ᠥᠪᠥᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ 25 ᠭᠡᠷ ᠪᠦᠯᠢ ᠪᠥᠬᠦ ᠤᠯᠤᠰ ᠤᠨ ︽ᠬᠠᠮᠤᠭ ᠤᠨ ᠭᠤᠶᠣ ᠭᠡᠷ ᠪᠦᠯᠢ︾᠎ ᠶᠢᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2019/5/30
     ᠣᠶᠢᠷ᠎ᠠ ᠳᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠎ 2019 ᠣᠨ ᠤ ᠪᠥᠬᠦ ᠤᠯᠤᠰ ᠤᠨ 999 ︽ᠬᠠᠮᠤᠭ ᠤᠨ ᠭᠤᠶᠣ ᠭᠡᠷ ᠪᠦᠯᠢ︾᠎ ᠶᠢᠨ ᠨᠡᠷᠡᠰ ᠢ ᠨᠡᠶᠢᠲᠡᠯᠡᠪᠡ᠃  ᠡᠬᠦᠨ ᠳᠤ᠂ ᠥᠪᠥᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ 25 ᠭᠡᠷ ᠪᠦᠯᠢ ᠨᠡᠷ᠎ᠡ ᠳᠣᠳᠣᠷᠠᠭᠰᠠᠨ ᠪᠠᠶᠢᠨ᠎ᠠ᠃      ᠡᠨᠡ 25 ᠭᠡᠷ ᠪᠦᠯᠢ ᠶᠢᠨ ᠳᠣᠲᠣᠷ᠎ᠠ᠂ ᠣᠯᠠᠨ ᠤ ᠲᠥᠯᠥᠭᠡ ᠦᠪᠡᠷ ᠤᠨ ᠭᠡᠷ ᠪᠦᠯᠢ ᠪᠠᠨ ᠦᠷᠡᠭᠳᠡᠬᠦᠯᠦᠭᠰᠡᠨ ᠴᠡᠷᠢᠭ ᠴᠠᠭᠳᠠᠭ᠎ᠠ ᠶᠢᠨ ᠭᠡᠷ ᠪᠦᠯᠢ᠂ ᠭᠤᠷᠪᠠᠨ ᠦᠨᠳᠦᠰᠦᠲᠡᠨ ᠡᠶ᠎ᠡ ᠡᠪᠳᠠᠢ ᠬᠠᠮᠲᠤ ᠠᠮᠢᠳᠣᠷᠠᠵᠣ ᠪᠠᠶᠢᠭ᠎ᠠ ᠦᠨᠳᠦᠰᠦᠲᠡᠨ ᠤ ᠪᠦᠯᠬᠦᠮᠳᠡᠯ ᠤᠨ ᠭᠡᠷ ᠪᠦᠯᠢ᠂ 35 ᠵᠢᠯ ᠤᠨ ᠲᠤᠷᠰᠢ ᠠᠷᠠᠳ ᠲᠦᠮᠡᠨ ᠳᠤ ᠦᠶᠯᠡᠴᠢᠯᠡᠭᠡᠳ ᠬᠠᠷᠠᠮᠵᠢ ᠮᠥᠩᠭᠦ ᠬᠦᠰᠡᠭᠰᠡᠨ ᠥᠬᠡᠶ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷ ᠤᠨ ᠭᠡᠷ ᠪᠦᠯᠢ᠂ ᠠᠳᠠᠯ ᠦᠶᠯᠡᠰ ᠢᠶᠠᠨ ᠠᠮᠵᠢᠯᠲᠠ ᠲᠠᠢ ᠴᠣᠭᠴᠠᠯᠠᠬᠤ ᠶᠢᠨ ᠬᠠᠮᠲᠤ ᠶᠠᠳᠠᠭᠤ ᠬᠦᠴᠢᠷᠳᠡᠯᠲᠡᠶ ᠡᠭᠡᠴᠢ ᠥᠬᠢᠨ ᠳᠡᠭᠦᠤ ᠪᠠᠨ ᠳᠠᠶᠢᠴᠢᠯᠠᠨ ᠶᠠᠳᠠᠭᠤ ᠠᠴᠠ ᠠᠩᠭᠢᠵᠢᠷᠠᠭᠰᠠᠨ ᠡᠮᠡᠭᠲᠡᠶ ᠴᠢᠳᠠᠪᠤᠷᠢᠲᠠᠨ ᠤ ᠭᠡᠷ ᠪᠦᠯᠢ᠂ ᠬᠠᠳᠠᠮ ᠡᠴᠢᠭᠡ ᠡᠬᠡ ᠪᠠᠨ ᠠᠰᠠᠷᠠᠵᠣ ᠠᠴᠢᠯᠠᠭᠰᠠᠨ᠂ ᠵᠣᠪᠠᠭᠤᠷᠢ ᠵᠦᠳᠡᠭᠦᠷᠢ ᠪᠠᠨ ᠬᠠᠮᠳᠣᠳᠬᠠᠨ᠂ ᠠᠬᠠᠮᠠᠳ ᠢᠶᠠᠨ ᠬᠦᠨᠳᠣᠯᠡᠵᠣ᠂ ᠨᠢᠯᠬᠠᠰ ᠢᠶᠠᠨ ᠬᠠᠶᠢᠷᠠᠯᠠᠭᠰᠠᠨ ᠭᠡᠷ ᠪᠦᠯᠢ ᠁ ᠤᠳ ᠪᠤᠢ᠃ ᠡᠳᠡᠭᠡᠷ ᠭᠡᠷ ᠪᠦᠯᠢ ᠤᠳ ᠤᠨ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠨ ᠰᠠᠶᠢᠬᠠᠨ ᠶᠣᠰᠣ ᠮᠣᠷᠠᠯ ᠢ ᠢᠯᠡᠷᠡᠬᠦᠯᠦᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠣᠬᠢ ᠰᠣᠳᠣ ᠵᠣᠷᠢᠯᠲᠠ ᠶᠢ ᠬᠠᠷᠠᠭᠤᠯᠵᠣ᠂ ᠪᠦᠬᠦ ᠨᠡᠶᠢᠭᠡᠮ ᠤᠨ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ 2014 ᠣᠨ ᠳᠤ ︽ᠬᠠᠮᠤᠭ ᠤᠨ ᠭᠤᠶᠣ ᠭᠡᠷ ᠪᠦᠯᠢ︾ ᠡᠷᠢᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠮᠠᠨ ᠤ ᠣᠷᠣᠨ ᠤ 125 ᠭᠡᠷ ᠪᠦᠯᠢ ᠪᠥᠬᠦ ᠤᠯᠤᠰ ᠤᠨ ︽ᠬᠠᠮᠤᠭ ᠤᠨ ᠭᠤᠶᠣ ᠭᠡᠷ ᠪᠦᠯᠢ︾᠎ ᠶᠢᠨ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号