ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠲᠦᠷᠦᠯ ᠲᠡᠮᠳᠡᠭᠳᠤ ᠶᠢᠨ ᠬᠦᠭᠵᠢᠯᠳᠡ ᠶᠢᠨ ᠶᠠᠷᠢᠶᠠᠨ ᠤ ᠲᠠᠪᠴᠠᠩ ᠶᠠᠪᠤᠭᠳᠠᠵᠤ᠂ ᠮᠠ ᠰᠢᠤᠸᠠᠢ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/5/30
     5 ᠳ᠋ᠤᠭᠠᠷ ᠰᠠᠷ᠎ᠠ ᠶᠢᠨ 28᠎ ᠤ ᠡᠳᠦᠷ᠂ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠲᠦᠷᠦᠯ ᠲᠡᠮᠳᠡᠭᠳᠤ ᠶᠢᠨ ᠬᠦᠭᠵᠢᠯᠳᠡ ᠶᠢᠨ ᠶᠠᠷᠢᠶᠠᠨ ᠤ ᠲᠠᠪᠴᠠᠩ ᠬᠦᠬᠡᠬᠤᠳᠠ ᠳᠤ ᠶᠠᠪᠤᠭᠳᠠᠵᠤ᠂ ᠪᠦᠬᠦ ᠤᠯᠤᠰ ᠵᠢᠴᠢ ᠦᠪᠦᠷ ᠮᠤᠩᠭᠤᠯ ᠤᠨ ᠲᠦᠷᠦᠯ ᠲᠡᠮᠳᠡᠭᠳᠤ ᠶᠢᠨ ᠬᠦᠷᠢᠶ᠎ᠠ ᠴᠠᠷᠠᠭ᠎ᠠ ᠶᠢᠨ ᠲᠤᠰᠬᠠᠢ ᠮᠡᠷᠭᠡᠵᠢᠯᠳᠡᠨ᠂ ᠡᠷᠳᠡᠮᠳᠡᠨ᠂ ᠠᠵᠤ ᠠᠬᠤᠢᠢᠯᠠᠯᠳᠠᠨ ᠨᠢᠭᠡ ᠲᠠᠩᠭᠢᠮ ᠳᠤ ᠬᠤᠷᠠᠨ ᠴᠤᠭᠯᠠᠷᠠᠵᠤ᠂ ᠲᠦᠷᠦᠯ ᠲᠡᠮᠳᠡᠭᠳᠤ ᠶᠢ ᠬᠦᠭᠵᠢᠭᠦᠯᠦᠭᠰᠡᠨ ᠲᠤᠷᠰᠢᠯᠭ᠎ᠠ ᠪᠠᠨ ᠬᠠᠷᠢᠯᠴᠠᠨ ᠰᠤᠯᠢᠯᠴᠠᠵᠤ᠂ ᠦᠪᠦᠷ ᠮᠤᠩᠭᠤᠯ ᠤᠨ ᠲᠦᠷᠦᠯ ᠲᠡᠮᠳᠡᠭᠳᠤ ᠶᠢ ᠬᠦᠭᠵᠢᠭᠦᠯᠬᠦ ᠲᠤᠮᠤ ᠶᠠᠪᠤᠳᠠᠯ ᠢ ᠬᠠᠮᠳᠤ ᠪᠠᠷ ᠵᠦᠪᠯᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃      ᠮᠠ ᠰᠢᠤᠸᠠᠢ ᠵᠢᠶᠦ᠋ᠨ ᠵᠢᠭᠠᠵᠤ ᠭᠠᠷᠭᠠᠭᠰᠠᠨ ᠨᠢ᠂ ᠲᠦᠷᠦᠯ ᠲᠡᠮᠳᠡᠭᠳᠤ ᠪᠤᠯ ᠦᠢᠯᠡᠳᠪᠦᠷᠢᠯᠡᠭᠴᠢ ᠪᠤᠯᠤᠨ ᠬᠡᠷᠡᠭᠯᠡᠭᠴᠢ ᠶᠢᠨ ᠬᠠᠮᠳᠤ ᠶᠢᠨ ᠬᠦᠭᠡᠭᠡᠴᠡᠯᠳᠦᠯ᠂ ᠬᠠᠩᠭᠠᠯᠭ᠎ᠠ ᠶᠢᠨ ᠲᠠᠯ᠎ᠠ ᠪᠤᠯᠤᠨ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠲᠡᠰ ᠲᠡᠪᠰᠢᠯᠳᠡ ᠶᠢᠨ ᠴᠢᠭᠯᠡᠯ᠂ ᠠᠵᠤ ᠠᠬᠤᠢᠢᠯᠠᠯ ᠲᠡᠷᠡᠴᠢᠯᠡᠨ ᠤᠯᠤᠰ ᠤᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠤ ᠴᠢᠬᠤᠯᠠ ᠢᠯᠡᠷᠡᠯ ᠮᠦᠨ᠃ ᠲᠦᠷᠦ ᠶᠢᠨ ᠶᠠᠪᠤᠳᠠᠯ ᠤᠨ ᠬᠤᠷᠢᠶ᠎ᠠ 2017 ᠣᠨ ᠠᠴᠠ ᠡᠬᠢᠯᠡᠨ ᠵᠢᠯ ᠪᠦᠷᠢ ᠶᠢᠨ 5 ᠳ᠋ᠤᠭᠠᠷ ᠰᠠᠷ᠎ᠠ ᠶᠢᠨ 10᠎ ᠤ ᠡᠳᠦᠷ ᠢ ᠲᠤᠮᠳᠠᠳᠤ ᠤᠯᠤᠰ ᠤᠨ ᠲᠦᠷᠦᠯ ᠲᠡᠮᠳᠡᠭᠳᠤ ᠶᠢᠨ ᠡᠳᠦᠷ ᠢᠶᠠᠷ ᠲᠤᠭᠳᠠᠭᠠᠵᠠᠢ᠂ ᠲᠤᠰ ᠤᠳᠠᠭᠠᠨ ᠤ ᠶᠠᠷᠢᠶᠠᠨ ᠤ ᠲᠠᠪᠴᠠᠩ ᠢ ᠡᠷᠬᠢᠯᠡᠨ ᠶᠠᠪᠤᠭᠳᠠᠭᠤᠯᠵᠤ ᠪᠠᠶᠢᠭ᠎ᠠ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠦᠷᠦᠯ ᠲᠡᠮᠳᠡᠭᠳᠤ ᠶᠢ ᠬᠦᠭᠵᠢᠭᠦᠯᠬᠦ ᠲᠤᠬᠠᠢ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠦᠷ ᠮᠤᠩᠭᠤᠯ ᠤᠨ ᠲᠦᠷᠦᠯ ᠲᠡᠮᠳᠡᠭᠳᠤ ᠶᠢᠨ ᠦᠯᠢᠭᠡᠷ ᠢ ᠰᠠᠶᠢᠳᠤᠷ ᠶᠠᠷᠢᠬᠤ ᠪᠠᠷ ᠲᠠᠮᠵᠢᠭᠤᠯᠤᠨ᠂ ᠲᠦᠷᠦᠯ ᠲᠡᠮᠳᠡᠭᠳᠤ ᠶᠢᠨ ᠬᠦᠭᠵᠢᠯᠳᠡ ᠶᠢᠨ ᠣᠨᠣᠯᠵᠢᠬᠤᠨ ᠢ ᠴᠢᠩᠭᠠᠳᠬᠠᠵᠤ᠂ ᠲᠦᠷᠦᠯ ᠲᠡᠮᠳᠡᠭᠳᠤ ᠶᠢ ᠬᠦᠭᠵᠢᠭᠦᠯᠬᠦ ᠬᠠᠮᠳᠤ ᠶᠢᠨ ᠲᠠᠨᠢᠯᠳᠠ ᠶᠢ ᠨᠢᠭᠳᠠᠷᠠᠭᠤᠯᠤᠨ᠂ ᠦᠪᠦᠷ ᠮᠤᠩᠭᠤᠯ ᠤᠨ ᠨᠡᠩ ᠤᠯᠠᠨ ᠰᠢᠯᠢᠳᠡᠭ ᠲᠦᠷᠦᠯ ᠲᠡᠮᠳᠡᠭᠳᠤ ᠶᠢ ᠴᠤᠭᠴᠠᠯᠠᠬᠤ ᠶᠢᠨ ᠲᠦᠯᠦᠭᠡ ᠶᠤᠮ ᠭᠡᠵᠡᠢ᠃      ᠮᠠ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠤᠳᠤᠬᠠᠨ ᠳᠤ ᠦᠪᠦᠷ ᠮᠤᠩᠭᠤᠯ ᠤᠨ ᠠᠵᠤ ᠠᠬᠤᠢ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠱᠠᠳᠤᠨ ᠳᠤ ᠰᠢᠯᠵᠢᠵᠦ᠂ ᠦᠪᠡᠷ ᠤᠨ ᠦᠷᠳᠡᠭ ᠤᠨ ᠬᠡᠯᠬᠢᠶ᠎ᠠ ᠶᠢᠨ ᠦᠷᠢᠰᠦᠯᠳᠦᠬᠦ ᠲᠠᠪᠠᠭᠤᠯᠢᠭ ᠢ ᠴᠤᠭᠴᠠᠯᠠᠬᠤ ᠢᠯᠠᠩᠭᠤᠶ᠎ᠠ ᠰᠢᠨ᠎ᠠ ᠵᠠᠬ᠎ᠠ ᠲᠡᠯᠭᠡᠭᠦᠷ ᠤᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠵᠤᠬᠢᠴᠠᠬᠤ ᠳᠤ ᠪᠦᠷ ᠦᠪᠦᠷ ᠮᠤᠩᠭᠤᠯ ᠤᠨ ᠲᠦᠷᠦᠯ ᠲᠡᠮᠳᠡᠭᠳᠤ ᠶᠢ ᠴᠤᠭᠴᠠᠯᠠᠬᠤ ᠶᠠᠪᠤᠳᠠᠯ ᠲᠤᠯᠭᠠᠮ ᠪᠦᠭᠡᠳ ᠴᠢᠬᠤᠯᠠ ᠪᠤᠯᠵᠤ᠂ ᠲᠦᠷᠦᠯ ᠲᠡᠮᠳᠡᠭᠳᠤ ᠠᠵᠤ ᠠᠬᠤᠢ ᠶᠢ ᠬᠦᠭᠵᠢᠭᠦᠯᠬᠦ ᠨᠢ ᠶᠠᠭ ᠰᠠᠶᠢᠬᠠᠨ ᠴᠠᠭ ᠲᠤ ᠪᠠᠨ ᠲᠤᠬᠢᠷᠠᠵᠠᠢ᠃ ᠦᠪᠦᠷ ᠮᠤᠩᠭᠤᠯ ᠤᠨ ᠨᠡᠩ ᠤᠯᠠᠨ ᠰᠢᠯᠢᠳᠡᠭ ᠲᠦᠷᠦᠯ ᠲᠡᠮᠳᠡᠭᠳᠤ ᠶᠢ ᠴᠤᠭᠴᠠᠯᠠᠬᠤ ᠳᠤ᠂ ᠲᠦᠷᠦᠯ ᠲᠡᠮᠳᠡᠭᠳᠤ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠪᠠᠭᠤᠯᠢᠭ ᠤᠨᠴᠠᠯᠢᠭᠳᠤ ᠲᠦᠷᠦᠯ ᠲᠡᠮᠳᠡᠭᠳᠤ ᠶᠢ ᠬᠦᠴᠦᠷᠭᠡᠭᠵᠢᠭᠦᠯᠦᠨ᠂ ᠲᠦᠷᠦᠯ ᠲᠡᠮᠳᠡᠭᠳᠤ ᠶᠢᠨ ᠶᠠᠰᠤ ᠴᠢᠨᠠᠷ ᠤᠨ ᠰᠠᠭᠤᠷᠢ ᠶᠢ ᠪᠠᠬᠢᠵᠢᠭᠦᠯᠵᠦ᠂ ᠲᠦᠷᠦᠯ ᠲᠡᠮᠳᠡᠭᠳᠤ ᠶᠢᠨ ᠬᠦᠭᠵᠢᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠬᠦ ᠬᠡᠷᠡᠭᠳᠡᠢ ᠭᠡᠵᠡᠢ᠃      ᠲᠤᠰ ᠤᠳᠠᠭᠠᠨ ᠤ ᠶᠠᠷᠢᠶᠠᠨ ᠤ ᠲᠠᠪᠴᠠᠩ ᠨᠢ ᠲᠦᠷᠦᠯ ᠲᠡᠮᠳᠡᠭᠳᠤ ᠶᠢᠨ ᠲᠤᠰᠬᠠᠢ ᠮᠡᠷᠭᠡᠵᠢᠯᠳᠡᠨ ᠶᠠᠷᠢᠶ᠎ᠠ ᠲᠠᠯᠪᠢᠬᠤ᠂ ︽ᠲᠦᠷᠦᠯ ᠲᠡᠮᠳᠡᠭᠳᠤ ᠶᠢᠨ ᠲᠠᠭᠠᠭᠤᠯᠤᠭᠴᠢ ᠠᠴᠠ ᠲᠦᠷᠦᠯ ᠲᠡᠮᠳᠡᠭᠳᠤ ᠶᠢᠨ ᠦᠯᠢᠭᠡᠷ ᠶᠠᠷᠢᠬᠤ︾᠂ ︽ᠦᠪᠦᠷ ᠮᠤᠩᠭᠤᠯ ᠤᠨ ᠦᠨᠦᠷ ᠠᠮᠳᠠ ᠲᠦᠷᠦᠯ ᠲᠡᠮᠳᠡᠭᠳᠤ ᠶᠢᠨ ᠬᠦᠭᠵᠢᠯᠳᠡ ᠶᠢᠨ ᠶᠠᠷᠢᠶᠠᠨ ᠤ ᠲᠠᠪᠴᠠᠩ︾᠂ ︽ᠦᠪᠦᠷ ᠮᠤᠩᠭᠤᠯ ᠤᠨ ᠠᠵᠢᠯ ᠲᠦᠷᠦᠯ ᠤᠨ ᠲᠦᠯᠦᠭᠡᠯᠡᠬᠦ ᠴᠢᠨᠠᠷᠳᠠᠢ ᠲᠦᠷᠦᠯ ᠲᠡᠮᠳᠡᠭᠳᠤ ᠶᠢ ᠨᠡᠶᠢᠳᠡᠯᠡᠬᠦ ᠬᠤᠷᠠᠯ︾ ᠵᠡᠷᠭᠡ ᠠᠭᠤᠯᠭ᠎ᠠ ᠪᠠᠷ ᠶᠠᠪᠤᠭᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号