ᠥᠪᠥᠷ ᠮᠣᠩᠭᠤᠯ ᠤᠨ ᠠᠩᠬᠠᠳᠠᠭᠴᠢ ᠤᠯᠤᠰ ᠤᠨ ᠳᠡᠰ ᠤᠨ ᠭᠧᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠥᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019/5/30
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠳᠡᠰ ᠤᠨ ᠭᠧᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠥᠪ ᠬᠢᠭᠡᠳ ᠥᠪᠥᠷ ᠮᠣᠩᠭᠤᠯ ᠤᠨ ᠪᠥᠸᠧ ᠣᠤ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠬᠤ ᠭᠠᠵᠠᠷ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠪᠠᠶᠢᠭᠤᠯᠤᠭᠳᠠᠵᠤ᠂ ᠢᠯᠡᠷᠬᠡᠶᠢᠯᠡᠯ ᠡᠯᠭᠦᠨ ᠠᠰᠢᠭᠯᠠᠯᠲᠠ ᠳᠤ ᠣᠷᠣᠪᠠ᠃      ᠥᠪᠥᠷ ᠮᠣᠩᠭᠤᠯ ᠤᠨ ᠤᠯᠤᠰ ᠤᠨ ᠳᠡᠰ ᠤᠨ ᠭᠧᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠥᠪ ᠪᠣᠯ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠴᠣᠬᠤᠯᠠᠪᠤᠷᠢᠯᠠᠨ ᠵᠥᠪᠰᠢᠶᠡᠷᠡᠭᠰᠡᠨ ᠠᠩᠬᠠᠨ ᠤ ᠪᠦᠯᠦᠭ ᠤᠯᠤᠰ ᠤᠨ ᠳᠡᠰ ᠤᠨ ᠭᠧᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠮᠥᠨ᠂ ᠲᠤᠰ ᠲᠥᠪ ᠨᠢ ᠲᠣᠮᠣ ᠳ᠋ᠠᠶᠢᠲ᠋ᠠ᠂ ᠵᠣᠬᠢᠶᠠᠮᠠᠯ ᠣᠶᠤᠨᠴᠢ ᠴᠢᠳᠠᠪᠤᠷᠢ ᠶᠢᠨ ᠲᠠᠪᠴᠠᠩ ᠳᠤ ᠲᠦᠰᠢᠭᠯᠡᠨ᠂ ᠪᠥᠬᠦ ᠳᠡᠯᠡᠬᠡᠶ ᠶᠢᠨ ᠬᠠᠮᠤᠭ ᠤᠨ ᠲᠡᠷᠢᠭᠦᠨ ᠤ ᠭᠧᠨ ᠤ ᠮᠡᠷᠭᠡᠵᠢᠯ ᠢ ᠲᠥᠷᠦᠯᠲᠡ ᠶᠢᠨ ᠵᠡᠷᠡᠮᠳᠡᠭ᠂ ᠬᠠᠪᠤᠳᠠᠷ ᠤᠨ ᠪᠣᠳᠠᠭᠠᠯᠢ ᠪᠡᠶ᠎ᠡ ᠶᠢᠨ ᠡᠮᠴᠢᠯᠡᠭᠡ᠂ ᠤᠵᠢᠭ ᠴᠢᠨᠠᠷᠲᠠᠶ ᠡᠪᠡᠳᠴᠢᠨ᠂ ᠬᠠᠯᠳᠠᠪᠤᠷᠢᠲᠤ ᠴᠢᠨᠠᠷᠲᠠᠶ ᠡᠪᠡᠳᠴᠢᠨ ᠵᠡᠷᠭᠡ ᠬᠦᠷᠢᠶᠡᠨ ᠳᠤ ᠬᠡᠷᠡᠭᠯᠡᠵᠦ᠂ ᠭᠧᠨ ᠤ ᠰᠢᠭᠰᠢᠨ ᠪᠠᠶᠢᠴᠠᠭᠠᠯᠲᠠ ᠪᠠᠷ ᠳᠠᠮᠵᠢᠨ ᠡᠯ᠎ᠡ ᠲᠥᠷᠥᠯ ᠤᠨ ᠡᠪᠡᠳᠴᠢᠨ ᠪᠠ ᠡᠪᠡᠳᠴᠢᠨ ᠤ ᠬᠤᠪᠢᠷᠠᠯᠲᠠ ᠠᠴᠠ ᠤᠷᠢᠳᠴᠢᠯᠠᠨ ᠰᠡᠷᠭᠡᠶᠢᠯᠡᠨ᠎ᠡ᠃      ᠲᠤᠰ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠦᠨᠳᠦᠰᠦᠨ ᠳᠤ ᠪᠠᠨ ᠪᠤᠰᠤᠳ ᠮᠣᠵᠢ ᠬᠤᠲᠠ ᠎ ᠶᠢ ᠲᠦᠰᠢᠭᠯᠡᠵᠦ ᠭᠧᠨ ᠢ ᠪᠠᠶᠢᠴᠠᠭᠠᠨ ᠬᠡᠮᠵᠢᠳᠡᠭ ᠪᠠᠶᠢᠭᠰᠠᠨ ᠲᠡᠤᠬᠡ ᠶᠢ ᠡᠴᠦᠰᠯᠡᠭᠦᠯᠵᠦ᠂ ᠮᠠᠨ ᠤ ᠣᠷᠣᠨ ᠤ ᠡᠪᠡᠳᠴᠢᠨ ᠡᠮᠭᠡᠭ ᠢ ᠤᠷᠢᠳᠴᠢᠯᠠᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠡᠷᠭᠡᠶᠢᠯᠡᠬᠦ᠂ ᠡᠷᠲᠡ ᠣᠨᠣᠰᠢᠯᠠᠬᠤ ᠵᠢᠴᠢ ᠥᠪᠡᠷᠮᠢᠴᠡ ᠡᠮᠴᠢᠯᠡᠭᠡ ᠵᠡᠷᠭᠡ ᠲᠠᠯ᠎ᠠ ᠪᠠᠷ ᠬᠢ ᠬᠤᠭᠤᠰᠣᠨ ᠢ ᠨᠥᠬᠦᠪᠥᠷᠢᠯᠡᠵᠦ᠂ ᠭᠧᠨ ᠢ ᠪᠠᠶᠢᠴᠠᠭᠠᠨ ᠬᠡᠮᠵᠢᠬᠦ ᠮᠡᠷᠭᠡᠵᠢᠯ ᠢ ᠲᠦᠭᠡᠮᠡᠯᠵᠢᠭᠦᠯᠦᠨ ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠪᠠᠶᠢᠭᠤᠯᠤᠭᠳᠠᠭᠰᠠᠨ ᠬᠤᠶᠠᠷ ᠵᠢᠯ ᠭᠠᠷᠤᠶ ᠶᠢᠨ ᠲᠤᠷᠰᠢ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠶᠡᠭᠡ ᠪᠠᠷ ᠬᠥᠭᠵᠢᠭᠦᠯᠬᠦ ᠶᠢᠨ ᠬᠠᠮᠲᠤ᠂ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠮᠣᠩᠭᠤᠯ ᠬᠢᠲᠠᠳ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠬᠢᠲᠠᠳ ᠮᠣᠩᠭᠤᠯ ᠡᠮ ᠡᠮᠨᠡᠯᠭᠡ ᠶᠢᠨ ᠠᠵᠤ ᠦᠢᠯᠡᠰ ᠢ ᠤᠷᠢᠳ ᠬᠤᠵᠢᠳ ᠰᠢᠨ᠎ᠡ ᠲᠣᠭᠤᠷᠢᠭ ᠲᠤ ᠲᠠᠲᠠᠨ ᠠᠪᠴᠢᠷᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号