ᠲᠦᠷᠦᠭᠦᠬᠡᠨ᠂ ᠥᠪᠥᠷ ᠮᠣᠩᠭᠤᠯ ᠤᠨ ᠬᠢᠯᠢ ᠪᠠᠷ ᠥᠩᠭᠡᠷᠡᠬᠦ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠶᠡᠷᠦᠩᠬᠡᠶ ᠥᠷᠲᠡᠭᠡ ᠠᠴᠠ ᠣᠶᠢᠯᠠᠭᠠᠭᠰᠠᠨ ᠢᠶᠠᠷ᠂ ᠤᠯᠤᠰ ᠤᠨ ᠨᠡᠭᠦᠳᠡᠯᠴᠢᠨ ᠠᠷᠠᠳ ᠤᠨ ᠬᠠᠮᠢᠶᠠᠷᠤᠯᠲᠠ ᠶᠢᠨ | ᠲᠣᠪᠴᠢᠶ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠤᠰ | ᠡᠳᠦᠷ ᠠᠴᠠ ᠡᠬᠢᠯᠡᠨ᠂ ᠥᠪᠥᠷ ᠮᠣᠩᠭᠤᠯ ᠤᠨ ᠬᠢᠯᠢ ᠪᠠᠷ ᠥᠩᠭᠡᠷᠡᠬᠦ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠶᠡᠷᠦᠩᠬᠡᠶ ᠥᠷᠲᠡᠭᠡ ᠶᠢᠨ ᠡᠷᠢᠶᠡᠨ ᠤ ᠬᠢᠯᠢ ᠪᠠᠷ ᠥᠩᠭᠡᠷᠡᠬᠦ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ | ᠪᠣᠯᠣᠨ ᠮᠠᠨᠵᠤᠤᠷ ᠤᠨ ᠬᠢᠯᠢ ᠪᠠᠷ ᠥᠩᠭᠡᠷᠡᠬᠦ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠳᠤ | ᠪᠣᠭᠤᠮᠲᠠ ᠶᠢᠨ ᠬᠢᠯᠢ ᠶᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ 18 ᠵᠤᠷᠪᠤᠰ ︽ᠨᠢᠭᠡ ᠪᠦᠰᠡ ᠨᠢᠭᠡ ᠵᠠᠮ︾ | ᠤᠨ ᠲᠤᠰᠬᠠᠶ ᠨᠡᠪᠲᠡᠷᠡᠯ ᠤᠨ ᠵᠠᠮ ᠲᠣᠬᠢᠷᠠᠭᠤᠯᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ | ᠪᠠᠶᠢᠭᠤᠯᠤᠯᠲᠠ ᠶᠢᠨ ᠭᠤᠤᠯᠳᠠᠯᠭ᠎ᠠ ᠲᠠᠢ ᠢᠨᠵᠧᠨᠧᠷᠢᠩ᠂ ᠴᠢᠬᠤᠯᠠ ᠶᠡᠭᠡ ᠬᠠᠮᠲᠤᠷᠠᠯᠴᠠᠭ᠎ᠠ᠂ ᠴᠢᠬᠤᠯᠠ ᠶᠡᠭᠡ | ᠲᠥᠷᠥᠯ ᠵᠦᠶᠯ ᠢ ᠬᠡᠷᠡᠭᠵᠢᠭᠦᠯᠬᠦ ᠪᠤᠶᠤ ︽ᠨᠢᠭᠡ ᠪᠦᠰᠡ ᠨᠢᠭᠡ ᠵᠠᠮ︾ ᠤᠨ ᠬᠤᠯᠪᠣᠭᠳᠠᠯ ᠪᠦᠬᠦᠢ ᠬᠤᠷᠠᠯ᠂ | ᠠᠵᠢᠯᠯᠠᠭ᠎ᠠ ᠳᠤ ᠣᠷᠤᠯᠴᠠᠬᠤ ᠳᠤᠮᠳᠠᠳᠤ ᠭᠠᠳᠠᠭᠠᠳᠤ ᠶᠢᠨ ᠬᠦᠮᠦᠨ ᠪᠠ ᠲᠡᠷᠭᠡ ᠬᠥᠰᠬᠡ ᠶᠢᠨ ᠬᠢᠯᠢ ᠶᠢᠨ | ᠪᠠᠶᠢᠴᠠᠭᠠᠯᠲᠠ ᠶᠢᠨ ᠭᠠᠷᠳᠠᠮ ᠢ ᠲᠦᠷᠭᠡᠨ ᠭᠦᠶᠴᠡᠳᠬᠡᠬᠦ ᠪᠠᠷ ᠪᠤᠢ᠃ | ᠲᠠᠨᠢᠯᠴᠠᠭᠤᠯᠤᠭᠰᠠᠨ ᠢᠶᠠᠷ᠂ 2018 ᠣᠨ ᠠᠴᠠ ᠨᠠᠭᠠᠰᠢ᠂ ᠥᠪᠥᠷ ᠮᠣᠩᠭᠤᠯ ᠤᠨ ᠬᠢᠯᠢ ᠪᠠᠷ ᠥᠩᠭᠡᠷᠡᠬᠦ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠶ ᠥᠷᠲᠡᠭᠡ ᠨᠢ ᠤᠯᠤᠰ ᠤᠨ ︽ᠨᠢᠭᠡ ᠪᠦᠰᠡ ᠨᠢᠭᠡ ᠵᠠᠮ︾ | ᠤᠨ ᠰᠠᠨᠠᠭᠠᠴᠢᠯᠠᠭ᠎ᠠ ᠪᠠ ︽ᠤᠮᠠᠷᠠᠰᠢ ᠨᠡᠭᠡᠭᠡᠯᠲᠡ ᠬᠢᠬᠦ︾ ᠪᠠᠶᠢᠯᠳᠤᠬᠤ ᠪᠣᠳᠣᠯᠭ᠎ᠠ ᠶᠢ ᠨᠢᠭᠲᠠ ᠵᠣᠯᠭᠠᠭᠤᠯᠵᠤ᠂ | ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ | ᠦᠶᠯᠡᠴᠢᠯᠡᠬᠦ ᠶᠢ ᠪᠠᠷᠢᠮᠲᠠᠯᠠᠵᠤ᠂ ᠪᠣᠭᠤᠮᠲᠠ ᠥᠩᠭᠡᠷᠡᠬᠦ ᠭᠠᠷᠳᠠᠮ ᠢ ᠳᠥᠭᠦᠮᠴᠢᠯᠡᠬᠦ᠂ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ︾᠂ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠲᠤᠬᠠᠶᠢᠯᠠᠭᠰᠠᠨ ᠠᠵᠢᠯ ᠢ ᠥᠷᠭᠡᠳᠬᠡᠬᠦ ᠵᠡᠷᠭᠡ | ᠲᠠᠯ᠎ᠠ ᠪᠠᠷ ᠥᠪᠥᠷ ᠮᠣᠩᠭᠤᠯ ᠤᠨ ᠪᠣᠭᠤᠮᠲᠠ ᠶᠢᠨ ᠥᠪᠡᠷᠮᠢᠴᠡ ᠣᠨᠴᠠᠯᠢᠭ ᠲᠠᠢ ᠦᠶᠯᠡᠴᠢᠯᠡᠭᠡᠨ ᠤ ᠠᠷᠭ᠎ᠠ | ᠬᠡᠮᠵᠢᠶ᠎ᠡ ᠶᠢ ᠲᠠᠰᠤᠷᠠᠯᠲᠠ ᠥᠬᠡᠶ ᠡᠭᠦᠳᠴᠦ᠂ ︽ᠨᠢᠭᠡ ᠪᠦᠰᠡ ᠨᠢᠭᠡ ᠵᠠᠮ︾ ᠳᠠᠭᠠᠤ ᠤᠯᠤᠰ ︵ᠭᠠᠵᠠᠷ ᠣᠷᠣᠨ︶ | ᠤᠨ ᠬᠥᠮᠦᠰ ᠤᠨ ᠪᠣᠭᠤᠮᠲᠠ ᠥᠩᠭᠡᠷᠡᠬᠦ ᠳᠤ ᠳᠥᠭᠦᠮ ᠳᠥᠲᠡ ᠦᠶᠯᠡᠴᠢᠯᠡᠭᠡ ᠬᠠᠩᠭᠠᠵᠠᠢ᠃ |