ᠥᠪᠥᠷ ᠵᠠᠰᠠᠭ ᠠᠯᠪᠠᠨ ᠲᠠᠷᠬᠠᠭᠠᠭᠰᠠᠨ ﹇2019﹈ 2 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2014﹈ 25 ᠳ᠋ᠤᠭᠠᠷ ᠲᠣᠭᠠᠲᠤ︶ | ᠪᠣᠯᠣᠨ ︽︿ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨ ᠤ ᠬᠢᠨᠠᠨ ᠵᠥᠪᠯᠡᠬᠦ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠠᠨᠠᠯ﹀ ᠤᠨ ᠴᠢᠬᠤᠯᠠ ᠠᠵᠢᠯ ᠤᠨ ᠬᠤᠪᠢᠶᠠᠷᠢᠯᠠᠯ ᠤᠨ ᠲᠥᠰᠥᠯ︾ ᠤᠨ | ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠳᠤ ᠡᠷᠦᠬᠡ ᠠᠮᠠ | ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠡᠷᠦᠬᠡ ᠠᠮᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠠᠨ ᠤ ᠣᠷᠣᠨ ᠤ ᠡᠷᠦᠬᠡ ᠠᠮᠠ ᠲᠠᠢ ᠬᠥᠮᠥᠨ ᠠᠮᠠ ᠶᠢᠨ ᠬᠤᠲᠠ | ᠪᠠᠯᠭᠠᠰᠤᠴᠢᠯᠠᠬᠤ ᠨᠣᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ᠂ ᠬᠥᠮᠥᠨ ᠢᠶᠠᠷ ᠭᠤᠣᠯᠯᠠᠭᠤᠯᠤᠭᠰᠠᠨ ᠰᠢᠨ᠎ᠡ ᠬᠡᠯᠪᠡᠷᠢ | ᠪᠦᠬᠦᠢ ᠬᠤᠲᠠ ᠪᠠᠯᠭᠠᠰᠤᠴᠢᠯᠠᠯᠲᠠ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ | ᠶᠢᠰᠦᠳᠦᠭᠡᠷ ᠶᠡᠭᠡ ᠬᠤᠷᠠᠯ ᠤᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠣᠷᠣᠨ ᠤ | ᠰᠢᠨ᠎ᠡ ᠬᠡᠯᠪᠡᠷᠢ ᠪᠦᠬᠦᠢ ᠬᠤᠲᠠ ᠪᠠᠯᠭᠠᠰᠤᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ | ᠳᠣᠬᠢᠷᠠᠯᠴᠠᠭᠤᠯᠤᠨ᠂ ᠴᠢᠯᠦᠭᠡᠲᠡᠢ ᠪᠣᠯᠭᠠᠵᠤ ᠪᠣᠯᠭᠠᠪᠠᠰᠤ ᠵᠤᠬᠢᠬᠤ ᠶᠢ ᠨᠢ ᠴᠢᠯᠦᠭᠡᠲᠡᠢ ᠪᠣᠯᠭᠠᠬᠤ ᠪᠦᠭᠡᠳ ᠡᠷᠦᠬᠡ | ᠠᠮᠠ ᠣᠷᠣᠭᠤᠯᠪᠠᠰᠤ ᠵᠣᠬᠢᠬᠤ ᠶᠢ ᠨᠢ ᠣᠷᠣᠭᠤᠯᠵᠤ ᠥᠭᠬᠦ ᠵᠠᠷᠴᠢᠮ ᠢᠶᠠᠷ ᠬᠤᠲᠠ ᠪᠠᠯᠭᠠᠰᠤᠨ ᠳᠤ ᠡᠷᠦᠬᠡ ᠠᠮᠠ | ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠡᠷᠦᠬᠡ ᠠᠮᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠵᠦ ᠰᠢᠯᠵᠢᠭᠦᠯᠦᠭᠰᠡᠨ | ᠬᠥᠮᠥᠨ ᠠᠮᠠ ᠪᠣᠯᠣᠨ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠨ ᠳᠤ ᠡᠷᠦᠬᠡ ᠠᠮᠠ | ᠣᠷᠣᠭᠤᠯᠬᠤ ᠶᠢ ᠠᠬᠢᠭᠤᠯᠵᠤ᠂ ᠦᠷᠭᠦᠯᠵᠢ ᠰᠠᠭᠤᠭ᠎ᠠ ᠭᠠᠵᠠᠷ ᠢᠶᠠᠷ ᠡᠷᠦᠬᠡ ᠠᠮᠠ ᠶᠢ ᠨᠢ ᠲᠡᠮᠳᠡᠭᠯᠡᠬᠦ ᠦᠨᠳᠦᠰᠦᠨ | ᠬᠡᠯᠪᠡᠷᠢ ᠪᠣᠯᠭᠠᠭᠰᠠᠨ ᠡᠷᠦᠬᠡ ᠠᠮᠠ ᠲᠡᠮᠳᠡᠭᠯᠡᠬᠦ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠬᠤᠶᠠᠷ᠂ ᠡᠷᠦᠬᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠬᠢᠷᠠᠭᠤᠯᠵᠤ᠂ | ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠨ᠎ᠠ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠵᠦ ᠰᠢᠯᠵᠢᠭᠦᠯᠦᠭᠰᠡᠨ ᠬᠥᠮᠥᠨ ᠠᠮᠠ ᠰᠠᠭᠤᠭ᠎ᠠ | ᠭᠠᠵᠠᠷ ᠲᠤ ᠪᠠᠨ ᠪᠤᠶᠤ ᠠᠵᠢᠯ ᠣᠯᠣᠭᠰᠠᠨ ᠭᠠᠵᠠᠷ ᠲᠤ ᠪᠠᠨ ᠡᠷᠦᠬᠡ ᠠᠮᠠ ᠣᠷᠣᠭᠤᠯᠬᠤ ᠶᠢ ᠵᠥᠪᠰᠢᠶᠡᠷᠡᠨ᠎ᠡ᠃ | ᠬᠤᠲᠠ᠂ ᠪᠠᠶᠢᠭᠤᠯᠤᠮᠵᠢᠲᠤ ᠪᠠᠯᠭᠠᠰᠤᠨ ᠳᠤ ᠣᠴᠢᠵᠤ ᠰᠠᠭᠤᠷᠢᠰᠢᠨ ᠠᠮᠢᠳᠤᠷᠠᠵᠤ ᠪᠠᠶᠢᠭ᠎ᠠ ᠮᠠᠯᠵᠢᠬᠤ ᠲᠠᠷᠢᠶᠠᠯᠠᠬᠤ | ᠤᠷᠤᠨ ᠳᠤ ᠨᠤᠲᠤᠭ ᠲᠠᠢ ᠬᠥᠮᠥᠰ ᠨᠢ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ︵ᠲᠦᠷᠢᠶᠡᠰᠦᠯᠡᠨ | ᠰᠠᠭᠤᠵᠤ ᠪᠠᠶᠢᠬᠤ ᠪᠠᠭᠲᠠᠭᠳᠠᠨ᠎ᠠ︶ ᠶᠢᠨ ᠨᠥᠬᠦᠴᠡᠯ ᠢᠶᠠᠷ ᠢᠶᠠᠨ ᠬᠤᠲᠠ ᠪᠠᠯᠭᠠᠰᠤᠨ ᠳᠤ ᠡᠷᠦᠬᠡ ᠠᠮᠠ | ᠣᠷᠣᠭᠤᠯᠬᠤ ᠶᠢ ᠭᠤᠶᠤᠴᠢᠯᠠᠵᠤ ᠪᠣᠯᠣᠨ᠎ᠠ᠂ ᠪᠠᠰᠠ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠣᠭᠰᠠᠨ | ᠨᠥᠬᠦᠴᠡᠯ ᠢᠶᠠᠷ ᠢᠶᠠᠨ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠶᠢ ᠭᠤᠶᠤᠴᠢᠯᠠᠵᠤ ᠪᠣᠯᠣᠨ᠎ᠠ᠃ ᠮᠠᠯᠵᠢᠬᠤ | ᠲᠠᠷᠢᠶᠠᠯᠠᠬᠤ ᠤᠷᠤᠨ ᠳᠤ ᠨᠤᠲᠤᠭ ᠲᠠᠢ ᠬᠥᠮᠥᠰ ᠨᠢ ᠥᠪᠡᠷᠲᠡᠭᠡᠨ ᠵᠠᠰᠠᠬᠤ ᠣᠷᠣᠨ ᠤ ᠬᠤᠲᠠ᠂ ᠪᠠᠶᠢᠭᠤᠯᠤᠮᠵᠢᠲᠤ | ᠪᠠᠯᠭᠠᠰᠤᠨ ᠳᠤ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠲᠠᠢ ᠪᠤᠶᠤ ᠬᠠᠤᠯᠢ ᠶᠣᠰᠣᠨ ᠤ | ᠲᠣᠭᠲᠠᠪᠤᠷᠢᠲᠠᠢ ᠠᠵᠢᠯ ᠣᠯᠣᠭᠰᠠᠨ ᠪᠠᠶᠢᠵᠤ᠂ ᠥᠪᠡᠷ ᠢᠶᠠᠨ ᠵᠢᠴᠢ ᠬᠠᠮᠲᠤ ᠰᠠᠭᠤᠵᠤ ᠠᠮᠢᠳᠤᠷᠠᠵᠤ ᠪᠠᠶᠢᠭ᠎ᠠ ᠬᠠᠨᠢ | ᠨᠥᠬᠦᠷ᠂ ᠦᠷ᠎ᠡ ᠬᠡᠦᠬᠡᠳ᠂ ᠤᠮᠪᠤᠯᠤ ᠦᠷ᠎ᠡ ᠬᠡᠦᠬᠡᠳ ︵ᠵᠢᠭᠡ ᠤᠮᠪᠤᠯᠤ ᠦᠷ᠎ᠡ ᠬᠡᠦᠬᠡᠳ︶ ᠪᠣᠯᠣᠨ ᠬᠠᠨᠢ | ᠨᠥᠬᠦᠷ ᠬᠤᠶᠠᠭᠤᠯᠠ ᠶᠢᠨ ᠡᠴᠢᠭᠡ ᠡᠬᠡ ᠨᠢ ᠰᠠᠭᠤᠭᠰᠠᠨ ᠭᠠᠵᠠᠷ ᠪᠤᠶᠤ ᠠᠵᠢᠯ ᠣᠯᠣᠭᠰᠠᠨ ᠭᠠᠵᠠᠷ ᠲᠤ ᠪᠠᠨ | ᠪᠠᠶᠢᠩᠭᠤ ᠶᠢᠨ ᠡᠷᠦᠬᠡ ᠠᠮᠠ ᠲᠡᠮᠳᠡᠭᠯᠡᠭᠦᠯᠬᠦ ᠶᠢ ᠭᠤᠶᠤᠴᠢᠯᠠᠵᠤ ᠪᠣᠯᠣᠨ᠎ᠠ᠂ ᠬᠤᠲᠠ ᠪᠠᠯᠭᠠᠰᠤᠨ ᠤ ᠨᠡᠶᠢᠭᠡᠮ ᠤᠨ | ᠳᠠᠭᠠᠳᠬᠠᠯ᠂ ᠰᠠᠭᠤᠭᠰᠠᠨ ᠣᠨ ᠵᠢᠯ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠰᠤᠷᠭᠠᠭᠤᠯᠢ ᠳᠤ ᠳᠠᠪᠰᠢᠬᠤ ᠪᠠ | ᠴᠡᠷᠢᠭ ᠲᠤ ᠡᠯᠰᠡᠭᠳᠡᠭᠰᠡᠨ ᠬᠥᠮᠥᠰ ᠬᠤᠲᠠ ᠪᠠᠯᠭᠠᠰᠤᠨ ᠳᠤ ᠣᠷᠣᠵᠣ ᠡᠷᠦᠬᠡ ᠠᠮᠠ ᠣᠷᠣᠭᠤᠯᠬᠤ ᠬᠢᠵᠠᠭᠠᠷᠯᠠᠯ ᠢ | ᠪᠥᠬᠦ ᠲᠠᠯ᠎ᠠ ᠪᠠᠷ ᠴᠢᠯᠦᠭᠡᠲᠡᠢ ᠪᠣᠯᠭᠠᠨ᠎ᠠ᠃ | 1. ᠥᠪᠡᠷᠲᠡᠭᠡᠨ ᠵᠠᠰᠠᠬᠤ ᠣᠷᠣᠨ ᠳᠠᠬᠢ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ | ᠮᠡᠷᠭᠡᠵᠢᠯ ᠤᠨ ᠰᠤᠷᠭᠠᠭᠤᠯᠢ ᠳᠤ ᠣᠷᠣᠭᠰᠠᠨ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠨᠢ ᠥᠪᠡᠷ ᠤᠨ | ᠬᠦᠰᠡᠯ ᠪᠣᠳᠣᠯ ᠢᠶᠠᠷ ᠢᠶᠠᠨ ᠰᠤᠷᠭᠠᠭᠤᠯᠢ ᠳᠤ ᠣᠷᠣᠬᠤ ᠦᠶ᠎ᠡ ᠪᠤᠶᠤ ᠰᠤᠷᠤᠯᠴᠠᠵᠤ ᠪᠠᠶᠢᠬᠤ ᠬᠤᠭᠤᠴᠠᠭᠠᠨ ᠳᠤ | ᠡᠷᠦᠬᠡ ᠠᠮᠠ ᠶᠢ ᠪᠠᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠬᠠᠮᠲᠤ ᠶᠢᠨ ᠡᠷᠦᠬᠡ ᠠᠮᠠ ᠳᠤ ᠰᠢᠯᠵᠢᠭᠦᠯᠦᠨ | ᠣᠷᠣᠭᠤᠯᠵᠤ ᠪᠣᠯᠣᠨ᠎ᠠ᠃ ᠲᠡᠭᠦᠰᠦᠭᠰᠡᠨ ᠤ ᠳᠠᠷᠠᠭ᠎ᠠ ᠪᠠᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠡᠷᠦᠬᠡ | ᠠᠮᠠ ᠶᠢ ᠪᠠᠨ ᠦᠷᠭᠦᠯᠵᠢ ᠰᠠᠭᠤᠬᠤ ᠭᠠᠵᠠᠷ᠂ ᠠᠵᠢᠯ ︵ᠦᠢᠯᠡᠰ ᠴᠣᠭᠴᠠᠯᠠᠭᠰᠠᠨ︶ ᠣᠯᠣᠭᠰᠠᠨ ᠭᠠᠵᠠᠷ ᠪᠤᠶᠤ | ᠰᠤᠷᠭᠠᠭᠤᠯᠢ ᠳᠤ ᠣᠷᠣᠬᠤ ᠠᠴᠠ ᠡᠮᠦᠨᠡᠬᠢ ᠡᠷᠦᠬᠡ ᠠᠮᠠ ᠪᠠᠶᠢᠭᠰᠠᠨ ᠭᠠᠵᠠᠷ ᠲᠤ ᠰᠢᠯᠵᠢᠭᠦᠯᠦᠨ ᠣᠷᠣᠭᠤᠯᠵᠤ | ᠪᠣᠯᠣᠨ᠎ᠠ᠃ | 2. ᠮᠠᠯᠵᠢᠬᠤ ᠲᠠᠷᠢᠶᠠᠯᠠᠬᠤ ᠤᠷᠤᠨ ᠳᠤ ᠨᠤᠲᠤᠭ ᠲᠠᠢ ᠴᠡᠷᠢᠭ ᠤᠨ ᠠᠯᠪᠠ ᠠᠴᠠ ᠪᠠᠭᠤᠭᠰᠠᠨ ᠠᠯᠪᠠᠨ | ᠵᠢᠷᠤᠮ ᠤᠨ ᠴᠡᠷᠢᠭ ᠪᠣᠯᠣᠨ ᠪᠠᠭ᠎ᠠ ᠣᠹᠢᠼᠡᠷ ᠨᠢ ᠥᠪᠡᠷ ᠤᠨ ᠬᠦᠰᠡᠯ ᠪᠣᠳᠣᠯ ᠢᠶᠠᠷ ᠢᠶᠠᠨ ᠦᠷᠭᠦᠯᠵᠢ ᠰᠠᠭᠤᠬᠤ | ᠭᠠᠵᠠᠷ ᠲᠤ ᠡᠷᠦᠬᠡ ᠠᠮᠠ ᠲᠡᠮᠳᠡᠭᠯᠡᠭᠦᠯᠬᠦ ᠵᠠᠷᠴᠢᠮ ᠶᠣᠰᠣᠭᠠᠷ᠂ ᠣᠳᠣ ᠶᠢᠨ ᠪᠣᠳᠠᠲᠠᠢ ᠰᠠᠭᠤᠵᠤ ᠠᠮᠢᠳᠤᠷᠠᠵᠤ | ᠪᠠᠶᠢᠭ᠎ᠠ ᠬᠤᠲᠠ᠂ ᠪᠠᠶᠢᠭᠤᠯᠤᠮᠵᠢᠲᠤ ᠪᠠᠯᠭᠠᠰᠤᠨ ᠳᠤ ᠡᠷᠦᠬᠡ ᠠᠮᠠ ᠶᠢ ᠪᠠᠨ ᠰᠢᠯᠵᠢᠭᠦᠯᠬᠦ ᠶᠢ ᠭᠤᠶᠤᠴᠢᠯᠠᠵᠤ | ᠪᠣᠯᠣᠨ᠎ᠠ᠂ ᠡᠨᠡ ᠨᠢ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ | ᠠᠵᠢᠯ ᠣᠯᠣᠭᠰᠠᠨ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠭᠰᠠᠨ᠂ ᠰᠠᠭᠤᠭᠰᠠᠨ ᠣᠨ ᠵᠢᠯ | ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ | ︵ᠭᠤᠷᠪᠠ︶ ᠳᠡᠭᠡᠳᠦ ᠰᠤᠷᠭᠠᠭᠤᠯᠢ ᠲᠡᠭᠦᠰᠦᠭᠰᠡᠳ᠂ ᠮᠡᠷᠭᠡᠵᠢᠯ ᠤᠨ ᠠᠵᠢᠯᠴᠢᠨ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠲᠡᠭᠦᠰᠦᠭᠰᠡᠳ᠂ ᠭᠠᠳᠠᠭᠠᠳᠤ ᠳᠤ ᠰᠤᠷᠤᠯᠴᠠᠭᠠᠳ ᠤᠯᠤᠰ ᠲᠤ ᠪᠠᠨ ᠪᠤᠴᠠᠵᠤ ᠢᠷᠡᠭᠰᠡᠳ ᠤᠨ | ᠡᠷᠦᠬᠡ ᠠᠮᠠ ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠨ᠎ᠠ᠃ ᠤᠯᠤᠰ ᠠᠴᠠ ᠵᠥᠪᠰᠢᠶᠡᠷᠡᠬᠦ | ᠶᠡᠭᠡ ᠰᠤᠷᠭᠠᠭᠤᠯᠢ ᠶᠢᠨ ᠲᠤᠰᠬᠠᠢ ᠠᠩᠬᠢ ᠠᠴᠠ ᠳᠡᠭᠡᠭᠰᠢᠬᠢ ᠰᠤᠷᠤᠯᠴᠠᠭᠰᠠᠨ ᠨᠠᠮᠲᠠᠷ ᠲᠠᠢ ᠳᠡᠭᠡᠳᠦ ᠰᠤᠷᠭᠠᠭᠤᠯᠢ | ᠲᠡᠭᠦᠰᠦᠭᠰᠡᠳ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠮᠡᠷᠭᠡᠵᠢᠯ ᠤᠨ ᠵᠡᠷᠭᠡ | ᠳᠡᠰ ᠤᠨ ᠦᠨᠡᠮᠯᠠᠯ ᠪᠤᠶᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ ᠬᠥᠮᠥᠰ ᠵᠢᠴᠢ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠳᠤ ᠬᠡᠷᠡᠭᠴᠡᠭᠡ ᠲᠠᠢ ᠮᠡᠷᠭᠡᠵᠢᠯ ᠤᠨ ᠠᠵᠢᠯᠴᠢᠨ᠂ ᠭᠠᠳᠠᠭᠠᠳᠤ ᠳᠤ ᠰᠤᠷᠤᠯᠴᠠᠭᠠᠳ | ᠤᠯᠤᠰ ᠲᠤ ᠪᠠᠨ ᠪᠤᠴᠠᠵᠤ ᠢᠷᠡᠭᠰᠡᠳ ᠨᠢ ᠥᠪᠡᠷ ᠤᠨ ᠬᠦᠰᠡᠯ ᠪᠣᠳᠣᠯ ᠢᠶᠠᠷ ᠢᠶᠠᠨ ᠦᠷᠭᠦᠯᠵᠢ ᠰᠠᠭᠤᠬᠤ ᠭᠠᠵᠠᠷ ᠲᠤ | ᠡᠷᠦᠬᠡ ᠠᠮᠠ ᠲᠡᠮᠳᠡᠭᠯᠡᠭᠦᠯᠬᠦ ᠵᠠᠷᠴᠢᠮ ᠶᠣᠰᠣᠭᠠᠷ᠂ ᠮᠠᠨ ᠤ ᠣᠷᠣᠨ ᠤ ᠲᠣᠮᠣ ᠳᠤᠮᠳᠠ ᠵᠢᠵᠢᠭ ᠬᠤᠲᠠ᠂ | ᠪᠠᠶᠢᠭᠤᠯᠤᠮᠵᠢᠲᠤ ᠪᠠᠯᠭᠠᠰᠤᠨ ᠳᠤ ᠡᠷᠦᠬᠡ ᠠᠮᠠ ᠶᠢ ᠪᠠᠨ ᠣᠷᠣᠭᠤᠯᠬᠤ ᠶᠢ ᠭᠤᠶᠤᠴᠢᠯᠠᠵᠤ ᠪᠣᠯᠣᠨ᠎ᠠ᠂ ᠡᠨᠡ ᠨᠢ | ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠣᠭᠰᠠᠨ᠂ | ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠭᠰᠠᠨ᠂ ᠰᠠᠭᠤᠭᠰᠠᠨ ᠣᠨ ᠵᠢᠯ ᠵᠡᠷᠭᠡ ᠪᠤᠰᠤᠳ | ᠨᠥᠬᠦᠴᠡᠯ ᠳᠤ ᠬᠢᠵᠠᠭᠠᠷᠯᠠᠭᠳᠠᠬᠤ ᠦᠭᠡᠢ᠃ | ︵ᠳᠥᠷᠪᠡ︶ ᠪᠠᠶᠢᠩᠭᠤ ᠰᠠᠭᠤᠭ᠎ᠠ ᠪᠤᠰᠤᠳ ᠬᠥᠮᠥᠨ ᠠᠮᠠ ᠶᠢᠨ ᠬᠤᠲᠠ ᠪᠠᠯᠭᠠᠰᠤᠨ ᠳᠤ ᠡᠷᠦᠬᠡ ᠠᠮᠠ | ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠨ᠎ᠠ᠃ ᠨᠢᠭᠡ ᠬᠤᠲᠠ᠂ ᠪᠠᠶᠢᠭᠤᠯᠤᠮᠵᠢᠲᠤ | ᠪᠠᠯᠭᠠᠰᠤᠨ ᠳᠤ ᠵᠠᠯᠭᠠᠭ᠎ᠠ ᠪᠠᠷ ᠵᠢᠷᠭᠤᠭᠠᠨ ᠰᠠᠷ᠎ᠠ ᠠᠴᠠ ᠢᠯᠡᠭᠦᠦ ᠰᠠᠭᠤᠭᠰᠠᠨ ᠮᠠᠯᠵᠢᠬᠤ ᠲᠠᠷᠢᠶᠠᠯᠠᠬᠤ ᠣᠷᠣᠨ ᠳᠤ | ᠨᠤᠲᠤᠭ ᠲᠠᠢ ᠬᠥᠮᠥᠨ ᠠᠮᠠ ᠪᠣᠯᠣᠨ ᠪᠠᠶᠢᠩᠭᠤ ᠰᠠᠭᠤᠭ᠎ᠠ ᠪᠤᠰᠤᠳ ᠬᠥᠮᠥᠨ ᠠᠮᠠ ᠨᠢ ᠥᠪᠡᠷ ᠤᠨ ᠬᠦᠰᠡᠯ | ᠪᠣᠳᠣᠯ ᠢᠶᠠᠷ ᠢᠶᠠᠨ ᠦᠷᠭᠦᠯᠵᠢ ᠰᠠᠭᠤᠬᠤ ᠭᠠᠵᠠᠷ ᠲᠤ ᠡᠷᠦᠬᠡ ᠠᠮᠠ ᠲᠡᠮᠳᠡᠭᠯᠡᠭᠦᠯᠬᠦ ᠵᠠᠷᠴᠢᠮ ᠶᠣᠰᠣᠭᠠᠷ᠂ | ᠥᠪᠡᠷ ᠢᠶᠠᠨ ᠵᠢᠴᠢ ᠬᠠᠮᠲᠤ ᠰᠠᠭᠤᠷᠢᠰᠢᠨ ᠠᠮᠢᠳᠤᠷᠠᠵᠤ ᠪᠠᠶᠢᠭ᠎ᠠ ᠬᠠᠨᠢ ᠨᠥᠬᠦᠷ᠂ ᠦᠷ᠎ᠡ ᠬᠡᠦᠬᠡᠳ ᠪᠣᠯᠣᠨ ᠬᠠᠨᠢ | ᠨᠥᠬᠦᠷ ᠬᠤᠶᠠᠭᠤᠯᠠ ᠶᠢᠨ ᠡᠴᠢᠭᠡ ᠡᠬᠡ ᠨᠢ ᠣᠳᠣ ᠶᠢᠨ ᠪᠣᠳᠠᠲᠠᠢ ᠰᠠᠭᠤᠵᠤ ᠠᠮᠢᠳᠤᠷᠠᠵᠤ ᠪᠠᠶᠢᠭ᠎ᠠ ᠬᠤᠲᠠ᠂ | ᠪᠠᠶᠢᠭᠤᠯᠤᠮᠵᠢᠲᠤ ᠪᠠᠯᠭᠠᠰᠤᠨ ᠳᠤ ᠡᠷᠦᠬᠡ ᠠᠮᠠ ᠶᠢ ᠪᠠᠨ ᠣᠷᠣᠭᠤᠯᠬᠤ ᠶᠢ ᠭᠤᠶᠤᠴᠢᠯᠠᠵᠤ ᠪᠣᠯᠣᠨ᠎ᠠ᠂ ᠡᠨᠡ ᠨᠢ | ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠣᠭᠰᠠᠨ᠂ | ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠭᠰᠠᠨ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ | ᠦᠭᠡᠢ᠃ | ︵ᠲᠠᠪᠤ︶ ᠲᠦᠰᠢᠵᠦ ᠨᠠᠶᠢᠳᠠᠬᠤ ᠲᠥᠷᠥᠯ ᠤᠨ ᠡᠷᠦᠬᠡ ᠠᠮᠠ ᠣᠷᠣᠭᠤᠯᠬᠤ ᠨᠥᠬᠦᠴᠡᠯ ᠢ ᠠᠭᠤᠵᠢᠭᠤ | ᠲᠠᠯᠪᠢᠨ᠎ᠠ᠃ ᠲᠣᠭᠤᠷᠢᠭ ᠪᠠᠶᠢᠭᠤᠯᠤᠭᠰᠠᠨ ᠬᠤᠲᠠ ᠶᠢᠨ ᠲᠣᠭᠤᠷᠢᠭ᠂ ᠰᠢᠶᠠᠨ ᠤ ᠳᠡᠰ ᠤᠨ ᠬᠤᠲᠠ ᠶᠢᠨ | ᠲᠣᠭᠤᠷᠢᠭ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠪᠠᠯᠭᠠᠰᠤ ᠵᠢᠴᠢ ᠪᠠᠶᠢᠭᠤᠯᠤᠮᠵᠢᠲᠤ | ᠪᠠᠯᠭᠠᠰᠤᠨ ᠤ ᠲᠣᠭᠤᠷᠢᠭ ᠤᠨ ᠡᠷᠦᠬᠡ ᠠᠮᠠ ᠲᠠᠢ ᠬᠥᠮᠥᠰ᠂ ᠲᠡᠳᠡᠨ ᠲᠠᠢ ᠬᠠᠮᠲᠤ ᠰᠠᠭᠤᠵᠤ ᠠᠮᠢᠳᠤᠷᠠᠵᠤ ᠪᠠᠶᠢᠭ᠎ᠠ | ᠬᠠᠨᠢ ᠨᠥᠬᠦᠷ᠂ ᠦᠷ᠎ᠡ ᠬᠡᠦᠬᠡᠳ᠂ ᠤᠮᠪᠤᠯᠤ ᠦᠷ᠎ᠡ ᠬᠡᠦᠬᠡᠳ ︵ᠵᠢᠭᠡ ᠤᠮᠪᠤᠯᠤ ᠦᠷ᠎ᠡ ᠬᠡᠦᠬᠡᠳ︶ ᠪᠣᠯᠣᠨ ᠬᠠᠨᠢ | ᠨᠥᠬᠦᠷ ᠬᠤᠶᠠᠭᠤᠯᠠ ᠶᠢᠨ ᠡᠴᠢᠭᠡ ᠡᠬᠡ ᠨᠢ ᠲᠦᠰᠢᠵᠦ ᠨᠠᠶᠢᠳᠠᠵᠤ ᠰᠠᠭᠤᠬᠤ ᠪᠠᠷ ᠡᠷᠦᠬᠡ ᠠᠮᠠ ᠣᠷᠣᠭᠤᠯᠬᠤ ᠶᠢ | ᠭᠤᠶᠤᠴᠢᠯᠠᠵᠤ ᠪᠣᠯᠣᠨ᠎ᠠ᠂ ᠲᠦᠰᠢᠵᠦ ᠨᠠᠶᠢᠳᠠᠬᠤ ᠬᠥᠮᠥᠰ ᠤᠨ ᠨᠠᠰᠤ᠂ ᠤᠷᠤᠭᠯᠠᠭᠰᠠᠨ ᠡᠰᠡᠬᠦ᠂ ᠬᠤᠲᠠ | ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠭᠰᠠᠨ ᠪᠠ ᠣᠷᠣᠨ ᠰᠠᠭᠤᠴᠠ ᠶᠢᠨ ᠲᠠᠯᠠᠪᠠᠢ ᠵᠡᠷᠭᠡ ᠪᠤᠰᠤᠳ | ᠨᠥᠬᠦᠴᠡᠯ ᠳᠤ ᠬᠢᠵᠠᠭᠠᠷᠯᠠᠭᠳᠠᠬᠤ ᠦᠭᠡᠢ᠃ | ︵ᠵᠢᠷᠭᠤᠭ᠎ᠠ︶ ᠬᠥᠬᠡᠬᠤᠲᠠ ᠪᠤᠭᠤᠲᠤ ᠣᠷᠳᠣᠰ ᠬᠤᠲᠠ ᠶᠢᠨ ᠪᠦᠯᠦᠭᠵᠢᠯ ᠳᠤ ᠡᠷᠦᠬᠡ ᠠᠮᠠ ᠶᠢ ᠬᠢᠵᠠᠭᠠᠷᠯᠠᠯ | ᠦᠭᠡᠢ ᠰᠢᠯᠵᠢᠭᠦᠯᠬᠦ ᠳᠦᠷᠢᠮ ᠢ ᠬᠡᠷᠡᠭᠵᠢᠭᠦᠯᠦᠨ᠎ᠡ᠃ ︽ᠬᠥᠬᠡᠬᠤᠲᠠ ᠪᠤᠭᠤᠲᠤ ᠣᠷᠳᠣᠰ ᠢ ᠬᠠᠮᠵᠢᠯᠴᠠᠨ | ᠬᠥᠭᠵᠢᠭᠦᠯᠬᠦ ᠲᠥᠯᠥᠪᠵᠢᠭᠦᠯᠭᠡ ᠶᠢᠨ ᠬᠦᠲᠦᠯᠪᠦᠷᠢ ︵2016 - 2020︶︾ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠶᠢ ᠵᠣᠷᠢᠬᠵᠢᠭᠤᠯᠵᠤ ᠪᠠᠶᠢᠭᠠᠳ | ᠬᠥᠬᠡᠬᠤᠲᠠ ᠪᠤᠭᠤᠲᠤ ᠣᠷᠳᠣᠰ ᠬᠤᠲᠠ ᠶᠢᠨ ᠪᠦᠯᠦᠭᠵᠢᠯ ᠤᠨ ᠡᠷᠦᠬᠡ ᠠᠮᠠ ᠶᠢ ᠨᠢᠭᠡ ᠬᠤᠲᠠᠴᠢᠯᠠᠬᠤ | ᠥᠭᠡᠷᠡᠴᠢᠯᠡᠯᠲᠡ ᠶᠢ ᠠᠬᠢᠭᠤᠯᠤᠨ᠂ ᠬᠥᠬᠡᠬᠤᠲᠠ ᠪᠤᠭᠤᠲᠤ ᠣᠷᠳᠣᠰ ᠬᠤᠲᠠ ᠶᠢᠨ ᠬᠤᠭᠤᠷᠣᠨᠳᠤᠬᠢ ᠬᠥᠮᠥᠨ | ᠠᠮᠠ ᠶᠢᠨ ᠴᠢᠯᠦᠭᠡᠲᠡᠢ ᠰᠢᠯᠵᠢᠬᠦ ᠶᠢ ᠠᠬᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠬᠤᠲᠠ ᠶᠢᠨ ᠡᠷᠦᠬᠡ | ᠠᠮᠠ ᠲᠠᠢ ᠰᠠᠭᠤᠭᠠᠯᠢ ᠠᠷᠠᠳ ᠨᠢ ᠥᠪᠡᠷ ᠤᠨ ᠬᠦᠰᠡᠯ ᠪᠣᠳᠣᠯ ᠢᠶᠠᠷ ᠢᠶᠠᠨ ᠬᠠᠤᠯᠢ ᠶᠣᠰᠣᠨ ᠤ ᠲᠣᠭᠲᠠᠪᠤᠷᠢᠲᠠᠢ | ᠣᠷᠣᠨ ᠰᠠᠭᠤᠴᠠ ︵ᠲᠦᠷᠢᠶᠡᠰᠦᠯᠡᠨ ᠰᠠᠭᠤᠵᠤ ᠪᠠᠶᠢᠬᠤ ᠪᠠᠭᠲᠠᠭᠳᠠᠨ᠎ᠠ︶ ᠪᠤᠶᠤ ᠬᠠᠤᠯᠢ ᠶᠣᠰᠣᠨ ᠤ | ᠲᠣᠭᠲᠠᠪᠤᠷᠢᠲᠠᠢ ᠠᠵᠢᠯ ᠣᠯᠣᠭᠰᠠᠨ ᠨᠥᠬᠦᠴᠡᠯ ᠢᠶᠠᠷ ᠢᠶᠠᠨ ᠬᠥᠬᠡᠬᠤᠲᠠ ᠪᠤᠭᠤᠲᠤ ᠣᠷᠳᠣᠰ ᠭᠤᠷᠪᠠᠨ ᠬᠤᠲᠠ ᠶᠢᠨ | ᠭᠤᠣᠯ ᠲᠥᠪ ᠪᠣᠯᠬᠤ ᠲᠣᠭᠤᠷᠢᠭ ᠵᠢᠴᠢ ᠪᠠᠶᠢᠭᠤᠯᠤᠮᠵᠢᠲᠤ ᠪᠠᠯᠭᠠᠰᠤᠨ ᠤ ᠲᠣᠭᠤᠷᠢᠭ ᠲᠤ ᠪᠠᠶᠢᠩᠭᠤ ᠰᠠᠭᠤᠬᠤ | ᠡᠷᠦᠬᠡ ᠠᠮᠠ ᠪᠠᠷ ᠰᠢᠯᠵᠢᠭᠦᠯᠵᠦ ᠲᠡᠮᠳᠡᠭᠯᠡᠭᠦᠯᠬᠦ ᠶᠢ ᠭᠤᠶᠤᠴᠢᠯᠠᠵᠤ ᠪᠣᠯᠣᠨ᠎ᠠ᠂ ᠬᠤᠲᠠ ᠪᠠᠯᠭᠠᠰᠤᠨ ᠤ ᠨᠡᠶᠢᠭᠡᠮ ᠤᠨ | ᠳᠠᠭᠠᠳᠬᠠᠯ ᠳᠤ ᠣᠷᠣᠭᠰᠠᠨ᠂ ᠰᠠᠭᠤᠭᠰᠠᠨ ᠣᠨ ᠵᠢᠯ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ | ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠶᠢᠨ ᠲᠣᠭᠤᠷᠢᠭ ᠤᠨ ᠬᠢᠨ ᠡᠷᠦᠬᠡ ᠠᠮᠠ ᠶᠢᠨ ᠳᠦᠷᠢᠮ ᠤᠨ | ᠥᠭᠡᠷᠡᠴᠢᠯᠡᠯᠲᠡ ᠶᠢ ᠠᠬᠢᠭᠤᠯᠬᠤ ᠱᠠᠭᠠᠷᠳᠠᠯᠭ᠎ᠠ ᠪᠣᠯᠣᠨ ᠲᠤᠰ ᠭᠠᠵᠠᠷ ᠤᠨ ᠪᠣᠳᠠᠲᠠᠢ ᠪᠠᠶᠢᠳᠠᠯ ᠶᠣᠰᠣᠭᠠᠷ᠂ ᠡᠷᠦᠬᠡ | ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠶᠢ ᠪᠠᠨ ᠴᠠᠭ ᠲᠤᠬᠠᠢ ᠳᠤ ᠨᠢ ᠲᠣᠬᠢᠷᠠᠭᠤᠯᠤᠯᠲᠠ ᠬᠢᠵᠦ ᠠᠭᠤᠵᠢᠭᠤ | ᠲᠠᠯᠪᠢᠵᠤ᠂ ᠬᠤᠲᠠ ᠶᠢᠨ ᠪᠦᠯᠦᠭᠵᠢᠯ ᠤᠨ ᠡᠷᠦᠬᠡ ᠠᠮᠠ ᠶᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠠᠯᠬᠤᠮ | ᠠᠯᠬᠤᠮ ᠢᠶᠠᠷ ᠨᠢᠭᠡᠲᠦᠯᠲᠡᠢ ᠪᠣᠯᠭᠠᠨ᠂ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠵᠦ ᠰᠢᠯᠵᠢᠭᠦᠯᠦᠭᠰᠡᠨ ᠬᠥᠮᠥᠨ | ᠠᠮᠠ ᠪᠣᠯᠣᠨ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠶᠢᠨ ᠡᠷᠦᠬᠡ ᠠᠮᠠ ᠣᠷᠣᠭᠤᠯᠬᠤ ᠶᠢ ᠠᠬᠢᠭᠤᠯᠤᠨ᠎ᠠ᠃ | ᠭᠤᠷᠪᠠ᠂ ᠡᠷᠦᠬᠡ ᠠᠮᠠ ᠣᠷᠣᠭᠤᠯᠬᠤ ᠵᠠᠮ ᠮᠥᠷ ᠢ ᠰᠢᠯᠤᠭᠤᠳᠬᠠᠨ᠂ ᠲᠠᠷᠢᠶᠠᠯᠠᠩ ᠮᠠᠯ ᠠᠵᠤ ᠠᠬᠤᠢ ᠶᠢᠨ | ᠨᠡᠭᠦᠯᠭᠡᠵᠦ ᠰᠢᠯᠵᠢᠭᠦᠯᠦᠭᠰᠡᠨ ᠬᠥᠮᠥᠨ ᠠᠮᠠ ᠪᠣᠯᠣᠨ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ | ᠪᠠᠯᠭᠠᠰᠤ ᠪᠠᠷ ᠡᠷᠦᠬᠡ ᠠᠮᠠ ᠣᠷᠣᠭᠤᠯᠬᠤ ᠳᠤ ᠠᠭᠤᠵᠢᠭᠤ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠣᠷᠴᠢᠨ | ᠨᠥᠬᠦᠴᠡᠯ ᠢ ᠪᠣᠢ ᠪᠣᠯᠭᠠᠨ᠎ᠠ | ︵ᠨᠢᠭᠡ︶ ᠡᠷᠦᠬᠡ ᠠᠮᠠ ᠣᠷᠣᠭᠤᠯᠬᠤ ᠬᠠᠶ᠋ᠢᠭ ᠤᠨ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠶᠡᠭᠡ | ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠰᠤᠷᠤᠭᠴᠢᠳ ᠠᠴᠠ ᠪᠤᠰᠤᠳ ᠭᠤᠶᠤᠴᠢᠯᠠᠭᠴᠢ ᠨᠢ ᠥᠪᠡᠷ ᠤᠨ ᠬᠠᠤᠯᠢ ᠶᠣᠰᠣᠨ ᠤ ᠥᠮᠴᠢᠯᠡᠯ ᠲᠠᠢ ᠭᠡᠷ ᠪᠠᠶᠢᠰᠢᠩ | ᠪᠠᠶᠢᠪᠠᠯ᠂ ᠭᠡᠷ ᠪᠠᠶᠢᠰᠢᠩ ᠢᠶᠠᠨ ᠲᠡᠮᠳᠡᠭᠯᠡᠭᠦᠯᠦᠭᠰᠡᠨ ᠭᠠᠵᠠᠷ ᠲᠤ ᠡᠷᠦᠬᠡ ᠠᠮᠠ ᠪᠠᠨ ᠲᠡᠮᠳᠡᠭᠯᠡᠭᠦᠯᠪᠡᠯ ᠵᠣᠬᠢᠨ᠎ᠠ᠂ | ᠥᠪᠡᠷ ᠤᠨ ᠭᠡᠷ ᠪᠠᠶᠢᠰᠢᠩ ᠪᠠᠶᠢᠬᠤ ᠦᠭᠡᠢ ᠪᠤᠶᠤ ᠪᠣᠳᠠᠲᠠᠢ ᠰᠠᠭᠤᠵᠤ ᠪᠠᠶᠢᠭ᠎ᠠ ᠬᠠᠶ᠋ᠢᠭ ᠢᠶᠠᠷ ᠢᠶᠠᠨ ᠡᠷᠦᠬᠡ | ᠠᠮᠠ ᠶᠢ ᠪᠠᠨ ᠲᠡᠮᠳᠡᠭᠯᠡᠭᠦᠯᠬᠦ ᠶᠢᠨ ᠠᠷᠭ᠎ᠠ ᠦᠭᠡᠢ ᠪᠣᠯ᠂ ᠨᠢᠭᠡᠴᠢ ᠶᠢᠨ ᠢᠶᠠᠨ ᠬᠠᠮᠲᠤ ᠶᠢᠨ ᠡᠷᠦᠬᠡ ᠠᠮᠠ ᠪᠤᠶᠤ | ᠣᠳᠣ ᠶᠢᠨ ᠰᠠᠭᠤᠵᠤ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ᠲᠠᠬᠢ ᠬᠠᠮᠲᠤ ᠶᠢᠨ ᠡᠷᠦᠬᠡ ᠠᠮᠠ ᠳᠤ ᠡᠷᠦᠬᠡ | ᠠᠮᠠ ᠶᠢ ᠪᠠᠨ ᠲᠡᠮᠳᠡᠭᠯᠡᠭᠦᠯᠵᠦ ᠪᠣᠯᠣᠨ᠎ᠠ᠃ | ︵ᠬᠤᠶᠠᠷ︶ ᠡᠷᠦᠬᠡ ᠠᠮᠠ ᠰᠢᠯᠵᠢᠭᠦᠯᠵᠦ ᠭᠦᠢᠴᠡᠳᠭᠡᠬᠦ ᠳᠡᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠠᠶᠢᠮᠠᠭ | ᠬᠤᠲᠠ ᠶᠢᠨ ᠳᠣᠲᠣᠭᠠᠳᠤ ᠳᠠᠬᠢ ᠡᠷᠦᠬᠡ ᠠᠮᠠ ᠰᠢᠯᠵᠢᠭᠦᠯᠬᠦ ᠶᠢ ᠨᠢᠭᠡ ᠥᠷᠲᠡᠭᠡᠴᠢᠯᠡᠭᠰᠡᠨ ᠮᠠᠶ᠋ᠢᠭ ᠢᠶᠠᠷ | ᠭᠦᠢᠴᠡᠳᠭᠡᠭᠰᠡᠨ ᠰᠠᠭᠤᠷᠢᠨ ᠳᠡᠭᠡᠷ᠎ᠡ᠂ ᠢᠳᠡᠪᠬᠢᠲᠡᠢ ᠪᠠᠷ ᠨᠥᠬᠦᠴᠡᠯ ᠪᠦᠷᠢᠳᠦᠭᠦᠯᠵᠦ ᠪᠠᠶᠢᠭᠠᠳ ᠥᠪᠡᠷᠲᠡᠭᠡᠨ | ᠵᠠᠰᠠᠬᠤ ᠣᠷᠣᠨ ᠤ ᠳᠣᠲᠤᠭᠠᠳᠤ ᠳᠠᠬᠢ ᠡᠷᠦᠬᠡ ᠠᠮᠠ ᠰᠢᠯᠵᠢᠭᠦᠯᠬᠦ ᠶᠢ ᠨᠢᠭᠡ ᠦᠷᠲᠡᠭᠡᠴᠢᠯᠡᠭᠰᠡᠨ ᠮᠠᠶ᠋ᠢᠭ ᠢᠶᠠᠷ | ᠭᠦᠢᠴᠡᠳᠭᠡᠬᠦ ᠶᠢ ᠴᠠᠭ ᠲᠤ ᠨᠢ ᠲᠣᠬᠢᠷᠠᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠤ ᠡᠷᠦᠬᠡ ᠠᠮᠠ ᠶᠢ ᠰᠢᠯᠵᠢᠭᠦᠯᠬᠦ ᠳᠤ᠂ ᠵᠥᠪᠰᠢᠶᠡᠷᠡᠨ ᠰᠢᠯᠵᠢᠭᠦᠯᠬᠦ ᠭᠡᠷᠡᠴᠢ ᠪᠣᠯᠣᠨ ᠰᠢᠯᠵᠢᠭᠦᠯᠬᠦ | ᠭᠡᠷᠡᠴᠢ ᠭᠠᠷᠭᠠᠬᠤ ᠴᠢᠬᠤᠯᠠ ᠦᠭᠡᠢ᠂ ᠰᠢᠯᠵᠢᠭᠦᠯᠵᠦ ᠣᠷᠣᠭᠤᠯᠬᠤ ᠭᠠᠵᠠᠷ ᠤᠨ ᠡᠷᠦᠬᠡ ᠠᠮᠠ ᠶᠢᠨ ᠵᠥᠪᠰᠢᠶᠡᠷᠡᠬᠦ | ᠨᠥᠬᠦᠴᠡᠯ ᠳᠤ ᠨᠡᠶᠢᠴᠡᠭᠰᠡᠨ ᠤᠷᠢᠳᠠᠯ ᠳᠣᠣᠷ᠎ᠠ᠂ ᠭᠤᠶᠤᠴᠢᠯᠠᠭᠴᠢ ᠨᠢ ᠰᠢᠯᠵᠢᠭᠦᠯᠦᠨ ᠣᠷᠣᠭᠤᠯᠬᠤ ᠭᠠᠵᠠᠷ ᠤᠨ | ᠳᠣᠲᠣᠭᠠᠳᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠳᠤ ᠡᠷᠦᠬᠡ ᠠᠮᠠ ᠣᠷᠣᠭᠤᠯᠬᠤ ᠪᠠᠷ ᠭᠤᠶᠤᠴᠢᠯᠠᠭᠰᠠᠨ | ᠮᠠᠲ᠋ᠧᠷᠢᠶᠠᠯ ᠢᠶᠠᠨ ᠰᠢᠭᠤᠳ ᠲᠤᠰᠢᠶᠠᠵᠤ᠂ ᠡᠷᠦᠬᠡ ᠠᠮᠠ ᠰᠢᠯᠵᠢᠭᠦᠯᠬᠦ ᠶᠢ ᠭᠦᠢᠴᠡᠳᠭᠡᠯᠭᠡᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠡᠷᠦᠬᠡ ᠠᠮᠠ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠷᠦᠬᠡ ᠠᠮᠠ ᠲᠠᠢ ᠬᠥᠮᠥᠨ ᠠᠮᠠ ᠶᠢᠨ ᠬᠤᠲᠠ | ᠪᠠᠯᠭᠠᠰᠤᠴᠢᠯᠠᠬᠤ ᠨᠣᠷᠮ᠎ᠠ ᠶᠢ ᠳᠡᠭᠡᠭᠰᠢᠯᠡᠭᠦᠯᠬᠦ ᠪᠣᠯ᠂ ᠰᠢᠨ᠎ᠡ ᠬᠡᠯᠪᠡᠷᠢ ᠪᠦᠬᠦᠢ ᠬᠤᠲᠠ ᠪᠠᠯᠭᠠᠰᠤᠴᠢᠯᠠᠯᠲᠠ ᠶᠢ | ᠠᠬᠢᠭᠤᠯᠬᠤ ᠶᠢᠨ ᠴᠢᠬᠤᠯᠠ ᠡᠭᠦᠷᠭᠡ ᠪᠠᠶᠢᠵᠤ᠂ ᠠᠷᠠᠳ ᠣᠯᠠᠨ ᠤ ᠬᠤᠪᠢ ᠪᠡᠶ᠎ᠡ ᠶᠢᠨ ᠠᠰᠢᠭ ᠲᠤᠰᠠ ᠪᠣᠯᠣᠨ ᠠᠵᠤ | ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠲᠠᠢ ᠬᠤᠯᠪᠣᠭᠳᠠᠬᠤ ᠶᠠᠪᠤᠳᠠᠯ ᠪᠣᠯᠣᠨ᠎ᠠ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠤᠲᠠ | ᠪᠠᠯᠭᠠᠰᠤᠨ ᠳᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠵᠤ ᠡᠷᠦᠬᠡ | ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠬᠢᠨᠠᠮᠠᠭᠠᠢ ᠰᠠᠶᠢᠲᠤᠷ ᠠᠳᠬᠤᠵᠤ | ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠣᠭᠲᠠᠭᠠᠨ ᠨᠡᠶᠢᠲᠡᠯᠡᠭᠰᠡᠨ ᠡᠷᠦᠬᠡ ᠠᠮᠠ ᠰᠢᠯᠵᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠦᠨ᠂ ᠪᠣᠳᠠᠲᠠᠢ ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠵᠤ ᠪᠠᠶᠢᠭᠠᠳ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠭᠦᠨᠵᠡᠭᠡᠶᠢᠷᠡᠭᠦᠯᠵᠦ᠂ ᠲᠠᠷᠢᠶᠠᠯᠠᠩ ᠮᠠᠯ | ᠠᠵᠤ ᠠᠬᠤᠢ ᠶᠢᠨ ᠨᠡᠭᠦᠯᠭᠡᠵᠦ ᠰᠢᠯᠵᠢᠭᠦᠯᠦᠭᠰᠡᠨ ᠬᠥᠮᠥᠨ ᠠᠮᠠ ᠪᠣᠯᠣᠨ ᠪᠤᠰᠤᠳ ᠪᠠᠶᠢᠩᠭᠤ ᠰᠠᠭᠤᠭ᠎ᠠ ᠬᠥᠮᠥᠨ | ᠠᠮᠠ ᠶᠢᠨ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠯᠴᠠᠨ ᠡᠯ᠎ᠡ ᠭᠠᠵᠠᠷ ᠤᠨ ᠬᠢᠨ ᠤ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠵᠦ | ᠰᠢᠯᠵᠢᠭᠦᠯᠦᠭᠰᠡᠨ ᠬᠥᠮᠥᠨ ᠠᠮᠠ ᠪᠣᠯᠣᠨ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠨ ᠳᠤ | ᠡᠷᠦᠬᠡ ᠠᠮᠠ ᠣᠷᠣᠭᠤᠯᠬᠤ ᠶᠢ ᠠᠬᠢᠭᠤᠯᠵᠤ ᠪᠠᠶᠢᠭ᠎ᠠ ᠠᠵᠢᠯ ᠢ ᠨᠢ ᠮᠥᠷᠳᠡᠵᠦ ᠪᠠᠶᠢᠭᠠᠳ ᠦᠨᠡᠯᠡᠨ ᠵᠢᠱᠢᠬᠦ ᠪᠦᠭᠡᠳ | ᠵᠢᠯᠣᠭᠤᠳᠬᠤ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ ᠠᠵᠢᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ | ᠬᠦ ᠪᠠᠲᠤᠯᠠᠬᠤ ᠬᠡᠷᠡᠭᠲᠡᠢ᠃ | ︵ᠬᠤᠶᠠᠷ︶ ᠠᠬᠢᠭᠤᠯᠬᠤ ᠠᠷᠭ᠎ᠠ ᠶᠢ ᠡᠵᠡᠮᠳᠡᠨ᠎ᠡ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠨᠢ | ᠠᠷᠠᠳ ᠤᠨ ᠠᠮᠢᠳᠤᠷᠠᠯ ᠲᠠᠢ ᠬᠤᠯᠪᠣᠭᠳᠠᠬᠤ ᠴᠢᠬᠤᠯᠠ ᠶᠡᠭᠡ ᠢᠨᠵᠧᠨᠧᠷᠢᠩ ᠪᠣᠯᠣᠨ᠎ᠠ᠃ ᠡᠯ᠎ᠡ ᠭᠠᠵᠠᠷ ᠣᠷᠣᠨ᠂ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠶᠠᠰᠤ | ᠴᠢᠨᠠᠷ ᠢ ᠦᠨᠡᠨ ᠬᠦ ᠪᠠᠲᠤᠯᠠᠵᠤ ᠪᠠᠶᠢᠭᠠᠳ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠲᠤᠰ ᠭᠠᠵᠠᠷ ᠤᠨ | ᠠᠵᠤ ᠠᠬᠤᠢ ᠨᠡᠶᠢᠭᠡᠮ ᠤᠨ ᠬᠥᠭᠵᠢᠯᠲᠡ ᠵᠢᠴᠢ ᠬᠤᠲᠠ ᠪᠠᠯᠭᠠᠰᠤᠴᠢᠯᠠᠬᠤ ᠠᠬᠢᠴᠠ ᠲᠠᠢ ᠨᠢ ᠲᠣᠬᠢᠷᠠᠯᠴᠠᠭᠤᠯᠬᠤ | ᠬᠡᠷᠡᠭᠲᠡᠢ᠃ ᠡᠷᠦᠬᠡ ᠠᠮᠠ ᠣᠷᠣᠭᠤᠯᠤᠭᠰᠠᠨ ᠲᠤᠭ᠎ᠠ ᠶᠢ ᠬᠥᠭᠡᠭᠡᠴᠡᠯᠳᠦᠵᠦ᠂ ᠭᠦᠢᠴᠡᠳᠬᠡᠯ ᠲᠤᠭ᠎ᠠ ᠲᠣᠭᠲᠠᠭᠠᠬᠤ | ᠪᠠ ᠡᠭᠦᠷᠭᠡ ᠳᠠᠭᠠᠭᠠᠯᠭᠠᠬᠤ ᠵᠡᠷᠭᠡ ᠲᠥᠬᠦᠮ ᠠᠷᠭ᠎ᠠ ᠶᠢ ᠬᠡᠷᠡᠭᠯᠡᠨ ᠡᠷᠦᠬᠡ ᠠᠮᠠ ᠶᠢᠨ ᠳᠦᠷᠢᠮ ᠤᠨ | ᠥᠭᠡᠷᠡᠴᠢᠯᠡᠯᠲᠡ ᠶᠢ ᠠᠬᠢᠭᠤᠯᠵᠤ ᠪᠠᠶᠢᠭ᠎ᠠ ᠶᠢ ᠴᠢᠩᠭ᠎ᠠ ᠬᠤᠷᠢᠭᠯᠠᠨ᠂ ᠡᠷᠦᠬᠡ ᠠᠮᠠ ᠣᠷᠣᠭᠤᠯᠤᠭᠰᠠᠨ ᠲᠤᠭ᠎ᠠ ᠪᠠᠷ | ᠣᠷᠣᠨ ᠨᠤᠲᠤᠭ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠢ ᠰᠢᠯᠭᠠᠨ ᠬᠢᠨᠠᠬᠤ ᠶᠢᠨ ᠦᠨᠳᠦᠰᠦᠯᠡᠯ ᠪᠣᠯᠭᠠᠵᠤ | ᠪᠣᠯᠬᠤ ᠦᠭᠡᠢ᠃ ᠡᠯ᠎ᠡ ᠭᠠᠵᠠᠷ ᠤᠨ ᠬᠢᠨ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ | ᠶᠠᠪᠤᠴᠠ ᠳᠤ᠂ ᠬᠦᠰᠡᠯ ᠪᠣᠳᠣᠯ ᠢ ᠨᠢ ᠴᠢᠬᠤᠯᠠᠴᠢᠯᠠᠬᠤ ᠵᠠᠷᠴᠢᠮ ᠢ ᠢᠮᠠᠭᠲᠠ ᠪᠠᠷᠢᠮᠲᠠᠯᠠᠨ᠂ ᠮᠠᠯᠵᠢᠬᠤ ᠲᠠᠶᠢᠷᠶᠠᠯᠠᠬᠤ | ᠣᠷᠣᠨ ᠰᠠᠭᠤᠭᠠᠯᠢ ᠠᠷᠠᠳ ᠤᠨ ᠬᠦᠰᠡᠯ ᠪᠣᠳᠣᠯ ᠠᠴᠠ ᠵᠥᠷᠢᠵᠦ ᠡᠷᠦᠬᠡ ᠠᠮᠠ ᠶᠢ ᠰᠠᠨᠠᠭᠠᠨ ᠳᠤᠷ᠎ᠠ ᠪᠠᠷ ᠢᠶᠠᠨ | ᠭᠦᠢᠴᠡᠳᠬᠡᠵᠦ ᠥᠭᠬᠦ ᠶᠢ ᠴᠢᠩᠭ᠎ᠠ ᠬᠤᠷᠢᠭᠯᠠᠬᠤ ᠬᠡᠷᠡᠭᠲᠡᠢ᠂ ᠶᠠᠮᠠᠷᠪᠠ ᠰᠢᠯᠲᠠᠭᠠᠨ ᠪᠣᠯᠣᠨ ᠠᠷᠭ᠎ᠠ ᠬᠡᠯᠪᠡᠷᠢ ᠪᠠᠷ | ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠢ ᠠᠯᠪᠠᠳᠠᠵᠤ ᠪᠠᠶᠢᠭᠠᠳ ᠬᠤᠲᠠ ᠪᠠᠯᠭᠠᠰᠤᠨ ᠳᠤ ᠡᠷᠦᠬᠡ | ᠠᠮᠠ ᠶᠢ ᠨᠢ ᠣᠷᠣᠭᠤᠯᠵᠤ ᠪᠣᠯᠬᠤ ᠦᠭᠡᠢ᠃ ᠲᠤᠰ ᠬᠥᠮᠥᠨ ᠤ ᠵᠥᠪᠰᠢᠶᠡᠷᠡᠯ ᠦᠭᠡᠢ ᠪᠠᠷ ᠬᠤᠪᠢ ᠬᠥᠮᠥᠨ᠂ ᠪᠥᠬᠦ | ᠡᠷᠦᠬᠡ ᠪᠤᠶᠤ ᠪᠥᠬᠦ ᠲᠣᠰᠬᠤᠨ ᠪᠥᠬᠦ ᠨᠡᠶᠢᠭᠡᠮ ᠲᠣᠭᠤᠷᠢᠭ ᠢᠶᠠᠷ ᠡᠷᠦᠬᠡ ᠠᠮᠠ ᠶᠢ ᠨᠢ ᠨᠢᠭᠡᠳᠦᠯᠲᠡᠢ ᠪᠠᠷ ᠰᠢᠭᠤᠳ | ᠰᠢᠯᠵᠢᠭᠦᠯᠬᠦ ᠶᠢ ᠴᠢᠩᠭ᠎ᠠ ᠬᠤᠷᠢᠭᠯᠠᠨ᠎ᠠ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠦᠰᠡᠯ | ᠪᠣᠳᠣᠯ ᠢ ᠵᠥᠷᠢᠭᠰᠡᠨ ᠦᠢᠯᠡ ᠠᠵᠢᠯᠯᠠᠭ᠎ᠠ ᠪᠥᠬᠦᠨ ᠢ ᠡᠷᠡᠰ ᠲᠠᠰᠤ ᠵᠠᠯᠠᠷᠠᠭᠤᠯᠬᠤ ᠬᠡᠷᠡᠭᠲᠡᠢ᠃ | ︵ᠭᠤᠷᠪᠠ︶ ᠠᠵᠢᠯ ᠤᠨ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠨ ᠬᠢᠨ ︽ᠡᠷᠦᠬᠡ | ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠲᠠᠷᠬᠠᠭᠠᠭᠰᠠᠨ ﹇2015﹈ 104 ᠳ᠋ᠤᠭᠡᠷ ᠲᠣᠭᠠᠲᠤ︶ ᠪᠣᠯᠣᠨ ᠲᠤᠰ ᠰᠠᠨᠠᠯ ᠳᠤ ᠪᠠᠶᠢᠷᠢᠯᠠᠭᠤᠯᠤᠭᠰᠠᠨ ᠡᠷᠦᠬᠡ | ᠠᠮᠠ ᠰᠢᠯᠵᠢᠭᠦᠯᠬᠦ ᠨᠥᠬᠦᠴᠡᠯ ᠢ ᠴᠢᠩᠭ᠎ᠠ ᠵᠢᠷᠤᠮᠯᠠᠨ᠂ ᠡᠷᠦᠬᠡ ᠠᠮᠠ ᠣᠷᠣᠭᠤᠯᠬᠤ ᠳᠤ ᠪᠤᠰᠤᠳ ᠨᠥᠬᠦᠴᠡᠯ ᠨᠡᠮᠡᠵᠦ | ᠪᠣᠯᠬᠤ ᠦᠭᠡᠢ᠂ ᠣᠨᠴᠠᠭᠠᠶᠢᠯᠠᠨ ᠭᠡᠷ ᠪᠠᠶᠢᠰᠢᠩ ᠬᠤᠳᠠᠯᠳᠤᠨ ᠠᠪᠣᠭᠤᠯᠬᠤ ᠪᠠ ᠪᠡᠯᠡ ᠣᠷᠣᠭᠤᠯᠵᠤ ᠭᠠᠶᠢᠯᠢ | ᠲᠤᠰᠢᠶᠠᠭᠰᠠᠨ ᠵᠡᠷᠭᠡ ᠠᠷᠭ᠎ᠠ ᠬᠡᠯᠪᠡᠷᠢ ᠶᠢ ᠬᠡᠷᠡᠭᠯᠡᠭᠰᠡᠨ ᠡᠷᠦᠬᠡ ᠠᠮᠠ ᠣᠷᠣᠭᠤᠯᠬᠤ ᠬᠢᠵᠠᠭᠠᠷᠯᠠᠯ ᠭᠠᠷᠭᠠᠵᠤ ᠪᠣᠯᠬᠤ | ᠦᠭᠡᠢ᠃ ᠦᠢᠯᠡᠴᠢᠯᠡᠬᠦ ᠤᠬᠠᠮᠰᠠᠷ ᠪᠣᠯᠣᠨ ᠬᠠᠷᠢᠭᠤᠴᠠᠬᠤ ᠤᠬᠠᠮᠰᠠᠷ ᠢ ᠴᠢᠩᠭᠠᠷᠠᠭᠤᠯᠤᠨ᠂ ᠠᠵᠢᠯᠯᠠᠬᠤ ᠠᠷᠭ᠎ᠠ ᠪᠠᠨ | ᠰᠠᠶᠢᠵᠢᠷᠠᠭᠤᠯᠵᠤ᠂ ᠠᠵᠢᠯᠯᠠᠬᠤ ᠣᠪᠣᠷ ᠢᠶᠠᠨ ᠲᠥᠪ ᠪᠣᠯᠭᠠᠨ᠂ ᠵᠥᠪᠯᠡᠯᠭᠡ ᠠᠪᠬᠤ ᠳᠤ ᠬᠠᠷᠢᠭᠤ ᠥᠭᠬᠦ ᠪᠠ | ᠬᠦᠯᠢᠶᠡᠨ ᠠᠪᠴᠤ ᠭᠦᠢᠴᠡᠳᠬᠡᠬᠦ ᠠᠵᠢᠯ ᠳᠤ ᠪᠠᠨ ᠭᠤᠶᠤᠴᠢᠯᠠᠭᠴᠢ ᠳᠤ ᠣᠨᠣᠪᠴᠢᠲᠠᠢ᠂ ᠬᠠᠯᠠᠭᠤᠮᠰᠤᠭ ᠪᠥᠭᠡᠳ | ᠭᠦᠢᠴᠡᠳ ᠦᠢᠯᠡᠴᠢᠯᠡᠵᠦ᠂ ︽ᠬᠦᠢᠲᠡᠨ ᠴᠢᠷᠠᠶᠢᠯᠠᠨ ᠰᠢᠷᠦᠬᠦᠨ ᠤᠷᠤᠵᠦ ᠬᠥᠨᠳᠡᠯᠡᠨ ᠠᠭᠠᠰᠢᠯᠠᠨ ᠠᠵᠢᠯ ᠢᠶᠠᠨ | ᠲᠦᠯᠬᠢᠯᠴᠡᠬᠦ︾ ᠪᠠᠶᠢᠳᠠᠯ ᠭᠠᠷᠭᠠᠬᠤ ᠶᠢ ᠲᠠᠰᠤ ᠬᠤᠷᠢᠭᠯᠠᠨ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ | ᠪᠣᠯᠣᠨ ᠦᠢᠯᠡᠴᠢᠯᠡᠬᠦ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ︵ᠳᠥᠷᠪᠡ︶ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠦᠷᠨᠢᠬᠦᠯᠦᠨ᠎ᠠ᠃ ᠡᠯ᠎ᠡ ᠭᠠᠵᠠᠷ ᠣᠷᠣᠨ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠨᠢ ᠪᠣᠳᠠᠲᠠᠢ ᠲᠠᠢ ᠪᠠᠨ ᠤᠶᠠᠯᠳᠤᠭᠤᠯᠵᠤ᠂ ᠡᠯ᠎ᠡ ᠵᠦᠢᠯ ᠤᠨ ᠤᠬᠠᠭᠤᠯᠬᠤ | ᠵᠠᠭᠤᠴᠢᠯᠠᠭᠤᠷ ᠢᠶᠠᠷ ᠦᠨᠳᠦᠰᠦᠨ ᠱᠠᠲᠤᠨ ᠤ ᠥᠷᠭᠡᠨ ᠣᠯᠠᠨ ᠺᠠᠳ᠋ᠷ ᠪᠣᠯᠣᠨ ᠣᠯᠠᠨ ᠲᠦᠮᠡᠨ ᠳᠤ ᠡᠷᠦᠬᠡ ᠠᠮᠠ ᠶᠢᠨ | ᠥᠭᠡᠷᠡᠴᠢᠯᠡᠯᠲᠡ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠭᠦᠨᠵᠡᠭᠡᠢ ᠤᠬᠠᠭᠤᠯᠬᠤ | ᠬᠡᠷᠡᠭᠲᠡᠢ᠃ ᠦᠨᠳᠦᠰᠦᠨ ᠱᠠᠲᠤᠨ ᠤ ᠺᠠᠳ᠋ᠷᠴᠤᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠭᠦᠨᠵᠡᠭᠡᠢ | ᠣᠶᠢᠯᠠᠭᠠᠵᠤ ᠡᠵᠡᠮᠰᠢᠨ᠂ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠢ ᠣᠨᠣᠪᠴᠢᠲᠠᠢ ᠪᠠᠷ ᠲᠠᠶᠢᠯᠪᠤᠷᠢᠯᠠᠨ | ᠬᠠᠷᠢᠭᠤᠯᠵᠤ᠂ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠣᠯᠠᠨ | ᠲᠦᠮᠡᠨ ᠳᠤ ᠤᠶᠢᠯᠠᠭᠠᠭᠤᠯᠣᠨ ᠮᠡᠳᠡᠭᠦᠯᠬᠦ ᠪᠦᠭᠡᠳ ᠲᠡᠭᠦᠨ ᠳᠤ ᠣᠷᠣᠯᠴᠠᠭᠤᠯᠵᠤ ᠲᠡᠭᠦᠨ ᠢ ᠳᠡᠮᠵᠢᠭᠦᠯᠵᠦ᠂ ᠡᠷᠦᠬᠡ | ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ | ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠠᠨ ᠬᠡᠷᠡᠭᠵᠢᠭᠦᠯᠦᠨ᠎ᠡ᠂ ︽ᠡᠷᠦᠬᠡ ᠠᠮᠠ | ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ ᠡᠷᠦᠬᠡ ᠠᠮᠠ ᠶᠢᠨ | ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠠᠯᠪᠠᠨ ᠲᠠᠷᠬᠠᠭᠠᠭᠰᠠᠨ ﹇2016﹈ 36 ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |