠲᠠᠪᠠᠨ ᠪᠡᠷᠬᠡ ᠶᠢ ᠲᠤᠭᠤᠯᠬᠤ ᠠᠷᠭ᠎ᠠ ᠬᠡᠮᠵᠢᠶ᠎ᠡ ᠶᠢ ᠡᠷᠢᠯᠬᠢᠯᠡᠵᠥ᠂ ᠤᠳᠤ ᠶᠢᠨ ᠬᠢᠵᠥ ᠪᠠᠶᠢᠭ᠎ᠠ ᠠᠵᠢᠯ | ᠢᠶᠠᠨ ᠴᠢᠩᠭ᠎ᠠ ᠠᠳᠬᠤᠵᠥ ᠪᠠᠶᠢᠭᠠᠳ ᠰᠢᠨ᠎ᠡ ᠬᠦᠭᠵᠢᠯᠳᠡ ᠶᠢᠨ ᠣᠨᠤᠯᠵᠢᠬᠤᠨ ᠢ ᠪᠤᠳᠠᠳᠠᠢ ᠠᠵᠢᠯ ᠤᠨ ᠲᠤᠮᠳᠡ ᠪᠠᠨ | ᠨᠠᠶᠢᠳᠠᠪᠤᠷᠢᠵᠢᠭᠤᠯᠵᠥ᠂ ᠴᠢᠨᠠᠷ ᠰᠠᠶᠢᠳᠠᠢ ᠬᠦᠭᠵᠢᠯᠳᠡ ᠶᠢ ᠨᠡᠩ ᠰᠠᠶᠢᠳᠤᠷ ᠠᠬᠢᠭᠤᠯᠬᠤ ᠶᠠᠪᠤᠳᠠᠯ ᠪᠤᠯᠤᠨ᠎ᠠ᠃ | ᠨᠢᠭᠡᠳᠦᠭᠡᠷ ᠲᠤ᠂ ᠬᠦᠭᠵᠢᠯᠳᠡ ᠶᠢᠨ ᠠᠰᠠᠭᠤᠳᠠᠯ ᠳᠡᠭᠡᠷ᠎ᠠ᠂ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ | ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠨ ᠳᠠᠪᠰᠢᠵᠤ ᠵᠢᠳᠭᠦᠨ ᠴᠢᠷᠮᠠᠶᠢᠬᠤ ᠬᠡᠷᠡᠭᠳᠠᠢ᠃ | ᠤᠶᠢᠷ᠎ᠠ ᠶᠢᠨ ᠬᠡᠳᠦᠨ ᠵᠢᠯ ᠳᠤ᠂ ᠮᠠᠨ ᠤ ᠤᠷᠤᠨ ᠤ ᠠᠵᠤ ᠠᠬᠤᠢ ᠶᠢᠨ ᠤᠷᠤᠭᠤᠳᠠᠬᠤ ᠳᠠᠷᠤᠯᠳᠠ ᠵᠠᠯᠭᠠᠭ᠎ᠠ ᠪᠠᠷ | ᠶᠡᠬᠡᠰᠴᠤ᠂ ᠠᠵᠤ ᠠᠬᠤᠢ ᠶᠢᠨ ᠪᠠᠶᠢᠳᠠᠯ ᠬᠦᠨᠳᠦ ᠬᠡᠴᠡᠭᠦᠤ ᠡᠭᠡᠳᠡᠷᠡᠭᠡᠨ ᠪᠤᠳᠤᠯᠢᠶᠠᠨᠳᠠᠢ ᠪᠤᠯᠪᠠ᠃ ᠡᠭᠦᠨ ᠤ ᠲᠤᠯᠠ᠂ | ᠪᠢᠳᠡ ᠡᠷᠬᠡᠪᠰᠢ ᠳᠤᠳᠤᠷᠬᠠᠢ ᠲᠠᠨᠢᠯᠳᠠ ᠲᠠᠢ ᠪᠠᠶᠢᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠬᠤ ᠬᠡᠷᠡᠭᠳᠠᠢ᠃ | ᠶᠡᠷᠦᠩᠬᠡᠢ ᠱᠦᠵᠢ ᠰᠢ ᠶᠢᠨ ᠫᠢᠩ᠂ ᠬᠦᠭᠵᠢᠬᠦ ᠳᠤ ᠵᠤᠬᠢᠬᠤ ᠨᠡᠮᠡᠭᠳᠡᠯ ᠤᠨ ᠬᠤᠷᠳᠤᠴᠠ ᠶᠢ ᠬᠡᠷᠡᠭᠰᠡᠨ᠎ᠠ᠂ ᠡᠰᠡ | ᠲᠡᠶᠢᠮᠦ ᠪᠤᠯ ᠠᠵᠢᠯ ᠤᠯᠭᠤᠯᠳᠠ ᠶᠢ ᠦᠷᠭᠡᠳᠭᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠤᠳᠠᠰ ᠤᠨ | ᠰᠠᠭᠤᠷᠢ ᠲᠠᠢ ᠪᠤᠯᠵᠤ ᠴᠢᠲᠠᠬᠤ ᠦᠭᠡᠢ᠂ ᠲᠡᠷᠡ ᠮᠦᠷᠳᠡᠭᠡᠨ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠴᠤ | ᠪᠠᠶᠢᠬᠤ ᠦᠭᠡᠢ ᠪᠤᠯᠤᠨ᠎ᠠ ᠭᠡᠵᠤ ᠴᠢᠬᠤᠯᠠᠴᠢᠯᠠᠪᠠ᠃ ᠪᠢᠳᠡ ᠪᠤᠰᠤᠳᠴᠢ ᠨᠦᠬᠦᠴᠡᠯ ᠢ ᠬᠠᠮᠢᠶᠠᠷᠬᠤ ᠦᠭᠡᠢ ᠪᠠᠷ᠂ | ᠵᠢᠮ᠎ᠠ ᠶᠤᠰᠤ ᠠᠴᠠ ᠵᠦᠷᠢᠴᠡᠵᠤ ᠰᠤᠬᠤᠷ ᠪᠠᠯᠠᠢ ᠪᠠᠷ ᠦᠨᠳᠦᠷ ᠬᠤᠷᠳᠤᠴᠠ ᠶᠢ ᠬᠦᠭᠡᠭᠡᠴᠡᠯᠳᠦᠵᠤ ᠪᠤᠯᠬᠤ ᠦᠭᠡᠢ᠂ | ᠭᠡᠳᠡᠯ᠎ᠠ ᠪᠠᠰᠠ ᠬᠤᠷᠳᠤᠴᠠ ᠵᠠᠯᠭᠠᠭ᠎ᠠ ᠪᠠᠷ ᠪᠠᠭᠤᠷᠠᠵᠤ ᠪᠠᠶᠢᠳᠠᠯ᠎ᠠ ᠶᠠᠭᠤ ᠴᠤ ᠬᠢᠬᠦ ᠦᠭᠡᠢ ᠪᠠᠶᠢᠵᠤ ᠪᠤᠯᠬᠤ ᠦᠭᠡᠢ᠃ | ᠬᠦᠭᠵᠢᠯᠳᠡ ᠶᠢᠨ ᠠᠰᠠᠭᠤᠳᠠᠯ ᠳᠡᠭᠡᠷ᠎ᠠ᠂ ᠦᠪᠦᠷ ᠮᠤᠩᠭᠤᠯ ᠠᠮᠠᠷᠠᠵᠤ ᠠᠪᠬᠤ᠂ ᠠᠮᠢᠰᠬᠤᠭ᠎ᠠ ᠠᠪᠬᠤ ᠴᠠᠭ ᠲᠤ | ᠬᠦᠷᠦᠭᠡ ᠦᠭᠡᠢ᠂ ᠡᠰᠡᠷᠬᠦ ᠪᠠᠷ ᠬᠠᠷᠢᠨ ᠬᠦᠭᠵᠢᠯᠳᠡ ᠶᠢᠨ ᠬᠡᠷᠡᠭᠴᠡᠭᠡ ᠨᠡᠩ ᠪᠠᠴᠢᠮ ᠲᠤᠯᠭᠠᠮ᠂ ᠬᠦᠭᠵᠢᠯᠳᠡ ᠶᠢᠨ | ᠪᠠᠶᠢᠳᠠᠯ ᠨᠡᠩ ᠬᠡᠴᠡᠭᠦᠦ᠂ ᠬᠦᠭᠵᠢᠯᠳᠡ ᠶᠢᠨ ᠡᠭᠦᠷᠭᠡ ᠨᠡᠩ ᠬᠦᠨᠳᠦ ᠨᠦᠰᠡᠷ ᠪᠤᠯᠤᠭᠠᠳ ᠪᠠᠶᠢᠨ᠎ᠠ᠃ ᠪᠢᠳᠡ | ᠦᠷᠢ ᠪᠠᠨ ᠲᠦᠯᠦᠵᠤ᠂ ᠳᠤᠳᠠᠭᠤᠳᠠᠯ ᠢᠶᠠᠨ ᠨᠦᠬᠦᠪᠦᠷᠢᠯᠡᠵᠤ᠂ ᠪᠠᠭᠤᠷᠠᠢ ᠲᠠᠯ᠎ᠠ ᠪᠠᠨ ᠴᠢᠩᠭᠠᠷᠠᠭᠤᠯᠵᠤ᠂ ᠠᠶᠤᠯ | ᠲᠦᠭᠰᠢᠭᠦᠷᠢ ᠶᠢ ᠰᠡᠷᠭᠡᠶᠢᠯᠡᠨ᠂ ᠬᠦᠭᠵᠢᠯᠳᠡ ᠬᠤᠵᠢᠭᠤ ᠪᠠᠶᠢᠭ᠎ᠠ ᠪᠠᠶᠢᠳᠠᠯ ᠢᠶᠠᠨ ᠬᠤᠪᠢᠷᠠᠭᠤᠯᠵᠤ᠂ ᠭᠠᠵᠠᠷ ᠤᠷᠤᠨ ᠤ | ᠶᠡᠷᠦᠩᠬᠡᠶᠢᠯᠡᠭᠰᠡᠨ ᠪᠤᠳᠠᠳᠤ ᠬᠦᠴᠦᠨ ᠢᠶᠠᠨ ᠴᠢᠩᠭᠠᠳᠬᠠᠵᠤ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ ᠪᠠᠶᠢᠨ᠎ᠠ᠂ ᠡᠳᠡᠭᠡᠷ ᠨᠢ ᠦᠨᠳᠦᠰᠦᠨ ᠠᠴᠠ ᠨᠢ ᠬᠡᠯᠡᠪᠡᠯ ᠴᠦᠮ ᠬᠦᠭᠵᠢᠯᠳᠡ ᠳᠤ | ᠲᠦᠰᠢᠭᠯᠡᠨ᠎ᠠ᠂ ᠬᠦᠭᠵᠢᠯᠳᠡ ᠠᠴᠠ ᠰᠠᠯᠪᠠᠯ ᠠᠯᠢᠪᠠ ᠪᠦᠬᠦᠨ ᠪᠤᠯᠤᠯᠴᠠᠭ᠎ᠠ ᠦᠭᠡᠢ ᠪᠤᠯᠬᠤ ᠪᠤᠯᠤᠨ᠎ᠠ᠃ ᠬᠦᠭᠵᠢᠯᠳᠡ | ᠵᠢᠭᠠᠬᠠᠨ ᠲᠦᠷᠭᠡᠨ ᠵᠢᠭᠠᠬᠠᠨ ᠤᠳᠠᠭᠠᠨ ᠪᠣᠯᠬᠤ ᠳᠤ ᠶᠠᠭᠠᠬᠢᠬᠤᠪ ᠭᠡᠬᠦ ᠪᠤᠳᠤᠯ ᠲᠠᠢ ᠪᠠᠶᠢᠵᠤ ᠪᠤᠯᠬᠤ ᠦᠭᠡᠢ ᠶᠤᠮ᠂ | ᠬᠦᠭᠵᠢᠯᠳᠡ ᠶᠢ ᠠᠬᠢᠭᠤᠯᠬᠤ ᠳᠤ ᠢᠳᠡᠪᠬᠢᠵᠢᠯ ᠦᠭᠡᠢ᠂ ᠰᠠᠨᠠᠭᠠᠴᠢᠯᠠᠭ᠎ᠠ ᠠᠴᠠ ᠪᠠᠨ ᠬᠢᠬᠦ ᠭᠡᠢ ᠪᠠᠶᠢᠵᠤ | ᠶᠠᠭᠠᠬᠢᠭᠰᠠᠨ ᠴᠤ ᠪᠤᠯᠬᠤ ᠦᠭᠡᠢ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠤᠯᠤᠨ ᠬᠦᠭᠵᠢᠯᠳᠡ ᠶᠢ ᠠᠬᠢᠭᠤᠯᠬᠤ ᠶᠢ | ᠡᠰᠡᠷᠭᠦᠴᠡᠯᠳᠦᠭᠦᠯᠵᠤ ᠪᠤᠯᠬᠤ ᠦᠭᠡᠢ᠂ ᠡᠷᠬᠡᠪᠰᠢ ᠬᠦᠭᠵᠢᠯᠳᠡ ᠪᠤᠯ ᠬᠠᠳᠠᠭᠤ ᠶᠤᠰᠤ ᠭᠡᠬᠦ ᠪᠠᠶᠢᠯᠳᠤᠬᠤ | ᠪᠤᠳᠤᠯᠭ᠎ᠠ ᠶᠢᠨ ᠦᠵᠡᠯ ᠰᠠᠨᠠᠭ᠎ᠠ ᠶᠢ ᠪᠠᠷᠢᠮᠳᠠᠯᠠᠬᠤ ᠬᠡᠷᠡᠭᠲᠡᠢ᠂ ᠦᠴᠦᠬᠡᠨ ᠴᠤ ᠭᠤᠶᠢᠪᠢᠯᠵᠠᠵᠤ ᠪᠤᠯᠬᠤ ᠦᠭᠡᠢ᠃ | ᠪᠢᠳᠡ ᠤᠯᠤᠰ᠂ ᠭᠠᠵᠠᠷ ᠤᠷᠤᠨ᠂ ᠤᠯᠠᠨ ᠲᠦᠮᠡᠨ ᠳᠤ ᠳᠡᠭᠡᠳᠦ ᠬᠡᠮᠵᠢᠶ᠎ᠠ ᠪᠠᠷ ᠬᠠᠷᠢᠭᠤᠴᠠᠬᠤ ᠵᠤᠷᠢᠭ | ᠰᠠᠨᠠᠭ᠎ᠠ ᠪᠠᠷ᠂ ᠰᠠᠨᠠᠭ᠎ᠠ ᠠᠮᠤᠷ ᠰᠠᠭᠤᠵᠤ ᠪᠤᠯᠬᠤ ᠭᠡᠢ ᠲᠦᠭᠰᠢᠭᠦᠷᠢᠳᠤ ᠪᠤᠳᠤᠯ᠂ ᠬᠦᠯᠢᠶᠡᠵᠤ ᠲᠡᠶᠢᠯᠬᠦ ᠦᠭᠡᠢ | ᠲᠤᠯᠭᠠᠮ ᠪᠤᠳᠤᠯ᠂ ᠤᠳᠠᠭᠠᠰᠢᠷᠠᠭᠤᠯᠵᠤ ᠪᠤᠯᠬᠤ ᠦᠭᠡᠢ ᠬᠠᠷᠢᠭᠤᠴᠠᠯᠭᠠᠳᠤ ᠰᠡᠳᠭᠢᠯᠭᠡ ᠪᠠᠷ ᠢᠮᠠᠭᠳᠠ ᠬᠦᠭᠵᠢᠯᠳᠡ | ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠰᠡᠳᠭᠢᠯ ᠳᠤ ᠪᠠᠨ ᠪᠠᠳᠤ ᠴᠡᠭᠡᠵᠢᠯᠡᠵᠤ᠂ ᠭᠠᠷ ᠲᠠᠭᠠᠨ ᠴᠢᠩᠭ᠎ᠠ | ᠠᠳᠬᠤᠵᠤ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠠᠳᠬᠤᠵᠤ᠂ ᠠᠵᠤ ᠦᠢᠯᠡᠳᠪᠦᠷᠢ ᠶᠢᠨ | ᠠᠵᠤ ᠠᠬᠤᠢ ᠶᠢ ᠠᠳᠬᠤᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠢ ᠠᠳᠬᠤᠵᠤ᠂ ᠪᠦᠲᠦᠮᠵᠢᠳᠠᠢ ᠪᠡᠯᠡ | ᠤᠷᠤᠭᠤᠯᠤᠯᠳᠠ ᠶᠢ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠮᠦᠩᠭᠦ ᠳᠠᠳᠠᠬᠤ ᠠᠵᠢᠯ ᠢ ᠠᠳᠬᠤᠵᠤ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠠᠳᠬᠤᠵᠤ᠂ ᠨᠡᠬᠡᠬᠡᠯᠳᠡ ᠶᠢ ᠦᠷᠭᠡᠳᠭᠡᠬᠦ ᠶᠢ ᠠᠳᠬᠤᠵᠤ᠂ ︽ | ᠲᠤᠭᠳᠠᠭᠤᠨ︾ ᠭᠡᠬᠦ ᠦᠨᠳᠦᠰᠦᠨ ᠪᠠᠶᠢᠳᠠᠯ ᠢ ᠡᠷᠡᠰ ᠰᠠᠬᠢᠵᠤ᠂ ︽ᠤᠷᠤᠭᠰᠢᠯᠠᠯᠳᠠ︾ ᠭᠡᠬᠦ ᠰᠢᠨ᠎ᠠ ᠪᠠᠶᠢᠳᠠᠯ ᠢ | ᠴᠢᠷᠮᠠᠶᠢᠨ ᠡᠭᠦᠳᠬᠦ ᠬᠡᠷᠡᠭᠳᠡᠢ᠃ | ᠬᠤᠶᠠᠳᠤᠭᠠᠷ ᠲᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠲᠡᠭᠡᠷ᠎ᠡ ᠡᠷᠬᠡᠪᠰᠢ ᠲᠡᠭᠡᠳᠤ ᠬᠡᠮᠵᠢᠶᠠᠨ ᠤ | ᠤᠬᠠᠮᠰᠠᠷ ᠲᠠᠢ ᠪᠠᠶᠢᠵᠤ᠂ ᠡᠷᠡᠰ ᠪᠠᠲᠦ ᠡᠷᠡᠰ ᠰᠢᠭᠤᠷᠬᠠᠢ ᠪᠠᠶᠢᠬᠤ ᠭᠡᠷᠡᠭᠳᠠᠢ᠃ ᠴᠢᠨᠠᠷ ᠰᠠᠶᠢᠳᠠᠢ ᠬᠦᠭᠵᠢᠯᠳᠠ | ᠪᠤᠯᠰᠢᠨᠡ ᠴᠠᠭ ᠦᠶ᠎ᠡ ᠶᠢᠨ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠶᠢᠨ ᠦᠨᠳᠦᠰᠦᠨ ᠤᠨᠴᠠᠯᠢᠭ | ᠪᠤᠯᠤᠨ ᠦᠨᠳᠦᠰᠦᠨ ᠱᠠᠭᠠᠷᠳᠠᠯᠭ᠎ᠠ ᠮᠦᠨ᠃ ᠦᠪᠤᠷ ᠮᠤᠩᠭᠤᠯ ᠳᠤ ᠠᠪᠴᠤ ᠬᠡᠯᠡᠪᠡᠯ᠂ ᠠᠮᠢ ᠠᠬᠤᠢ ᠶᠢ | ᠤᠷᠢᠳ ᠢᠶᠠᠷ ᠪᠤᠳᠤᠯᠬᠢᠯᠠᠭᠰᠠᠠ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ | ᠬᠦᠭᠵᠢᠯᠳᠠ ᠶᠢ ᠪᠠᠶᠠᠯᠡᠬᠦᠯᠬᠦ ᠶᠢ ᠠᠬᠢᠭᠤᠯᠬᠤ ᠪᠤᠯ ᠨᠡᠩ ᠴᠤ ᠶᠡᠷᠤᠩᠭᠡᠢ ᠱᠦᠵᠢ ᠰᠢ ᠶᠢᠨ ᠫᠢᠩ ᠤᠨ ᠪᠢᠳᠠᠨ ᠳᠤ | ᠲᠤᠷᠠᠳᠤᠬᠰᠡᠨ ᠨᠠᠨᠳᠢᠨ ᠬᠦᠰᠡᠯ ᠡᠷᠡᠮᠡᠯᠵᠡᠯ ᠮᠦᠨ᠂ ᠦᠪᠡᠷᠳᠡᠭᠡᠨ ᠵᠠᠰᠠᠬᠤ ᠤᠷᠤᠨ ᠤ ᠪᠦᠬᠦ ᠲᠠᠯ᠎ᠡ ᠪᠠ ᠠᠯᠤᠰ | ᠭᠡᠳᠤ ᠶᠢᠨ ᠬᠦᠭᠵᠢᠯᠳᠠ ᠳᠤ ᠬᠤᠯᠪᠤᠬᠳᠠᠬᠤ ᠨᠢᠭᠡ ᠵᠦᠢᠯ ᠤᠨ ᠴᠢᠬᠤᠯᠠ ᠶᠡᠭᠡ ᠡᠬᠦᠷᠭᠡ ᠪᠤᠯᠤᠨ᠎ᠡ᠃ ᠡᠨᠡ ᠭᠡᠳᠦᠨ | ᠵᠢᠯ ᠳᠤ᠂ ᠮᠠᠨ ᠤ ᠤᠷᠤᠨ ᠴᠢᠨᠠᠷ ᠰᠠᠶᠢᠳᠠᠢ ᠬᠦᠭᠵᠢᠯᠳᠠ ᠶᠢᠨ ᠲᠡᠯ᠎ᠡ ᠳᠤ ᠪᠠᠰᠠ ᠨᠡᠯᠢᠶᠡᠳ ᠦᠷ᠎ᠡ ᠪᠦᠳᠦᠮᠵᠢ | ᠤᠯᠪᠠ᠂ ᠬᠡᠪᠡᠴᠤ ᠪᠦᠬᠦᠯᠢ ᠴᠤᠬᠴᠠ ᠶᠢᠨ ᠲᠠᠯ᠎ᠡ ᠪᠠᠷ ᠬᠡᠯᠡᠪᠡᠯ ᠠᠯᠬᠤᠮ ᠮᠦᠨ ᠬᠦ ᠤᠳᠠᠭᠠᠨ ᠪᠠᠶᠢᠨ᠎ᠡ᠃ ᠨᠡᠩ ᠴᠤ | ᠬᠦᠮᠦᠰ ᠢ ᠵᠤᠪᠠᠨᠢᠭᠤᠯᠤᠮᠠ ᠠᠰᠠᠭᠤᠲᠠᠯ ᠭᠡᠪᠡᠯ᠂ ᠮᠠᠨ ᠤ ᠵᠠᠷᠢᠮ ᠺᠠᠳ᠋ᠷ ᠪᠠᠶᠢᠳᠠᠯ ᠤᠨ ᠬᠦᠭᠵᠢᠯᠳᠠ ᠬᠤᠪᠢᠷᠠᠯᠲᠠ ᠳᠤ | ᠰᠡᠷᠭᠡᠭ ᠪᠢᠰᠢ᠂ ᠰᠢᠨ᠎ᠡ ᠬᠦᠭᠵᠢᠯᠳᠠ ᠶᠢᠨ ᠣᠨᠤᠯᠵᠢᠬᠤᠨ ᠢ ᠬᠦᠨᠵᠡᠭᠡᠢ ᠨᠡᠪᠳᠡᠷᠡᠳᠡᠯ᠎ᠡ ᠤᠶᠢᠯᠠᠭᠠᠭᠠᠳᠤᠢ᠂ ᠴᠢᠨᠠᠷ | ᠰᠠᠶᠢᠳᠠᠢ ᠬᠦᠭᠵᠢᠯᠳᠠ ᠶᠢ ᠠᠬᠢᠭᠤᠯᠬᠤ ᠳᠤ ᠢᠳᠡᠪᠬᠢᠳᠠᠢ ᠪᠢᠰᠢ ᠪᠠᠶᠢᠵᠤ᠂ ᠬᠡᠪᠰᠢᠮᠠᠯ ᠰᠡᠳᠬᠢᠬᠦᠢ ᠶᠢᠨ ᠪᠠᠶᠢᠲᠠᠯ ᠢᠶᠠᠨ | ᠦᠨᠡᠨ ᠬᠦ ᠲᠠᠶᠠᠬᠳᠠᠭᠠᠳᠤᠢ᠂ ᠴᠠᠭ ᠠᠴᠠ ᠦᠡᠭᠭᠡᠷᠡᠭᠰᠡᠨ ᠬᠦᠭᠵᠢᠯᠳᠠ ᠶᠢᠨ ᠬᠡᠪ ᠵᠠᠬᠪᠤᠷ ᠠᠴᠠ ᠦᠨᠡᠨ ᠬᠦ | ᠮᠤᠯᠳᠤᠷᠠᠭᠠᠳᠤᠢ᠂ ᠤᠯᠠᠮᠵᠢᠯᠠᠯᠳᠤ ᠵᠠᠮ ᠱᠤᠭᠤᠮ ᠤᠨ ᠲᠦᠰᠢᠭ ᠠᠴᠠ ᠦᠨᠡᠨ ᠬᠦ ᠮᠤᠯᠳᠤᠷᠠᠭᠠᠳᠤᠢ ᠪᠠᠶᠢᠵᠤ᠂ | ᠬᠦᠭᠵᠢᠯᠳᠠ ᠶᠢ ᠠᠳᠬᠤᠬᠤ ᠣᠨᠤᠯᠵᠢᠬᠤᠨ ᠰᠢᠨ᠎ᠡ ᠪᠢᠰᠢ᠂ ᠰᠡᠳᠬᠢᠴᠠ ᠦᠷᠭᠡᠨ ᠪᠢᠰᠢ᠂ ᠠᠷᠭ᠎ᠠ ᠬᠡᠮᠵᠢᠶ᠎ᠡ ᠤᠯᠠᠨ | ᠪᠢᠰᠢ ᠪᠠᠶᠢᠨ᠎ᠠ᠃ ᠪᠢᠳᠠ ᠦᠷᠭᠡᠨ ᠤᠯᠠᠨ ᠺᠠᠳ᠋ᠷ ᠢᠯᠠᠩᠭᠤᠶ᠎ᠡ ᠡᠯ᠎ᠡ ᠱᠠᠳᠤᠨ ᠤ ᠤᠳᠤᠷᠢᠳᠬᠤ ᠺᠠᠳ᠋ᠷ ᠢ ᠬᠦᠲᠦᠯᠦᠨ | ᠲᠠᠭᠠᠭᠤᠯᠵᠤ ᠪᠠᠶᠢᠭᠠᠳ ᠴᠠᠭ ᠤᠨ ᠪᠠᠶᠢᠳᠠᠯ ᠳᠤ ᠦᠯᠤ ᠵᠤᠬᠢᠴᠠᠬᠤ ᠣᠨᠤᠯᠵᠢᠬᠤᠨ᠂ ᠤᠯᠠᠮᠵᠢᠯᠠᠯᠳᠤ | ᠰᠡᠳᠬᠢᠬᠦᠢ ᠶᠢᠨ ᠬᠡᠪ ᠪᠠᠶᠢᠲᠠᠯ᠂ ᠵᠤᠷᠰᠢᠯᠲᠦ ᠳᠦᠷᠢᠮ ᠭᠤᠷᠢᠮ ᠤᠨ ᠬᠦᠯᠢᠶᠡᠰᠦᠯᠡᠯ ᠠᠴᠠ ᠦᠨᠡᠨ ᠬᠦ ᠴᠢᠯᠦᠭᠡᠯᠡᠵᠤ᠂ | ᠲᠡᠷᠢᠬᠦᠨ ᠤ ᠭᠠᠵᠠᠷ ᠤᠷᠤᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠠᠯ ᠢ ᠢᠳᠡᠪᠬᠢᠳᠠᠢ ᠰᠤᠷᠤᠯᠴᠠᠨ ᠲᠤᠯᠢ | ᠪᠤᠯᠭᠠᠵᠤ᠂ ᠨᠡᠩ ᠦᠷᠭᠡᠨ ᠪᠠᠶᠢᠷᠢᠰᠢᠯ ᠤᠨ ᠬᠠᠷᠠᠭᠠᠰᠤ᠂ ᠨᠡᠩ ᠲᠤᠳᠤᠷᠬᠠᠢ ᠬᠦᠭᠵᠢᠯᠳᠠ ᠶᠢᠨ ᠰᠡᠳᠬᠢᠴᠡ᠂ ᠨᠡᠩ | ᠬᠦᠴᠦᠨ ᠲᠠᠢ ᠠᠵᠢᠯ ᠤᠨ ᠠᠷᠭ᠎ᠠ ᠬᠡᠮᠵᠢᠶ᠎ᠡ ᠪᠠᠷ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠭᠡᠷᠡᠭᠳᠠᠢ᠃ ᠦᠭᠡᠷ᠎ᠡ | ᠨᠢᠭᠡ ᠬᠠᠷᠠᠭᠠᠰᠤ ᠠᠴᠠ ᠠᠪᠴᠤ ᠬᠡᠯᠡᠬᠦ ᠳᠤ᠂ ᠦᠪᠤᠷ ᠮᠤᠩᠭᠤᠯ ᠤᠨ ᠠᠵᠤ ᠠᠬᠤᠢ ᠬᠦᠭᠵᠢᠭᠡᠳ ᠦᠨᠤᠳᠤᠷ ᠤᠨ | ᠡᠨᠡ ᠬᠦ ᠱᠠᠳᠤᠨ ᠳᠤ ᠬᠦᠷᠦᠭᠰᠡᠨ ᠪᠠᠶᠢᠬᠤ ᠳᠤ᠂ ᠬᠡᠷᠪᠡ ᠪᠢᠳᠠ ᠠᠵᠤ ᠠᠬᠤᠢ ᠶᠢᠨ ᠬᠦᠭᠵᠢᠯᠳᠠ ᠶᠢᠨ ᠰᠢᠨ᠎ᠡ ᠬᠡᠪ | ᠪᠠᠶᠢᠳᠠᠯ ᠳᠤ ᠢᠳᠡᠪᠬᠢᠳᠠᠢ ᠪᠠᠷ ᠵᠤᠬᠢᠴᠠᠬᠤ ᠦᠭᠡᠢ ᠪᠠ ᠬᠦᠳᠦᠯᠤᠨ ᠲᠠᠭᠠᠭᠤᠯᠬᠤ ᠦᠭᠡᠢ᠂ ᠴᠢᠨᠠᠷ ᠰᠠᠶᠢᠳᠠᠢ | ᠬᠦᠭᠵᠢᠯᠳᠠ ᠶᠢᠨ ᠱᠠᠭᠠᠷᠳᠠᠯᠭ᠎ᠠ ᠶᠤᠰᠤᠭᠠᠷ ᠬᠦᠭᠵᠢᠯᠳᠠ ᠶᠢ ᠡᠷᠢᠯᠬᠢᠯᠡᠬᠦ ᠦᠭᠡᠢ᠂ ᠬᠦᠭᠵᠢᠯᠳᠠ ᠶᠢ ᠠᠳᠬᠤᠬᠤ | ᠦᠭᠡᠢ᠂ ᠬᠦᠭᠵᠢᠯᠳᠠ ᠶᠢ ᠠᠬᠢᠭᠤᠯᠬᠤ ᠦᠭᠡᠢ ᠪᠤᠯ᠂ ᠬᠡᠯᠪᠡᠷᠢ ᠪᠠᠨ ᠬᠤᠪᠢᠷᠠᠭᠤᠯᠵᠤ᠂ ᠪᠦᠳᠦᠴᠠ ᠪᠠᠨ | ᠲᠤᠬᠢᠷᠠᠭᠤᠯᠬᠤ ᠶᠢ ᠪᠠᠶᠠᠯᠡᠬᠦᠯᠵᠤ ᠲᠡᠶᠢᠯᠬᠦ ᠦᠭᠡᠢ ᠪᠤᠯᠬᠤ ᠪᠦᠭᠡᠳ ᠲᠤᠬᠳᠠᠭᠤᠨ ᠨᠡᠮᠡᠭᠳᠡᠯ ᠢ ᠪᠠᠶᠠᠯᠡᠬᠦᠯᠬᠦ ᠳᠤ ᠴᠤ | ᠲᠤᠶᠢᠯ ᠢᠶᠠᠷ ᠬᠦᠴᠢᠷᠳᠡᠬᠦ ᠪᠤᠯᠤᠨ᠎ᠡ᠃ ᠡᠯ᠎ᠠ ᠭᠠᠵᠠᠷ ᠤᠷᠤᠨ ᠪᠦᠷ ᠦᠷᠢᠰᠦᠯᠳᠦᠨ ᠬᠦᠭᠵᠢᠵᠦ ᠪᠠᠶᠢᠭ᠎ᠠ ᠬᠠᠨᠳᠤᠰᠢ | ᠪᠠᠶᠢᠳᠠᠯ ᠤᠨ ᠡᠮᠤᠨ᠎ᠠ᠂ ᠪᠢᠳᠡ ᠶᠠᠭᠠᠬᠢᠬᠰᠠᠨ ᠴᠤ ᠡᠷᠡᠬᠡᠯᠵᠡᠨ ᠵᠤᠭᠰᠤᠵᠤ ᠬᠠᠷᠠᠵᠦ ᠰᠠᠭᠤᠵᠤ ᠪᠤᠯᠬᠤ ᠦᠬᠡᠢ᠂ | ᠶᠠᠭᠠᠬᠢᠬᠰᠠᠨ ᠴᠤ ᠬᠦᠯ ᠢᠶᠠᠨ ᠳᠤᠱᠠᠭᠠᠳ ᠤᠷᠤᠬᠰᠢᠯᠠᠬᠤ ᠦᠬᠡᠢ ᠪᠠᠶᠢᠵᠦ ᠪᠤᠯᠬᠤ ᠦᠬᠡᠢ᠂ ᠴᠢᠨᠠᠷ ᠰᠠᠶᠢᠳᠠᠢ | ᠬᠦᠭᠵᠢᠯᠳᠡ ᠶᠢ ᠵᠦᠪᠬᠡᠨ ᠨᠢᠬᠡᠨ ᠡᠬᠦᠷᠬᠡ ᠪᠤᠯᠭᠠᠨ ᠰᠠᠨᠠᠭᠠᠴᠢᠯᠠᠭᠠᠲᠦ ᠪᠤᠰᠤ ᠪᠠᠷ ᠠᠷᠭᠠᠴᠠᠭᠠᠵᠦ ᠶᠠᠭᠠᠬᠢᠭᠰᠠᠠ ᠴᠤ | ᠪᠤᠯᠬᠤ ᠦᠬᠡᠢ᠂ ᠬᠠᠷᠢᠨ ᠬᠦᠭᠵᠢᠯᠳᠡ ᠶᠢᠨ ᠳᠤᠮᠳᠠᠬᠢ ᠴᠢᠬᠤᠯᠠ ᠠᠵᠠ ᠳᠤᠬᠢᠶᠠᠯ ᠢᠶᠠᠨ ᠪᠤᠯᠭᠠᠨ | ᠰᠠᠨᠠᠭᠠᠴᠢᠯᠠᠭ᠎ᠠ ᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠡᠢ᠃ ᠡᠷᠬᠡᠪᠰᠢ ᠰᠢᠨ᠎ᠠ ᠬᠦᠭᠵᠢᠯᠳᠡ ᠶᠢᠨ | ᠣᠨᠤᠯᠵᠢᠬᠤᠨ ᠢ ᠢᠳᠡᠪᠬᠢᠳᠡᠢ ᠦᠢᠯᠡᠳᠦᠯᠬᠡᠵᠢᠬᠦᠯᠵᠦ᠂ ᠠᠵᠢᠯ ᠤᠨ ᠬᠦᠴᠦᠯᠡᠴᠡ ᠪᠠᠨ ᠦᠨᠡᠨ ᠬᠦ ᠠᠵᠦ ᠦᠢᠯᠡᠰ | ᠤᠨ ᠪᠦᠳᠦᠴᠡ ᠶᠢ ᠳᠤᠬᠢᠷᠠᠭᠤᠯᠬᠤ᠂ ᠡᠬᠢ ᠪᠠᠶᠠᠯᠢᠬ ᠢ ᠤᠨᠲᠤᠤᠰᠢᠭᠤᠯᠤᠨ ᠦᠷᠲᠡᠭ ᠨᠡᠮᠡᠭᠳᠡᠬᠦᠯᠬᠦ᠂ ᠰᠢᠨ᠎ᠠ ᠶᠢ | ᠡᠬᠦᠳᠬᠦ ᠪᠠᠷ ᠬᠦᠭᠵᠢᠯᠲᠡ ᠶᠢᠨ ᠬᠦᠳᠡᠯᠭᠡᠭᠦᠷ ᠪᠤᠯᠭᠠᠬᠤ᠂ ᠪᠤᠬᠢᠷᠳᠤᠯ ᠦᠬᠡᠢ ᠡᠷᠬᠢᠯᠳᠠᠲᠦ ᠨᠡᠬᠦᠷᠡᠰᠦᠳᠦ᠋ᠷᠦᠭᠴᠢ | ᠪᠠᠭ᠎ᠠ ᠬᠦᠭᠵᠢᠯᠳᠡ ᠶᠢ ᠠᠬᠢᠭᠤᠯᠬᠤ ᠪᠠ ᠦᠬᠡᠷᠡᠴᠢᠯᠡᠯᠳᠡ ᠨᠡᠬᠡᠬᠡᠯᠳᠡ ᠶᠢ ᠬᠦᠨᠵᠡᠬᠡᠶᠢᠷᠡᠬᠦᠯᠬᠦ ᠳᠡᠬᠡᠷ᠎ᠠ ᠳᠠᠯᠪᠢᠵᠦ᠂ | ᠰᠢᠲᠦ ᠵᠠᠭᠤᠵᠤ ᠪᠠᠶᠢᠭᠠᠳ ᠵᠤᠷᠢᠬ ᠰᠢᠭᠤᠳᠤᠨ ︽ᠳᠦᠷᠪᠡ ᠣᠯᠠᠨ ᠳᠦᠷᠪᠡ ᠴᠦᠬᠡᠨ︾ ᠪᠠᠶᠢᠭ᠎ᠠ ᠠᠵᠦ ᠦᠢᠯᠡᠰ | ᠤᠨ ᠪᠦᠳᠦᠴᠡ ᠶᠢ ᠬᠤᠪᠢᠷᠠᠭᠤᠯᠵᠦ᠂ ︽ᠨᠠᠬᠦᠷᠡᠰᠦ ᠮᠠᠯᠳᠠᠨ ᠨᠡᠬᠦᠷᠡᠰᠦ ᠬᠤᠳᠠᠯᠳᠤᠬᠤ᠂ ᠰᠢᠷᠤᠢ ᠮᠠᠯᠳᠠᠨ ᠰᠢᠷᠤᠢ | ᠬᠤᠳᠠᠯᠳᠤᠬᠤ︾ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠵᠦ᠂ ᠠᠵᠦ ᠠᠬᠤᠢ ᠶᠢᠨ ᠬᠦᠭᠵᠢᠯᠳᠡ ᠶᠢᠨ ᠶᠠᠰᠤ | ᠴᠢᠨᠠᠷ ᠤᠨ ᠬᠤᠪᠢᠰᠤᠯᠳᠠ᠂ ᠦᠷ᠎ᠠ ᠪᠦᠳᠦᠮᠵᠢ ᠶᠢᠨ ᠬᠤᠪᠢᠰᠤᠯᠳᠠ᠂ ᠬᠦᠳᠡᠯᠬᠡᠬᠦ ᠬᠦᠴᠦᠨ ᠤ ᠬᠤᠪᠢᠰᠤᠯᠳᠠ ᠶᠢ | ᠲᠦᠷᠭᠡᠨ ᠠᠬᠢᠭᠤᠯᠬᠤ ᠬᠡᠷᠡᠭᠲᠡᠢ᠃ | ᠭᠤᠷᠪᠠᠳᠤᠭᠠᠷ ᠲᠤ᠂ ᠬᠦᠭᠵᠢᠬᠦᠯᠬᠦ ᠪᠡ ᠬᠠᠮᠠᠭᠠᠯᠠᠬᠤ ᠶᠢᠨ ᠬᠠᠷᠢᠴᠠᠭ᠎ᠠ ᠶᠢ ᠡᠵᠡᠮᠰᠢᠬᠦ ᠪᠡ ᠰᠶᠢᠳᠪᠤᠷᠢᠯᠡᠬᠦ | ᠳᠠᠯ᠎ᠠ ᠪᠠᠷ᠂ ᠡᠷᠬᠡᠪᠰᠢ ᠬᠤᠪᠢᠰᠤᠩᠭᠤᠢ ᠪᠦᠬᠡᠳ ᠨᠢᠬᠡᠳᠦᠯᠳᠡᠢ ᠪᠠᠶᠢᠬᠤ ᠶᠢ ᠪᠠᠷᠢᠮᠳᠠᠯᠠᠬᠤ ᠬᠡᠷᠡᠭᠲᠡᠢ᠂ ᠨᠢᠬᠡ ᠳᠠᠯ᠎ᠠ | ᠳᠡᠶᠢᠰᠢ ᠮᠤᠵᠢᠭᠤᠳᠠᠯᠠᠨ ᠬᠡᠯᠪᠡᠶᠢᠵᠦ ᠪᠤᠯᠬᠤ ᠦᠬᠡᠢ᠃ ᠠᠵᠦ ᠠᠬᠤᠢ ᠶᠢᠨ ᠬᠦᠭᠵᠢᠯᠳᠡ ᠪᠤᠯᠤᠨ ᠤᠷᠴᠢᠨ | ᠳᠤᠭᠤᠷᠢᠨ ᠤ ᠬᠠᠮᠠᠭᠠᠯᠠᠯᠳᠠ ᠪᠤᠯ ᠢᠢᠮᠦ ᠪᠢᠰᠢ ᠪᠤᠯ ᠳᠡᠶᠢᠮᠦ ᠬᠡᠰᠡᠨ ᠭᠠᠭᠴᠠ ᠰᠤᠩᠭᠤᠯᠳᠠᠳᠦ ᠬᠠᠷᠢᠴᠠᠭ᠎ᠠ ᠪᠢᠰᠢ᠂ | ᠮᠦᠨ ᠴᠤ ᠬᠠᠷᠢᠯᠴᠠᠨ ᠦᠬᠡᠶᠢᠰᠬᠡᠬᠦ ᠡᠰᠡᠷᠬᠦᠴᠡᠯᠳᠤᠯ ᠤᠨ ᠬᠠᠷᠢᠴᠠᠭ᠎ᠠ ᠪᠢᠰᠢ᠂ ᠬᠠᠷᠢᠨ ᠬᠤᠪᠢᠰᠤᠩᠭᠤᠢ ᠪᠦᠬᠡᠳ | ᠨᠢᠬᠡᠳᠦᠯᠳᠡᠢ ᠪᠠᠶᠢᠬᠤ ᠬᠠᠷᠢᠴᠠᠭ᠎ᠠ ᠶᠤᠮ᠃ ᠤᠳᠤᠬᠠᠨ ᠳᠤ ᠵᠠᠷᠢᠮ ᠨᠦᠬᠦᠳ ᠠᠵᠦ ᠦᠢᠯᠡᠰ ᠢ ᠠᠳᠬᠤᠨ ᠳᠦᠷᠦᠯ | ᠵᠦᠢᠯ ᠬᠢᠬᠦ ᠳᠤ ᠵᠠᠶᠢᠯᠠᠰᠢ ᠦᠬᠡᠢ ᠠᠮᠢ ᠠᠬᠤᠢ ᠤᠷᠴᠢᠨ ᠳᠤᠭᠤᠷᠢᠨ ᠢ ᠡᠪᠳᠡᠨ᠎ᠠ ᠬᠡᠵᠦ ᠦᠵᠡᠬᠡᠳ᠂ ᠬᠠᠮᠠᠭᠠᠯᠠᠯᠳᠠ | ᠬᠢᠬᠦ ᠪᠠᠷ ᠰᠢᠯᠳᠠᠬ ᠪᠤᠯᠭᠠᠨ ︽ᠬᠦᠴᠦ ᠬᠦᠯᠦᠰᠦ ᠵᠠᠷᠤᠴᠠᠭᠤᠯᠬᠤ ᠦᠬᠡᠢ ᠪᠠᠷ ᠵᠠᠰᠠᠬᠤ︾ ᠶᠢ ᠪᠤᠲᠤᠵᠤ᠂ ᠠᠳᠬᠤᠬᠤ | ᠶᠤᠰᠤᠳᠠᠢ ᠠᠵᠢᠯ ᠢᠶᠠᠨ ᠰᠠᠨᠠᠭᠠᠴᠢᠯᠠᠭ᠎ᠠ ᠲᠠᠢ ᠪᠠᠷ ᠠᠳᠬᠤᠬᠤ ᠦᠬᠡᠢ᠂ ᠬᠢᠵᠦ ᠪᠤᠯᠬᠤ ᠳᠦᠷᠦᠯ ᠵᠦᠢᠯ ᠢ | ᠢᠳᠡᠪᠬᠢᠳᠡᠢ ᠬᠢᠬᠦ ᠦᠬᠡᠢ ᠪᠠᠶᠢᠨ᠎ᠠ︔ ᠵᠠᠷᠢᠮ ᠨᠢ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢ ᠠᠳᠬᠤᠵᠦ᠂ | ᠪᠤᠬᠢᠷᠳᠤᠯ ᠦᠬᠡᠢ ᠬᠦᠭᠵᠢᠯᠳᠡ ᠶᠢᠨ ᠵᠠᠮ ᠢᠶᠠᠷ ᠵᠠᠮᠨᠠᠬᠤ ᠨᠢ ᠲᠠᠷᠤᠢ ᠡᠪᠡᠰᠦ ᠮᠤᠳᠤ ᠶᠢ ᠢᠯᠡᠬᠦᠦ ᠳᠠᠷᠢᠬᠤ ᠶᠠᠪᠤᠲᠠᠯ | ᠬᠡᠵᠦ ᠳᠦᠬᠦᠮᠬᠡᠨ ᠢᠶᠠᠷ ᠦᠵᠡᠬᠡᠳ᠂ ᠴᠢᠨᠠᠬᠰᠢᠯᠠᠭᠠᠳ ︽ᠠᠵᠦ ᠦᠢᠯᠡᠳᠪᠤᠷᠢᠵᠢᠯ ᠢ ᠦᠬᠡᠶᠢᠰᠬᠡᠬᠦ︾ ᠭᠡᠳᠡᠭ ᠢ | ᠳᠤᠷᠠᠳᠴᠤ ᠪᠠᠶᠢᠨ᠎ᠠ᠃ ᠡᠳᠡᠬᠡᠷ ᠪᠤᠳᠤᠯ ᠪᠤᠯ ᠦᠷᠦᠬᠡᠰᠦᠯ᠂ ᠪᠤᠷᠤᠭᠤ᠂ ᠬᠤᠤᠷᠳᠠᠢ ᠶᠤᠮ᠃ ᠠᠮᠢ ᠠᠬᠤᠢ ᠤᠷᠴᠢᠨ | ᠳᠤᠭᠤᠷᠢᠨ ᠤ ᠠᠰᠠᠭᠤᠳᠠᠯ ᠢ ᠲᠤᠭᠤᠰᠢᠲᠠᠢ ᠬᠡᠯᠡᠪᠡᠯ ᠳᠠᠷᠤᠢ ᠬᠦᠭᠵᠢᠯᠳᠡ ᠶᠢᠨ ᠠᠰᠠᠭᠤᠳᠠᠯ ᠪᠤᠯᠬᠤ ᠶᠤᠮ᠂ | ᠬᠠᠮᠠᠭᠠᠯᠠᠯᠳᠠ ᠬᠢᠬᠦ ᠶᠢ ᠴᠢᠬᠤᠯᠠᠴᠢᠯᠠᠵᠦ ᠪᠠᠶᠢᠭ᠎ᠠ ᠨᠢ ᠬᠦᠭᠵᠢᠯᠳᠡ ᠶᠢ ᠠᠪᠬᠤ ᠦᠬᠡᠢ ᠬᠡᠰᠡᠨ ᠶᠠᠪᠤᠲᠠᠯ ᠪᠢᠰᠢ ᠶᠤᠮ᠂ | ᠬᠦᠭᠵᠢᠯᠳᠡ ᠶᠢ ᠠᠳᠬᠤᠬᠤ ᠦᠬᠡᠢ ᠶᠤᠮ ᠪᠤᠯ ᠡᠴᠤᠰ ᠲᠤ ᠪᠠᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ | ᠪᠦᠳᠦᠬᠡᠨ ᠪᠠᠶᠢᠭᠤᠯᠤᠯᠳᠠ ᠶᠢ ᠴᠤ ᠰᠠᠶᠢᠳᠤᠷ ᠬᠢᠵᠦ ᠴᠢᠳᠠᠬᠤ ᠦᠬᠡᠢ ᠶᠤᠮ᠃ ᠶᠡᠷᠦᠩᠬᠡᠢ ᠱᠦᠵᠢ ᠰᠢ ᠶᠢᠨ ᠫᠢᠩ᠂ | ᠠᠵᠦ ᠠᠬᠤᠢ ᠶᠢ ᠬᠦᠭᠵᠢᠬᠦᠯᠬᠦ ᠳᠤ ᠡᠬᠢ ᠪᠠᠶᠠᠯᠢᠬ ᠪᠤᠯᠤᠨ ᠠᠮᠢ ᠠᠬᠤᠢ ᠤᠷᠴᠢᠨ ᠳᠤᠭᠤᠷᠢᠨ ᠢ ᠬᠤᠭᠤᠰᠤᠷᠠᠲᠠᠯ᠎ᠠ | ᠬᠡᠷᠡᠭᠯᠡᠵᠤ ᠪᠤᠯᠬᠤ ᠦᠬᠡᠢ᠂ ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠳᠤ ᠴᠤ ᠠᠵᠦ ᠠᠬᠤᠢ ᠶᠢᠨ | ᠬᠦᠭᠵᠢᠯᠳᠡ ᠶᠢ ᠳᠠᠶᠠᠬᠳᠠᠭᠠᠳ ᠬᠤᠪᠠᠭ᠋ᠠᠢ ᠮᠤᠳᠤᠨ ᠠᠴᠠ ᠵᠢᠭᠠᠰᠤ ᠡᠷᠢᠵᠦ ᠪᠤᠯᠬᠤ ᠦᠬᠡᠢ᠂ ᠬᠠᠷᠢᠨ | ᠬᠦᠭᠵᠢᠬᠦᠯᠬᠦ ᠶᠢᠨ ᠶᠠᠪᠤᠴᠠ ᠳᠤ ᠬᠠᠮᠠᠭᠠᠯᠠᠵᠦ᠂ ᠬᠠᠮᠠᠭᠠᠯᠠᠬᠤ ᠶᠢᠨ ᠶᠠᠪᠤᠴᠠ ᠳᠤ ᠬᠦᠭᠵᠢᠬᠦᠯᠬᠦ ᠬᠡᠷᠡᠭᠳᠡᠢ ᠬᠡᠵᠤ | ᠬᠦᠨᠵᠡᠬᠡᠢ ᠵᠢᠭᠠᠵᠦ ᠭᠠᠷᠭᠠᠵᠠᠢ᠃ ᠪᠢᠲᠠ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ | ᠢᠯᠠᠩᠭᠤᠶ᠎ᠠ ᠮᠠᠠ ᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠦᠲᠦᠭᠡᠡ ᠪᠠᠶᠢᠭᠤᠯᠤᠯᠲᠠ ᠶᠢᠨ ᠲᠤᠬᠠᠢ ᠴᠢᠬᠤᠯᠠ | ᠵᠢᠭᠠᠪᠤᠷᠢ ᠶᠢᠨ ᠱᠠᠭᠠᠷᠲᠠᠯᠭ᠎ᠠ ᠶᠢ ᠬᠦᠨᠵᠡᠭᠡᠢ ᠤᠶᠢᠯᠠᠭᠠᠵᠦ᠂ ᠦᠪᠦᠷ ᠮᠤᠩᠭᠤᠯ ᠤᠨ ᠠᠮᠢ ᠠᠬᠤᠢ ᠶᠢᠨ ᠪᠠᠶᠢᠷᠢ | ᠰᠠᠭᠤᠷᠢ ᠶᠢᠨ ᠴᠢᠬᠤᠯᠠ ᠴᠢᠨᠠᠷ ᠪᠤᠯᠤᠨ ᠠᠮᠢ ᠠᠬᠤᠢ ᠤᠷᠴᠢᠨ ᠲᠤᠭᠤᠷᠢᠨ ᠤ ᠬᠤᠶᠠᠷ ᠲᠠᠯᠠᠲᠦ ᠴᠢᠨᠠᠷ ᠢ ᠬᠦᠨᠵᠡᠭᠡᠢ | ᠲᠠᠨᠢᠵᠦ᠂ ᠪᠠᠶᠢᠯᠲᠤᠬᠤ ᠪᠤᠲᠤᠯᠭ᠎ᠠ ᠶᠢᠨ ᠪᠠᠶᠢᠷᠢ ᠲᠤᠭᠲᠠᠭᠠᠯᠲᠠ ᠪᠠᠨ ᠪᠠᠲᠤ ᠰᠠᠬᠢᠵᠦ᠂ ᠪᠠᠶᠢᠯᠲᠤᠬᠤ ᠪᠤᠲᠤᠯᠭ᠎ᠠ ᠶᠢᠨ | ᠲᠤᠭᠲᠠᠯ ᠬᠦᠴᠤ ᠪᠠᠨ ᠪᠠᠲᠤᠯᠠᠵᠤ᠂ ᠮᠡᠲᠡᠭᠦᠢ ᠬᠢᠭᠦᠢ ᠪᠠᠨ ᠨᠢᠭᠡᠳᠭᠡᠵᠦ ︽ᠬᠦᠭᠡᠮᠲᠦᠭ ᠨᠤᠭᠤᠭᠠᠠ ᠠᠭᠤᠯᠠ ᠤᠰᠤ | ᠪᠤᠯ ᠲᠠᠷᠤᠢ ᠠᠯᠲᠠ ᠮᠦᠩᠭᠦᠨ ᠠᠭᠤᠯᠠ ᠮᠦᠨ︾ ᠭᠡᠰᠡᠡ ᠤᠨᠤᠯᠵᠢᠬᠤᠨ ᠢ ᠰᠠᠶᠢᠲᠤᠷ ᠨᠠᠶᠢᠲᠠᠪᠤᠷᠢᠵᠢᠭᠤᠯᠤᠨ᠂ | ᠦᠨᠡᠡ ᠬᠦ ᠡᠷᠡᠰ ᠪᠠᠲᠤ ᠤᠪᠤᠷ᠂ ᠪᠤᠲᠠᠲᠠᠢ ᠪᠠᠷ ᠬᠢᠬᠦ ᠪᠤᠲᠠᠲᠦ ᠠᠵᠢᠯᠯᠠᠭ᠎ᠠ ᠪᠠᠷ ᠢᠶᠠᠨ ᠴᠢᠨᠠᠷ ᠰᠠᠶᠢᠲᠠᠢ ᠬᠦᠭᠵᠢᠯᠲᠠ | ᠲᠤᠮᠲᠠ ᠦᠨᠲᠦᠷ ᠲᠦᠪᠰᠢᠨ ᠲᠠᠢ ᠪᠠᠷ ᠬᠠᠮᠠᠭᠠᠯᠠᠵᠦ᠂ ᠦᠨᠲᠦᠷ ᠲᠦᠪᠰᠢᠨ ᠲᠠᠢ ᠪᠠᠷ ᠬᠠᠮᠠᠭᠠᠯᠠᠬᠤ ᠲᠤᠮᠲᠠ ᠴᠢᠨᠠᠷ | ᠰᠠᠶᠢᠲᠠᠢ ᠬᠦᠭᠵᠢᠯᠲᠠ ᠶᠢ ᠪᠡᠶᠡᠯᠡᠭᠦᠯᠬᠦ ᠬᠡᠷᠡᠭᠳᠡᠢ᠃ | ᠲᠦᠷᠪᠡᠲᠦᠭᠡᠷ ᠲᠤ᠂ ᠰᠢᠨ᠎ᠠ ᠬᠠᠭᠤᠴᠢᠨ ᠬᠦᠲᠡᠯᠭᠡᠬᠦ ᠡᠨᠧᠷᠬᠢ ᠶᠢᠨ ᠰᠤᠯᠢᠭᠲᠠᠯ ᠢ ᠠᠬᠢᠭᠤᠯᠬᠤ ᠲᠠᠯ᠎ᠠ ᠪᠠᠷ᠂ | ᠵᠠᠪᠠᠯ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠬᠤ ᠶᠢ ᠡᠷᠢᠯᠬᠢᠯᠡᠵᠦ᠂ ᠬᠠᠭᠤᠴᠢᠨ ᠢ ᠡᠪᠲᠡᠬᠦ ᠪᠦᠭᠡᠳ ᠪᠠᠰᠠ ᠰᠢᠨ᠎ᠡ | ᠶᠢ ᠪᠠᠶᠢᠭᠤᠯᠬᠤ ᠭᠡᠷᠡᠭᠲᠡᠢ᠃ ᠰᠢᠨ᠎ᠠ ᠬᠠᠭᠤᠴᠢᠨ ᠬᠥᠲᠡᠯᠬᠡᠬᠦ ᠡᠨᠧᠷᠬᠢ ᠶᠢ ᠰᠤᠯᠢᠭᠲᠠᠭᠤᠯᠬᠤ ᠪᠤᠯ ᠴᠢᠨᠠᠷ ᠰᠠᠶᠢᠲᠠᠢ | ᠬᠦᠭᠵᠢᠯᠲᠠ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠪᠠ ᠵᠠᠶᠢᠯᠠᠰᠢ ᠦᠭᠡᠢ ᠱᠠᠭᠠᠷᠲᠠᠯᠭ᠎ᠠ ᠪᠤᠯᠤᠨ᠎ᠠ᠃ ᠤᠲᠤ᠂ ᠡᠯ᠎ᠠ | ᠭᠠᠵᠠᠷ ᠤᠨ ᠬᠢᠨ ᠪᠦᠷ ᠬᠦᠲᠡᠯᠭᠡᠬᠦ ᠡᠨᠧᠷᠬᠢ ᠶᠢ ᠬᠤᠪᠢᠷᠠᠭᠤᠯᠬᠤ ᠶᠢ ᠬᠦᠨᠵᠡᠭᠡᠢ ᠲᠦᠯᠦᠪᠵᠢᠭᠦᠯᠵᠦ᠂ ᠲᠦᠷᠭᠡᠡ | ᠠᠬᠢᠭᠤᠯᠵᠦ ᠪᠤᠢ᠂ ᠬᠦᠭᠵᠢᠭᠰᠡᠡ ᠭᠠᠵᠠᠷ ᠤᠷᠤᠨ ᠲᠡᠷᠡ ᠭᠠᠵᠠᠷ ᠤᠷᠤᠨ ᠤ ᠪᠠᠨ ᠰᠠᠶᠢᠨ ᠠᠷᠭ᠎ᠠ ᠲᠠᠢ᠂ ᠪᠤᠰᠤᠳ | ᠭᠠᠵᠠᠷ ᠤᠷᠤᠨ ᠪᠠᠰᠠ ᠦᠪᠡᠷ ᠤᠨ ᠪᠤᠲᠠᠲᠠᠢ ᠠᠷᠭ᠎ᠠ ᠪᠠ ᠮᠡᠷᠭᠡᠡ ᠠᠷᠭ᠎ᠠ ᠲᠠᠢ᠃ ᠪᠢᠲᠠ ᠭᠡᠷᠪᠡ ᠬᠤᠪᠢᠷᠠᠭᠤᠯᠬᠤ ᠶᠢ | ᠰᠡᠷᠭᠡᠭ ᠢᠶᠠᠷ ᠲᠠᠨᠢᠬᠤ ᠦᠭᠡᠢ᠂ ᠬᠤᠪᠢᠷᠠᠭᠤᠯᠬᠤ ᠪᠠᠷ ᠲᠤᠯᠭᠠᠮ ᠰᠡᠳᠭᠢᠬᠦ ᠦᠭᠡᠢ᠂ ᠬᠤᠪᠢᠷᠠᠭᠤᠯᠬᠤ ᠪᠠᠷ ᠲᠦᠷᠭᠡᠡ | ᠱᠠᠭᠠᠷᠲᠠᠬᠤ ᠦᠭᠡᠢ ᠪᠤᠯ ᠲᠠᠷᠤᠢ ᠰᠠᠭᠤᠵᠤ ᠪᠠᠶᠢᠭᠠᠳ ᠰᠠᠶᠢᠨ ᠠᠵᠠ ᠲᠤᠬᠢᠶᠠᠯ ᠢ ᠠᠯᠲᠠᠵᠦ᠂ ᠰᠠᠨᠠᠭᠠᠴᠢᠯᠠᠭᠠᠲᠦ | ᠪᠤᠰᠤ ᠪᠠᠶᠢᠲᠠᠯ ᠳᠤ ᠤᠷᠤᠬᠤ ᠪᠤᠯᠤᠨ᠎ᠠ᠃ ᠶᠡᠷᠦᠩᠭᠡᠢ ᠱᠦᠵᠢ ᠰᠢ ᠶᠢᠨ ᠫᠢᠩ᠄ ︽ᠦᠪᠦᠷ ᠮᠤᠩᠭᠤᠯ ᠴᠢᠨᠠᠷ | ᠰᠠᠶᠢᠲᠠᠢ ᠬᠦᠭᠵᠢᠯᠲᠠ ᠶᠢ ᠪᠡᠶᠡᠯᠡᠭᠦᠯᠬᠦ ᠳᠤ ᠲᠤᠰ ᠭᠠᠵᠠᠷ ᠤᠷᠤᠨ ᠤ ᠪᠠᠨ ᠡᠬᠢ ᠪᠠᠶᠠᠯᠢᠭ ᠤᠨ ᠤᠨᠴᠠᠯᠢᠭ ᠲᠤ | ᠰᠠᠭᠤᠷᠢᠯᠠᠠ᠂ ᠲᠤᠰ ᠭᠠᠵᠠᠷ ᠤᠷᠤᠨ ᠤ ᠲᠠᠪᠠᠭᠤᠯᠢᠭ ᠪᠠ ᠤᠨᠴᠠᠯᠢᠭ ᠢᠶᠠᠨ ᠢᠯᠡᠷᠡᠭᠦᠯᠬᠦ ᠬᠡᠷᠡᠭᠲᠡᠢ᠂ ᠳᠦᠬᠦᠮ | ᠬᠢᠯᠪᠠᠷᠬᠠᠨ ᠢᠶᠠᠷ ᠵᠡᠭᠦᠨ ᠤᠷᠤᠨ ᠤ ᠬᠦᠭᠵᠢᠭᠰᠡᠡ ᠭᠠᠵᠠᠷ ᠤᠷᠤᠨ ᠲᠠᠢ ᠠᠵᠦ ᠦᠢᠯᠡᠰ᠂ ᠪᠦᠲᠦᠴᠡ ᠪᠠᠨ | ᠠᠲᠠᠯᠢᠳᠬᠠᠠ᠂ ᠬᠤᠷᠲᠤᠴᠠ ᠪᠠᠨ ᠠᠲᠠᠯᠢᠳᠬᠠᠵᠦ ᠪᠤᠯᠬᠤ ᠦᠭᠡᠢ︾ ᠭᠡᠵᠤ ᠵᠢᠭᠠᠵᠤ ᠭᠠᠷᠭᠠᠪᠠ᠃ ᠪᠢᠲᠠ ᠰᠢᠨ᠎ᠠ | ᠬᠠᠭᠤᠴᠢᠨ ᠬᠦᠲᠡᠯᠭᠡᠬᠦ ᠡᠨᠧᠷᠬᠢ ᠶᠢᠨ ᠰᠤᠯᠢᠭᠲᠠᠯ ᠢ ᠠᠬᠢᠭᠤᠯᠬᠤ ᠳᠤ᠂ ᠰᠠᠨᠠᠭᠠᠴᠢᠯᠠᠭ᠎ᠠ ᠠᠴᠠ ᠪᠠᠨ ᠵᠢᠳᠭᠦᠯ | ᠴᠢᠷᠮᠠᠶᠢᠯᠭ᠎ᠠ ᠭᠠᠷᠭᠠᠬᠤ ᠪᠠᠷ ᠪᠠᠷᠠᠬᠤ ᠦᠭᠡᠢ ᠪᠠᠰᠠ ᠵᠠᠷᠢᠮ ᠢ ᠨᠢ ᠬᠢᠵᠦ ᠵᠠᠷᠢᠮ ᠢ ᠨᠢ ᠦᠯᠦ ᠬᠢᠵᠦ᠂ ᠰᠠᠶᠢᠨ ᠲᠠᠢ | ᠲᠠᠯ᠎ᠠ ᠪᠠᠨ ᠪᠠᠲᠠᠷᠠᠭᠤᠯᠵᠦ ᠲᠤᠲᠠᠭᠲᠠᠯ ᠢᠶᠠᠨ ᠲᠡᠪᠴᠢᠵᠦ᠂ ᠨᠡᠮᠡᠵᠦ ᠬᠠᠰᠤᠬᠤ ᠠᠷᠭ᠎ᠠ ᠶᠢ ᠬᠠᠮᠲᠤ ᠭᠡᠷᠡᠭᠯᠡᠠ᠂ | ᠡᠪᠲᠡᠬᠦ ᠪᠠ ᠪᠠᠶᠢᠭᠤᠯᠬᠤ ᠶᠢ ᠬᠠᠷᠢᠯᠴᠠᠠ ᠤᠶᠠᠯᠲᠤᠭᠤᠯᠬᠤ ᠬᠡᠷᠡᠭᠲᠡᠢ᠃ ᠰᠢᠨ᠎ᠠ ᠬᠠᠭᠤᠴᠢᠨ ᠬᠦᠲᠡᠯᠭᠡᠬᠦ ᠡᠨᠧᠷᠬᠢ ᠶᠢ | ᠰᠤᠯᠢᠭᠲᠠᠭᠤᠯᠬᠤ ᠳᠤ ᠬᠠᠭᠤᠴᠢᠷᠠᠮᠠᠯ ᠵᠦᠢᠯ ᠢᠶᠠᠨ ᠬᠠᠶᠠᠵᠦ ᠰᠢᠨ᠎ᠠ ᠠᠷᠭ᠎ᠠ ᠬᠡᠮᠵᠢᠶ᠎ᠠ ᠲᠤᠭᠲᠠᠭᠠᠬᠤ ᠬᠡᠷᠡᠭᠲᠡᠢ᠂ | ᠭᠡᠲᠡᠯ᠎ᠠ ᠰᠢᠨ᠎ᠠ ᠳᠤ ᠲᠤᠷᠠᠯᠠᠠ ᠬᠠᠭᠤᠴᠢᠨ ᠢᠶᠠᠨ ᠭᠤᠯᠤᠵᠦ ᠪᠤᠯᠬᠤ ᠦᠭᠡᠢ᠂ ᠨᠡᠩ ᠴᠤ ᠠᠰ ᠲᠤ ᠪᠠᠨ ᠲᠤᠭ | ᠪᠤᠰᠬᠠᠵᠦ ᠪᠤᠯᠬᠤ ᠦᠭᠡᠢ᠃ ᠡᠨᠧᠷᠬᠢ᠂ ᠬᠢᠮᠢ ᠶᠢᠨ ᠠᠵᠦ ᠦᠢᠯᠡᠳᠪᠦᠷᠢ᠂ ᠲᠡᠮᠦᠷᠯᠢᠭ ᠪᠤᠯᠪᠠᠰᠤᠷᠠᠭᠤᠯᠬᠤ᠂ | ᠲᠠᠷᠢᠶᠠᠯᠠᠩ ᠤᠨ ᠪᠦᠲᠦᠭᠡᠭᠲᠡᠭᠦᠨ ᠮᠠᠯ ᠤᠨ ᠠᠰᠢᠭ ᠰᠢᠮ᠎ᠠ ᠶᠢ ᠡᠳ᠋ᠰᠢᠭᠦᠯᠬᠦ ᠵᠡᠷᠭᠡ ᠤᠯᠠᠮᠵᠢᠯᠠᠯᠲᠦ ᠠᠵᠦ ᠦᠢᠯᠡᠰ ᠢ | ᠪᠢᠲᠠ ᠤᠷᠲᠤ ᠬᠤᠭᠤᠴᠠᠭ᠎ᠠ ᠶᠢᠨ ᠬᠦᠭᠵᠢᠯᠲᠠ ᠲᠤᠮᠲᠠ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ ᠪᠠᠶᠢᠭᠠᠳ | ᠪᠤᠶᠢᠵᠢᠭᠤᠯᠤᠭᠰᠠᠠ ᠶᠤᠮ᠂ ᠦᠪᠦᠷ ᠮᠤᠩᠭᠤᠯ ᠤᠨ ᠲᠠᠪᠠᠭᠤᠯᠢᠭ ᠤᠨᠴᠠᠯᠢᠭ ᠪᠠ ᠭᠤᠯᠤᠮᠲᠠ ᠰᠠᠬᠢᠬᠤ ᠠᠵᠦ ᠦᠢᠯᠡᠰ | ᠮᠦᠨ᠂ ᠵᠦᠪᠬᠡᠡ ᠬᠦᠴᠦᠷᠭᠡᠭᠵᠢᠭᠦᠯᠦᠨ ᠰᠢᠯᠢᠲᠡᠭᠵᠢᠬᠦᠯᠬᠦ ᠠᠴᠠ ᠪᠢᠰᠢ᠂ ᠪᠠᠭᠤᠷᠠᠢ ᠪᠤᠯᠭᠠᠬᠤ ᠪᠤᠶᠤ ᠤᠷᠬᠢᠵᠦ | ᠪᠤᠯᠬᠤ ᠦᠭᠡᠢ᠃ ᠶᠠᠷᠢᠶᠠᠠ ᠦᠭᠡᠢ ᠤᠯᠠᠮᠵᠢᠯᠠᠯᠲᠦ ᠠᠵᠦ ᠦᠢᠯᠡᠰ ᠢ ᠵᠦᠪᠬᠡᠡ ᠮᠡᠷᠭᠡᠵᠢᠯ ᠢᠶᠠᠷ ᠦᠭᠡᠷᠡᠴᠢᠯᠡᠡ | ᠰᠠᠶᠢᠵᠢᠷᠠᠭᠤᠯᠪᠠᠯ ᠰᠠᠶ᠋ᠢ ᠰᠢᠨ᠎ᠠ ᠬᠦᠲᠡᠯᠭᠡᠬᠦ ᠡᠨᠧᠷᠬᠢ ᠪᠤᠯᠭᠠᠠ ᠬᠤᠪᠢᠷᠠᠭᠤᠯᠵᠦ ᠴᠢᠲᠠᠨ᠎ᠠ︔ ᠭᠡᠷᠪᠡ ᠰᠢᠨ᠎ᠠ ᠪᠠᠷ | ᠮᠠᠨᠲᠤᠭᠰᠠᠠ ᠠᠵᠦ ᠦᠢᠯᠡᠰ ᠤᠨ ᠮᠡᠷᠭᠡᠵᠢᠯ ᠤᠨ ᠲᠦᠪᠰᠢᠨ ᠨᠢ ᠲᠤᠤᠷ᠎ᠠ ᠪᠤᠯ ᠵᠦᠪᠬᠡᠡ ︽ᠰᠢᠨ᠎ᠠ︾ ᠮᠠᠯᠠᠭᠠᠢ | ᠵᠡᠭᠦᠭᠰᠡᠡ ᠲᠡᠲᠦᠢ᠂ ᠰᠢᠨ᠎ᠠ ᠬᠦᠲᠡᠯᠭᠡᠬᠦ ᠡᠨᠧᠷᠬᠢ ᠪᠤᠯᠵᠦ ᠴᠢᠲᠠᠬᠤ ᠦᠭᠡᠢ ᠶᠤᠮ᠃ ᠪᠢᠳᠡ ᠤᠯᠠᠮᠵᠢᠯᠠᠯᠲᠤ ᠠᠵᠤ | ᠦᠢᠯᠡᠰ ᠢ ᠦᠭᠡᠷᠡᠴᠢᠯᠡᠨ ᠲᠡᠰ ᠳᠡᠪᠰᠢᠭᠦᠯᠬᠦ ᠳᠡᠭᠡᠷ᠎ᠠ ᠪᠤᠳᠠᠲᠠᠢ ᠪᠦᠭᠡᠳ ᠨᠠᠷᠢᠯᠢᠭ ᠠᠵᠢᠯᠯᠠᠭ᠎ᠠ ᠠᠪᠴᠤ᠂ ᠰᠢᠨ᠎ᠠ | ᠠᠵᠤ ᠦᠢᠯᠡᠰ᠂ ᠰᠢᠨ᠎ᠠ ᠬᠦᠳᠡᠯᠭᠡᠬᠦ ᠡᠨᠧᠷᠬᠢ᠂ ᠰᠢᠨ᠎ᠠ ᠨᠡᠮᠡᠭᠳᠡᠯ ᠤᠨ ᠲᠦᠢᠯ ᠢ ᠪᠤᠶᠢᠵᠢᠭᠤᠯᠬᠤ ᠳᠡᠭᠡᠷ᠎ᠠ | ᠦᠷᠬᠦᠯᠵᠢᠯᠡᠨ ᠬᠦᠴᠦᠯᠡᠨ᠂ ᠴᠤᠴᠠᠯᠲᠠ ᠦᠭᠡᠢ ᠴᠢᠷᠮᠠᠶᠢᠵᠤ᠂ ᠤᠷᠲᠤ ᠬᠤᠭᠤᠴᠠᠭᠠᠨ ᠤ ᠴᠦᠬᠦᠷᠡᠰᠢ ᠦᠭᠡᠢ | ᠴᠢᠷᠮᠠᠶᠢᠯᠭ᠎ᠠ ᠪᠠᠷ ᠳᠠᠮᠵᠢᠨ᠂ ︽ᠬᠦᠭᠰᠢᠨ ᠮᠤᠲᠤᠨ ᠳᠤ ᠰᠢᠨ᠎ᠠ ᠴᠡᠴᠡᠭ ᠳᠡᠯᠭᠡᠷᠡᠭᠦᠯᠦᠨ︾ ︽ᠰᠢᠨ᠎ᠠ ᠲᠠᠷᠢᠭᠰᠠᠠ | ᠮᠤᠳᠤ ᠶᠢ ᠤᠢ ᠰᠢᠭᠤᠢ ᠪᠤᠯᠭᠠᠨ ᠢᠭᠴᠤᠷᠠᠭᠤᠯᠵᠤ︾᠂ ᠠᠵᠤ ᠠᠬᠤᠢ ᠶᠢᠨ ᠬᠦᠭᠵᠢᠯᠲᠡ ᠶᠢ ᠰᠢᠨ᠎ᠠ ᠬᠠᠭᠤᠴᠢᠨ | ᠬᠦᠳᠡᠯᠭᠡᠬᠦ ᠡᠨᠧᠷᠬᠢ ᠶᠢᠨ ᠦᠷᠬᠦᠯᠵᠢᠯᠡᠬᠦ ᠰᠤᠯᠢᠬᠳᠠᠯ ᠳᠤᠮᠳᠠ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ | ᠬᠡᠷᠡᠭᠲᠡᠢ᠃ | ᠤᠯᠠᠨ ᠲᠦᠮᠡᠨ ᠺᠠᠳ᠋ᠷᠴᠤᠳ ᠢ ᠬᠠᠷᠠᠵᠤ᠂ ᠺᠠᠳ᠋ᠷᠴᠤᠳ ᠤᠳᠤᠷᠢᠳᠤᠯᠭ᠎ᠠ ᠨᠠᠷ ᠢ ᠬᠠᠷᠠᠨ᠎ᠠ᠃ ᠮᠤᠵᠢ ᠶᠢᠨ | ᠱᠠᠲᠤᠨ ᠤ ᠤᠳᠤᠷᠢᠳᠬᠤ ᠨᠦᠬᠦᠳ ᠪᠤᠯ ᠪᠦᠬᠦ ᠤᠷᠤᠨ ᠤ ᠺᠠᠳ᠋ᠷ ᠤᠨ ᠡᠩᠨᠡᠭᠡᠨ ᠳᠤᠮᠳᠠᠬᠢ ︽ᠵᠠᠩᠭᠢᠯᠠᠭ᠎ᠠ ᠶᠢᠨ | ᠴᠦᠬᠡᠨ ᠲᠤᠭᠠᠲᠠᠨ︾ ᠶᠤᠮ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠭᠢᠯ ᠤᠨ ᠰᠤᠷᠭᠠᠯ ᠪᠤᠯᠤᠨ | ᠨᠠᠨᠳᠢᠨ ᠬᠦᠰᠡᠯ ᠡᠷᠡᠮᠡᠯᠵᠡᠯ ᠢ ᠪᠠᠲᠤ ᠴᠡᠭᠡᠵᠢᠯᠡᠵᠦ᠂ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠤᠯᠤᠨ | ᠡᠭᠦᠷᠭᠡ ᠪᠠᠨ ᠪᠠᠲᠤ ᠴᠡᠭᠡᠵᠢᠯᠡᠵᠦ᠂ ᠲᠦᠷᠦᠭᠦᠯᠡᠨ ᠳᠠᠭᠤᠷᠢᠶᠠᠯ ᠦᠵᠡᠭᠦᠯᠵᠦ᠂ ᠪᠡᠶ᠎ᠡ ᠪᠠᠷ ᠢᠶᠠᠨ ᠬᠢᠵᠤ ᠦᠵᠡᠬᠦᠯᠵᠤ᠂ | ᠦᠵᠡᠯ ᠰᠠᠨᠠᠭ᠎ᠠ ᠪᠠᠨ ᠳᠠᠬᠢᠨᠲᠠ ᠴᠢᠯᠦᠭᠡᠯᠡᠬᠦ ᠶᠢ ᠲᠦᠷᠦᠭᠦᠯᠡᠨ ᠠᠬᠢᠭᠤᠯᠵᠤ᠂ ᠦᠪᠡᠷ ᠤᠨ ᠪᠡᠶ᠎ᠡ ᠳᠤ ᠪᠠᠨ | ᠲᠤᠶᠢᠯᠪᠤᠷᠢᠲᠠᠢ ᠬᠤᠪᠢᠰᠬᠠᠯ ᠬᠢᠬᠦ ᠵᠤᠷᠢᠭ ᠰᠠᠨᠠᠭ᠎ᠠ ᠶᠢ ᠪᠠᠳᠠᠷᠠᠭᠤᠯᠵᠤ᠂ ᠦᠪᠡᠷ ᠤᠨ ᠪᠡᠶ᠎ᠠ ᠳᠡᠭᠡᠷᠡᠬᠢ ︽ᠬᠦᠯᠢᠶᠡᠰᠦ︾ | ᠶᠢ ᠵᠤᠷᠢᠬᠲᠠᠢ ᠪᠠᠷ ᠡᠪᠳᠡᠵᠦ᠂ ᠦᠷᠭᠡᠨ ᠤᠯᠠᠨ ᠺᠠᠳ᠋ᠷ ᠤᠯᠠᠨ ᠲᠦᠮᠡᠨ ᠤ ᠰᠢᠨ᠎ᠠ ᠬᠦᠭᠵᠢᠯᠲᠡ ᠶᠢᠨ ᠣᠨᠤᠯᠵᠢᠬᠤᠨ | ᠢ ᠨᠡᠩ ᠰᠠᠶᠢᠲᠤᠷ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠶᠢ ᠬᠦᠲᠦᠯᠦᠨ | ᠳᠠᠶᠢᠴᠢᠯᠠᠬᠤ ᠬᠡᠷᠡᠭᠲᠡᠢ᠃ ᠰᠢᠭᠤᠷᠬᠠᠶᠢᠯᠠᠨ ᠠᠵᠢᠯᠯᠠᠵᠤ᠂ ᠵᠤᠷᠢᠬᠲᠠᠢ ᠪᠠᠷ ᠲᠦᠷᠦᠭᠦᠯᠡᠨ ᠬᠢᠵᠤ᠂ ᠮᠠᠩᠯᠠᠶᠢᠯᠠᠬᠤ | ᠬᠤᠰᠢᠭᠤᠴᠢ ᠪᠤᠯᠬᠤ ᠪᠠᠷ ᠲᠡᠮᠡᠴᠡᠵᠦ᠂ ᠡᠷᠡᠰ ᠰᠢᠭᠤᠷᠬᠠᠢ ᠦᠭᠡᠷᠡᠴᠢᠯᠡᠭᠴᠢ ᠪᠤᠯᠵᠤ᠂ ᠡᠷᠡᠰ ᠰᠢᠭᠤᠷᠬᠠᠢ ᠪᠠᠷ | ᠰᠢᠨ᠎ᠠ ᠶᠢ ᠡᠭᠦᠳᠬᠦ ᠵᠠᠮ ᠨᠠᠭᠡᠭᠡᠭᠴᠢ ᠪᠤᠯᠵᠤ᠂ ᠡᠭᠦᠷᠭᠡᠯᠡᠬᠦ ᠬᠡᠷᠡᠭᠲᠡᠢ ᠡᠭᠦᠷᠭᠡᠯᠡᠯ ᠢ ᠡᠭᠦᠷᠭᠡᠯᠡᠵᠦ᠂ ᠬᠠᠷᠢᠭᠤᠴᠠᠬᠤ | ᠬᠡᠷᠡᠭᠲᠡᠢ ᠬᠠᠷᠢᠭᠤᠴᠠᠯᠭ᠎ᠠ ᠶᠢ ᠬᠠᠷᠢᠭᠤᠴᠠᠵᠤ᠂ ᠠᠳᠬᠤᠬᠤ ᠬᠡᠷᠡᠭᠲᠡᠢ ᠠᠵᠢᠯ ᠢ ᠠᠳᠬᠤᠵᠤ᠂ ᠰᠡᠳᠭᠢᠯ ᠲᠠᠯᠪᠢᠵᠤ | ᠬᠦᠴᠦ ᠪᠠᠨ ᠭᠠᠷᠭᠠᠵᠤ ᠡᠳᠦᠷ ᠪᠤᠯᠭᠠᠨ ᠤ ᠠᠵᠢᠯ ᠢᠶᠠᠨ ᠰᠠᠶᠢᠲᠤᠷ ᠬᠢᠵᠤ᠂ ᠶᠠᠪᠤᠳᠠᠯ ᠪᠤᠯᠭᠠᠨ ᠢ ᠰᠠᠶᠢᠲᠤᠷ ᠬᠢᠬᠦ | ᠬᠡᠷᠡᠭᠲᠡᠢ᠃ ᠬᠠᠷᠠᠭᠠᠰᠤ ᠪᠠᠨ ᠦᠷᠭᠡᠵᠢᠭᠦᠯᠦᠨ᠂ ᠦᠨᠳᠦᠷ ᠲᠤ ᠵᠤᠬᠰᠤᠨ ᠬᠤᠯᠠ ᠶᠢ ᠪᠠᠷᠠᠯᠠᠵᠤ᠂ ᠲᠤᠬᠠᠢ ᠶᠢᠨ | ᠭᠠᠵᠠᠷ ᠠᠴᠠ ᠪᠠᠨ ᠲᠠᠪᠠᠵᠤ᠂ ᠪᠠᠶᠢᠭᠠᠯᠢ ᠶᠢᠨ ᠨᠦᠬᠦᠴᠡᠯ ᠤᠨ ᠬᠢᠵᠠᠭᠠᠷᠯᠠᠯ ᠢ ᠲᠠᠪᠠᠵᠤ᠂ ᠦᠪᠦᠷ | ᠮᠤᠩᠭᠤᠯ ᠠᠴᠠ ᠪᠠᠨ ᠲᠠᠪᠠᠵᠤ ᠠᠵᠢᠯ ᠦᠢᠯᠡᠰ ᠢ ᠲᠦᠯᠦᠪᠵᠢᠭᠦᠯᠦᠨ᠂ ᠬᠦᠭᠵᠢᠯᠲᠡ ᠶᠢ ᠲᠦᠯᠦᠪᠵᠢᠬᠦᠯᠬᠦ ᠬᠡᠷᠡᠭᠲᠡᠢ᠃ | ᠪᠠᠶᠢᠯᠳᠤᠬᠤ ᠪᠤᠳᠤᠯᠭ᠎ᠠ ᠶᠢᠨ ᠲᠤᠬᠲᠠᠯ ᠬᠦᠴᠦᠨ ᠢᠶᠠᠨ ᠪᠠᠲᠤᠯᠠᠵᠤ᠂ ᠠᠮᠵᠢᠯᠳᠠ ᠠᠨᠤ ᠭᠠᠭᠴᠠ ᠮᠢᠨᠤ ᠭᠠᠪᠢᠶ᠎ᠠ | ᠪᠤᠰᠤ᠂ ᠠᠮᠵᠢᠯᠲᠠ ᠭᠠᠷᠭᠠᠬᠤ ᠳᠤ ᠪᠢ ᠯᠠᠪᠲᠠᠢ ᠬᠦᠴᠦᠨ ᠨᠡᠮᠡᠷᠢᠯᠡᠬᠦ ᠠᠬᠤᠢ ᠪᠠᠶᠢᠳᠠᠯ ᠢ ᠪᠤᠢ ᠪᠤᠯᠭᠠᠵᠤ᠂ | ᠬᠠᠭᠤᠴᠢᠨ ᠳᠠᠩᠰᠠ ᠶᠢ ᠡᠮᠬᠢᠯᠡᠨ᠂ ᠳᠠᠭᠤᠨ ᠦᠭᠡᠢ ᠪᠠᠷ ᠬᠦᠴᠦᠯᠡᠵᠦ᠂ ᠳᠤᠷᠠᠲᠠᠶ᠎ᠠ ᠳᠡᠪᠢᠰᠭᠡᠷ ᠪᠤᠯᠵᠤ᠂ ᠰᠠᠭᠤᠷᠢ | ᠲᠠᠯᠪᠢᠵᠤ᠂ ᠳᠡᠩᠰᠡᠯᠬᠡᠬᠦ ᠦᠬᠡᠢ᠂ ᠬᠤᠶᠢᠷᠭᠤᠰᠢᠬᠤ ᠦᠬᠡᠢ᠂ ᠭᠤᠶᠢᠪᠢᠯᠵᠠᠬᠤ ᠦᠭᠡᠢ ᠪᠠᠶᠢᠵᠤ᠂ ᠨᠢᠭᠡᠨᠲᠡ | ᠲᠤᠬᠲᠠᠬᠰᠠᠨ ᠲᠡᠮᠡᠴᠡᠬᠦ ᠬᠠᠷᠠᠯᠲᠠ᠂ ᠠᠵᠢᠯ ᠤᠨ ᠰᠠᠶᠢᠨ ᠠᠯᠤᠰ ᠤᠨ ᠲᠦᠰᠦᠪ ᠢᠶᠠᠨ ᠯᠠᠪᠳᠠᠭᠤᠨ ᠪᠠᠲᠤᠲᠠᠢ ᠪᠠᠷ | ᠪᠤᠳᠠᠲᠠᠶᠢᠵᠢᠭᠤᠯᠬᠤ ᠬᠡᠷᠡᠭᠲᠡᠢ᠃ ᠵᠢᠮ᠎ᠠ ᠶᠤᠰᠤ ᠪᠠᠷ ᠠᠵᠢᠯᠯᠠᠬᠤ ᠶᠢ ᠪᠠᠷᠢᠮᠲᠠᠯᠠᠵᠤ᠂ ᠪᠤᠳᠠᠲᠤ ᠪᠠᠶᠢᠳᠠᠯ ᠲᠠᠢ ᠨᠡᠶᠢᠴᠡᠬᠦ | ᠦᠭᠡᠢ ᠬᠠᠷᠠᠯᠲᠠ ᠶᠢ ᠳᠤᠷᠠᠳᠬᠤ ᠦᠭᠡᠢ᠂ ᠬᠦᠭᠵᠢᠯᠲᠡ ᠶᠢᠨ ᠱᠠᠲᠤ ᠠᠴᠠ ᠳᠠᠪᠠᠭᠰᠠᠨ ᠶᠠᠪᠤᠳᠠᠯ ᠢ ᠬᠢᠬᠦ ᠦᠭᠡᠢ᠂ | ᠨᠢᠭᠡ ᠯᠠ ᠲᠤᠤᠷ᠎ᠠ ᠲᠥᠷᠬᠢᠯᠲᠥᠬᠦ᠂ ᠨᠢᠭᠡ ᠯᠡ ᠠᠳᠠᠯᠢ ᠪᠠᠷ ᠱᠠᠭᠠᠷᠳᠠᠬᠤ ᠬᠦᠳᠡᠯᠬᠡᠬᠡᠨ ᠦᠷᠨᠢᠭᠦᠯᠬᠦ ᠦᠭᠡᠢ ᠪᠠᠶᠢᠵᠤ᠂ | ᠵᠦᠪ ᠤᠨᠤᠪᠴᠢᠲᠠᠢ ᠦᠵᠡᠯ ᠰᠠᠨᠠᠭ᠎ᠠ ᠠᠷᠭ᠎ᠠ ᠬᠡᠮᠵᠢᠶ᠎ᠠ ᠪᠤᠯᠤᠨ ᠠᠵᠢᠯᠯᠠᠬᠤ ᠠᠷᠭ᠎ᠠ ᠪᠠᠷ ᠶᠠᠪᠤᠳᠠᠯ ᠪᠦᠲᠦᠭᠡᠨ | ᠦᠢᠯᠡᠰ ᠪᠤᠰᠬᠠᠬᠤ ᠬᠡᠷᠡᠭᠲᠡᠢ᠃ ᠬᠡᠯᠪᠡᠷᠢᠴᠢ ᠦᠵᠡᠯ᠂ ᠨᠤᠶᠠᠨᠴᠢ ᠰᠤᠷᠲᠠᠯ ᠢ ᠡᠷᠡᠰ ᠲᠡᠪᠴᠢᠵᠦ᠂ ᠨᠠᠷᠢᠨ ᠬᠢᠨᠠᠮᠠᠭᠠᠢ | ᠪᠠᠶᠢᠬᠤ ᠶᠢ ᠴᠢᠬᠤᠯᠠᠴᠢᠯᠠᠬᠤ ᠵᠤᠷᠢᠭ ᠰᠠᠨᠠᠭ᠎ᠠ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠤᠯᠤᠨ ᠮᠤᠩᠭᠤᠯ ᠮᠤᠷᠢᠨ ᠤ | ᠵᠤᠷᠢᠭ ᠰᠠᠨᠠᠭ᠎ᠠ ᠶᠢ ᠲᠦᠷᠦᠭᠦᠯᠡᠨ ᠪᠠᠳᠠᠷᠠᠭᠤᠯᠵᠤ᠂ ᠦᠪᠦᠷ ᠮᠤᠩᠭᠤᠯ ᠤᠨ ᠡᠯ᠎ᠠ ᠲᠦᠷᠦᠯ ᠤᠨ ᠠᠵᠢᠯ ᠦᠢᠯᠡᠰ ᠢ | ᠰᠠᠶᠢᠲᠤᠷ ᠲᠦᠯᠦᠪᠵᠢᠭᠦᠯᠵᠦ ᠰᠠᠶᠢᠲᠤᠷ ᠬᠦᠭᠵᠢᠭᠦᠯᠬᠦ ᠪᠠᠷ ᠴᠢᠷᠮᠠᠶᠢᠵᠤ᠂ ᠴᠠᠭ ᠦᠶ᠎ᠠ ᠪᠠ ᠠᠷᠠᠳ ᠲᠦᠮᠡᠨ ᠳᠤ | ᠤᠰᠤᠯᠳᠠᠬᠤ ᠦᠭᠡᠢ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ |