ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠠ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2019/5/6
     5 ᠳ᠋ᠤᠭᠠᠷ ᠰᠠᠷ᠎ᠠ ᠶᠢᠨ 5᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠎ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠎ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠵᠢᠴᠢ ᠢᠯᠵᠠᠷᠡᠯ ᠢ ᠡᠰᠡᠷᠬᠦᠴᠡᠬᠦ ᠠᠵᠢᠯ ᠪᠠ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠠᠬᠢᠭᠤᠯᠬᠤ ᠬᠤᠯᠪᠤᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠨᠢ᠂ ᠶᠡᠷᠦᠩᠭᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠲᠤᠬᠠᠢ ᠴᠢᠬᠤᠯᠠ ᠦᠬᠦᠯᠡᠯᠳᠠ᠂ ᠶᠡᠷᠦᠩᠭᠡᠢ ᠱᠦᠵᠢ ᠶᠢᠨ ᠲᠦᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠦᠪᠯᠡᠯ ᠤᠨ ᠬᠤᠶᠠᠳᠤᠭᠠᠷ ᠤᠳᠠᠭᠠᠨ ᠤ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ ᠪᠠ ᠲᠦᠪ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠨᠢ ᠲᠤᠭ ᠳᠡᠮᠳᠡᠭ ᠲᠤ ᠬᠤᠯᠪᠤᠭᠳᠠᠵᠦ᠂ ᠵᠠᠮ ᠱᠤᠭᠤᠮ ᠳᠤ ᠬᠤᠯᠪᠤᠭᠳᠠᠵᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠳᠤ ᠬᠤᠯᠪᠤᠭᠳᠠᠬᠤ ᠪᠤᠯᠬᠤᠷ᠂ ᠨᠢᠭᠡ ᠮᠦᠴᠡ ᠴᠦ ᠰᠤᠯᠠᠷᠠᠭᠤᠯᠵᠦ ᠪᠤᠯᠬᠤ ᠦᠭᠡᠢ᠃ ︽ᠲᠦᠷᠪᠡᠨ ᠤᠬᠠᠮᠰᠠᠷ︾᠎ ᠢᠶᠠᠨ ᠦᠨᠡᠨ ᠬᠦ ᠴᠢᠩᠭᠠᠳᠬᠠᠵᠦ᠂ ︽ᠲᠦᠷᠪᠡᠨ ᠢᠳᠡᠭᠡᠯ︾᠎ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠬᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠠᠶᠢᠪᠠᠰᠤ ᠵᠤᠬᠢᠬᠤ ᠪᠠᠶᠢᠷᠢᠨ ᠳᠤ ᠲᠠᠯᠪᠢᠵᠦ᠂ ᠠᠵᠢᠯ ᠤᠨ ᠰᠠᠨᠠᠭᠠᠴᠢᠯᠠᠭᠠᠳᠦ ᠡᠷᠭᠡ ᠶᠢ ᠪᠠᠳᠤ ᠡᠵᠡᠮᠳᠡᠬᠦ ᠭᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠᠨ ᠴᠢᠩᠭᠠᠳᠬᠠᠵᠦ᠂ ᠤᠯᠤᠰ ᠲᠦᠷᠦ ᠶᠢᠨ ᠰᠡᠷᠭᠡᠭ ᠴᠢᠨᠠᠷ ᠪᠠ ᠢᠯᠭᠠᠨ ᠲᠠᠨᠢᠬᠤ ᠴᠢᠳᠠᠪᠤᠷᠢ ᠪᠠᠨ ᠨᠡᠮᠡᠭᠳᠡᠬᠦᠯᠵᠦ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠰᠢᠨ᠎ᠠ ᠬᠤᠪᠢᠷᠠᠯᠳᠠ ᠰᠢᠨ᠎ᠠ ᠪᠠᠶᠢᠳᠠᠯ ᠤᠨ ᠲᠤᠬᠠᠢ ᠵᠠᠳᠠᠯᠤᠯᠳᠠ ᠰᠤᠳᠤᠯᠤᠯᠳᠠ ᠪᠠᠨ ᠴᠢᠩᠭᠠᠳᠬᠠᠵᠦ᠂ ᠦᠵᠡᠯ ᠤᠬᠠᠮᠰᠠᠷ ᠎ ᠤᠨ ᠭᠡᠯᠪᠡᠷᠢ ᠶᠢᠨ ᠠᠵᠢᠯ ᠤᠨ ᠴᠢᠳᠠᠪᠤᠷᠢ ᠪᠠᠨ ᠳᠡᠭᠡᠭᠰᠢᠯᠡᠬᠦᠯᠵᠦ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠪᠦᠳᠦᠮᠵᠢᠳᠠᠢ ᠬᠠᠮᠠᠭᠠᠯᠠᠬᠤ ᠭᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠤᠳᠠᠭᠠᠨ ᠤ ᠴᠢᠭᠡᠴᠢ ᠵᠠᠰᠠᠭ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠲᠦᠪ ᠴᠢᠩᠭ᠎ᠠ ᠨᠠᠶᠢᠳᠠᠪᠤᠷᠢᠵᠢᠭᠤᠯᠵᠦ᠂ ᠰᠤᠷᠳᠠᠯ ᠢ ᠴᠡᠭᠴᠡᠯᠡᠵᠦ ᠰᠠᠬᠢᠯᠭ᠎ᠠ ᠪᠠᠳᠤ ᠶᠢ ᠴᠢᠩᠳᠠᠯᠠᠬᠤ ᠶᠢ ᠡᠷᠴᠢᠮᠵᠢᠬᠦᠯᠵᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠭᠡᠷᠡᠭᠲᠡᠢ᠃ ᠠᠷᠪᠢᠯᠠᠵᠦ ᠠᠮᠢᠳᠤᠷᠠᠬᠤ ᠦᠵᠡᠯ ᠰᠠᠨᠠᠭ᠎ᠠ ᠶᠢ ᠪᠠᠳᠤ ᠪᠤᠢ ᠪᠤᠯᠭᠠᠵᠦ᠂ ᠠᠯᠢᠪᠠ ᠴᠢᠬᠤᠯᠠ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠬᠤ ᠭᠡᠷᠡᠭᠲᠡᠢ᠃ ᠭᠤᠤᠯᠳᠠᠯᠭ᠎ᠠ ᠲᠠᠢ ᠬᠦᠷᠢᠶᠡᠨ ᠳᠠᠬᠢ ᠲᠦᠪ ᠪᠤᠰᠤ ᠰᠤᠷᠳᠠᠯ ᠪᠠ ᠢᠯᠵᠠᠷᠡᠯ ᠤᠨ ᠠᠰᠠᠭᠤᠳᠠᠯ ᠢ ᠴᠢᠩᠭ᠎ᠠ ᠰᠡᠷᠭᠡᠶᠢᠯᠡᠨ ᠴᠢᠩᠭ᠎ᠠ ᠵᠠᠯᠬᠠᠭᠠᠵᠦ᠂ ᠭᠡᠯᠪᠡᠷᠢᠴᠢ ᠦᠵᠡᠯ᠂ ᠨᠤᠶᠠᠨᠴᠢ ᠰᠤᠷᠳᠠᠯ ᠢ ᠶᠡᠭᠡ ᠪᠠᠷ ᠴᠡᠭᠴᠡᠯᠡᠨ ᠵᠠᠰᠠᠵᠤ᠂ ᠦᠨᠳᠦᠰᠦᠨ ᠱᠠᠳᠤᠨ ᠤ ᠲᠠᠷᠤᠭᠠᠰᠤ ᠶᠢ ᠬᠦᠩᠭᠡᠯᠡᠬᠦ ᠲᠤᠬᠠᠢ ᠲᠦᠪ ᠤᠨ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠦ᠂ ᠤᠳᠤᠷᠢᠳᠬᠤ ᠺᠠᠳ᠋ᠷ ᠢᠯᠠᠩᠭᠤᠶ᠎ᠠ ᠭᠤᠤᠯ ᠤᠳᠤᠷᠢᠳᠬᠤ ᠨᠦᠬᠦᠳ ᠲᠦᠷᠦᠬᠦᠯᠡᠨ ᠬᠠᠤᠯᠢᠵᠢᠯ ᠤᠨ ᠪᠦᠳᠦᠭᠡᠨ ᠪᠠᠶᠢᠭᠤᠯᠤᠯᠳᠠ ᠶᠢ ᠠᠳᠬᠤᠵᠦ᠂ ᠲᠦᠷᠦᠬᠦᠯᠡᠨ ᠬᠠᠤᠯᠢ ᠪᠠᠷ ᠵᠠᠰᠠᠭ ᠶᠠᠪᠤᠭᠤᠯᠬᠤ ᠭᠡᠷᠡᠭᠲᠡᠢ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号