| | ᠰᠢᠯᠭᠠᠨ ᠪᠠᠶᠢᠴᠠᠭᠠᠬᠤ ᠲᠡᠷᠭᠡ ᠣᠯᠠᠭᠠᠨᠴᠠᠪ ᠦᠷᠳᠡᠭᠡ ᠠᠴᠠ ᠮᠣᠷᠳᠠᠬᠤ ᠪᠠᠷ ᠪᠡᠯᠡᠳᠬᠡᠵᠦ ᠪᠠᠶᠢᠭ᠎ᠠ ᠨᠢ | | 5 ᠳ᠋ᠤᠭᠠᠷ ᠰᠠᠷ᠎ᠠ ᠶᠢᠨ 29 ᠤ ᠡᠳᠦᠷ ᠤᠨ 13 ᠴᠠᠭ 54 ᠮᠢᠨᠦ᠋ᠲ ᠲᠤ 55102 ᠡᠬᠡᠯᠵᠢ ᠶᠢᠨ ᠭᠠᠯᠳᠣ | ᠲᠡᠷᠭᠡ ᠤᠯᠠᠭᠠᠨᠴᠠᠪ ᠤᠨ ᠦᠨᠳᠤᠷ ᠬᠤᠷᠳᠤᠴᠠᠲᠤ ᠲᠡᠮᠦᠷ ᠵᠠᠮ ᠤᠨ ᠥᠷᠲᠡᠭᠡ ᠠᠴᠠ ᠮᠣᠷᠳᠠᠵᠤ᠂ ᠴᠢᠭᠤᠯᠤᠯᠲᠤ | ᠬᠠᠭᠠᠯᠭ᠎ᠠ — ᠬᠦᠬᠡᠬᠤᠳᠠ ᠦᠨᠳᠤᠷ ᠬᠤᠷᠳᠤᠴᠠᠳᠣ ᠲᠡᠮᠤᠷ ᠵᠠᠮ ᠤᠨ ᠤᠯᠠᠭᠠᠨᠴᠠᠪ ᠠᠴᠠ ᠬᠤᠸᠠᠢ ᠠᠨ | ︵ᠪᠠᠭᠲᠠᠬᠤ ᠥᠬᠡᠶ︶ ᠬᠦᠷᠬᠦ ᠬᠡᠰᠡᠭ ᠤᠨ ᠲᠡᠷᠭᠡᠨ ᠤ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠶᠢᠳᠠᠯ ᠳᠤ ᠪᠥᠬᠦ | ᠲᠠᠯ᠎ᠠ ᠪᠠᠷ ᠰᠢᠯᠭᠠᠨ ᠪᠠᠶᠢᠴᠠᠭᠠᠵᠣ ᠡᠬᠢᠯᠡᠪᠡ᠃ | ᠡᠨᠡ ᠤᠳᠠᠭ᠎ᠠ ᠶᠢᠨ ᠭᠠᠯᠳᠣ ᠲᠡᠷᠭᠡ ᠨᠢ ᠳᠣᠲᠣᠭᠠᠳᠤ ᠰᠢᠲᠠᠯᠲᠠ ᠶᠢᠨ ᠪᠤᠬ᠎ᠠ ᠲᠡᠷᠭᠡ + ᠪᠠᠷᠢᠯᠭ᠎ᠠ ᠶᠢᠨ | ᠶᠠᠪᠤᠳᠠᠯ ᠤᠨ ᠪᠠᠶᠢᠴᠠᠭᠠᠨ ᠬᠡᠮᠵᠢᠬᠦ ᠲᠡᠷᠭᠡ + ᠴᠠᠬᠢᠯᠭᠠᠨ ᠤ ᠶᠠᠪᠤᠳᠠᠯ ᠤᠨ ᠪᠠᠶᠢᠴᠠᠭᠠᠨ ᠬᠡᠮᠵᠢᠬᠦ ᠲᠡᠷᠭᠡ + | ᠬᠦᠷᠦᠯᠴᠡᠭᠦᠯᠬᠦ ᠲᠣᠣᠷ ᠤᠨ ᠪᠠᠶᠢᠴᠠᠭᠠᠨ ᠬᠡᠮᠵᠢᠬᠦ ᠲᠡᠷᠭᠡ + ᠳᠣᠲᠣᠭᠠᠳᠤ ᠰᠢᠲᠠᠯᠲᠠ ᠶᠢᠨ ᠪᠤᠬ᠎ᠠ ᠲᠡᠷᠭᠡ ᠪᠠᠷ | ᠪᠦᠷᠢᠯᠳᠣᠵᠣ᠂ ᠴᠢᠭᠤᠯᠤᠯᠲᠤ ᠬᠠᠭᠠᠯᠭ᠎ᠠ ᠬᠦᠷᠬᠦ ᠦᠨᠳᠣᠷ ᠬᠤᠷᠳᠣᠴᠠᠳᠣ ᠲᠡᠮᠤᠷ ᠵᠠᠮ ᠤᠨ ᠴᠢᠭᠯᠡᠯ ᠳᠠᠭᠤ ᠴᠠᠭ | ᠪᠦᠷᠢ 80 ᠺᠢᠯᠤᠮᠧᠲᠷ ᠤᠨ ᠬᠤᠷᠳᠣᠴᠠ ᠪᠠᠷ ᠠᠶᠠᠯᠠᠨ᠂ ᠬᠤᠸᠠᠢ ᠠᠨ ᠦᠷᠳᠡᠭᠡ ᠳᠤ ᠬᠦᠷᠣᠨᠠ᠃ ᠭᠠᠯᠳᠣ | ᠲᠡᠷᠭᠡ ᠨᠢ ᠵᠠᠮ ᠤᠨ ᠭᠧᠣᠮᠧᠲᠷᠢ ᠶᠢᠨ ᠬᠡᠮᠵᠢᠶ᠎ᠡ᠂ ᠵᠠᠮ ᠤᠨ ᠴᠠᠬᠢᠯᠭᠠᠨ ᠬᠡᠯᠬᠢᠶ᠎ᠡ ᠶᠢᠨ ᠣᠨᠴᠠᠯᠢᠭ᠂ ᠬᠠᠷᠢᠭᠤᠯᠤᠭᠤᠷ᠂ | GSM-R ᠲᠠᠯᠠᠪᠤᠷ ᠤᠨ ᠬᠦᠴᠦᠯᠡᠴᠡ ᠶᠢᠨ ᠪᠦᠷᠬᠦᠴᠡ ᠵᠢᠴᠢ ᠦᠶᠯᠡᠴᠢᠯᠡᠭᠡᠨ ᠤ ᠶᠠᠰᠤ ᠴᠢᠨᠠᠷ᠂ ᠬᠦᠷᠦᠯᠴᠡᠯ | ᠰᠦᠯᠵᠢᠶ᠎ᠡ ᠶᠢᠨ ᠭᠧᠣᠮᠧᠲᠷᠢ ᠶᠢᠨ ᠫᠠᠷᠠᠮᠧᠲᠷ ᠵᠡᠷᠭᠡ ᠲᠥᠷᠥᠯ ᠵᠦᠶᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠬᠦ | ᠪᠣᠯᠣᠨ᠎ᠠ᠃ | ᠣᠶᠢᠯᠠᠭᠠᠭᠰᠠᠨ ᠢᠶᠠᠷ᠂ ᠡᠨᠡ ᠤᠳᠠᠭᠠᠨ ᠤ ᠲᠤᠷᠰᠢᠯᠲᠠ ᠶᠢᠨ ᠭᠠᠯᠲᠤ ᠲᠡᠷᠭᠡᠨ ᠤ ᠵᠢᠯᠣᠭᠤᠳᠬᠤ ᠠᠵᠢᠯ ᠢ | ᠴᠢᠭᠤᠯᠤᠯᠲᠤ ᠬᠠᠭᠠᠯᠭ᠎ᠠ — ᠬᠦᠬᠡᠬᠤᠳᠠ ᠶᠢᠨ ᠠᠶᠠᠨᠴᠢᠳ ᠤᠨ ᠦᠨᠳᠤᠷ ᠬᠤᠷᠳᠤᠴᠠᠲᠤ ᠲᠡᠮᠦᠷ ᠵᠠᠮ ᠤᠨ | ᠲᠣᠬᠢᠷᠠᠭᠤᠯᠬᠤ ᠲᠠᠪᠴᠠᠩ ᠠᠴᠠ ᠬᠠᠷᠢᠭᠤᠴᠠᠵᠣ᠂ ᠲᠤᠰ ᠤᠳᠠᠭᠠᠨ ᠤ ᠰᠢᠯᠭᠠᠨ ᠪᠠᠶᠢᠴᠠᠭᠠᠯᠲᠠ ᠨᠢ 6 ᠰᠠᠷ᠎ᠠ ᠶᠢᠨ | 1 ᠤ ᠡᠳᠦᠷ ᠠᠴᠠ ᠡᠬᠢᠯᠡᠬᠦ ᠴᠢᠭᠤᠯᠤᠯᠲᠤ ᠬᠠᠭᠠᠯᠭ᠎ᠠ — ᠬᠦᠬᠡᠬᠤᠳᠠ ᠦᠨᠳᠣᠷ ᠬᠤᠷᠳᠤᠴᠠᠲᠤ ᠲᠡᠮᠦᠷ ᠵᠠᠮ ᠤᠨ | ᠬᠠᠮᠲᠤᠷᠠᠨ ᠲᠣᠬᠢᠷᠠᠭᠤᠯᠵᠤ ᠬᠠᠮᠲᠤᠷᠠᠨ ᠲᠤᠷᠰᠢᠬᠤ ᠳᠤ ᠦᠨᠳᠦᠰᠦᠨ ᠪᠠᠲᠤᠯᠠᠭ᠎ᠠ ᠶᠢᠨ ᠦᠶᠯᠡᠳᠦᠯ ᠦᠵᠡᠬᠦᠯᠬᠦ | ᠪᠣᠯᠣᠨ᠎ᠠ᠃ |