5 ᠳ᠋ᠤᠭᠠᠷ ᠰᠠᠷ᠎ᠠ ᠶᠢᠨ 5 ᠤ ᠡᠳᠤᠷ ᠤᠨ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠪᠠᠶᠢᠩᠭᠤ ᠶᠢᠨ ᠬᠤᠷᠢᠶ᠎ᠠ ᠬᠤᠷᠠᠯ ᠬᠢᠵᠤ᠂ ᠨᠠᠮ ᠤᠨ ᠲᠦᠪ ᠬᠤᠷᠢᠶᠠᠨ ᠤ 2018 ᠤᠨ ᠤ ᠶᠠᠳᠠᠭᠤ ᠠᠴᠠ | ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠦᠷ᠎ᠠ ᠪᠦᠳᠦᠮᠵᠢ ᠶᠢ ᠬᠢᠨᠡᠨ ᠰᠢᠯᠭᠠᠬᠤ ᠲᠤᠬᠠᠢ ᠬᠤᠯᠪᠤᠭᠳᠠᠯ | ᠪᠦᠬᠦᠢ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠢ | ᠰᠤᠳᠤᠯᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠮᠤᠭ ᠤᠨ ᠴᠢᠩᠭ᠎ᠠ ᠬᠢᠨᠠᠮᠠᠭᠠᠢ ᠬᠢᠨᠡᠨ ᠰᠢᠯᠭᠠᠵᠦ ᠦᠨᠡᠯᠡᠬᠦ | ᠲᠦᠷᠢᠮ ᠢ ᠭᠡᠷᠡᠭᠵᠢᠬᠦᠯᠬᠦ ᠪᠤᠯ ᠨᠠᠮ ᠤᠨ ᠲᠦᠪ ᠬᠤᠷᠢᠶᠠᠨ ᠤ ᠲᠤᠶᠢᠯ ᠤᠨ ᠤᠨᠤᠪᠴᠢᠳᠠᠢ ᠪᠠᠷ ᠶᠠᠳᠠᠭᠤ ᠶᠢ ᠳᠡᠳᠬᠦᠬᠦ | ᠲᠤᠶᠢᠯ ᠤᠨ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠷᠭ᠎ᠠ ᠪᠤᠳᠤᠯᠭ᠎ᠠ ᠶᠢ ᠨᠠᠶᠢᠳᠠᠪᠤᠷᠢᠵᠢᠭᠤᠯᠬᠤ | ᠴᠢᠬᠤᠯᠠ ᠠᠷᠭ᠎ᠠ ᠭᠡᠮᠵᠢᠶ᠎ᠠ ᠪᠤᠯᠤᠨ᠎ᠠ᠃ ᠨᠢᠳᠤᠨᠤᠨ ᠠᠴᠠ ᠨᠠᠭᠠᠰᠢ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠪᠠ ᠵᠠᠰᠠᠭ ᠤᠨ ᠤᠷᠳᠤᠨ ᠨᠠᠮ ᠤᠨ ᠲᠦᠪ ᠬᠤᠷᠢᠶᠠᠨ ᠤ 2017 ᠤᠨ ᠤ ᠶᠠᠳᠠᠭᠤ ᠠᠴᠠ | ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠦᠷ᠎ᠠ ᠪᠦᠳᠦᠮᠵᠢ ᠶᠢ ᠬᠢᠨᠡᠨ ᠰᠢᠯᠭᠠᠬᠤ ᠲᠤᠬᠠᠢ ᠬᠤᠯᠪᠤᠭᠳᠠᠯ | ᠪᠦᠬᠦᠢ ᠵᠤᠷᠢᠭ ᠰᠠᠨᠠᠭ᠎ᠠ ᠶᠢ ᠬᠦᠨᠵᠡᠭᠡᠢ ᠨᠡᠶᠢᠳᠠᠪᠤᠷᠢᠵᠢᠭᠤᠯᠵᠦ᠂ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠪᠠᠷ | ᠭᠤᠤᠯᠳᠠᠯᠭ᠎ᠠ ᠪᠤᠯᠭᠠᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠢ ᠪᠦᠬᠦ | ᠬᠦᠴᠦᠨ ᠢᠶᠠᠷ ᠰᠠᠶᠢᠳᠤᠷ ᠬᠢᠵᠦ᠂ ᠪᠦᠬᠦ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ | ᠯᠠᠪᠳᠠᠭᠤᠨ ᠪᠠᠳᠤᠳᠠᠢ ᠠᠯᠬᠤᠭ᠎ᠠ ᠶᠢ ᠠᠯᠬᠤᠵᠦ᠂ ᠬᠢᠯᠪᠠᠷ ᠪᠤᠰᠤ ᠠᠮᠵᠢᠯᠳᠠ ᠤᠯᠵᠠᠢ᠃ ᠡᠬᠦᠨ ᠤ ᠵᠡᠷᠭᠡ ᠪᠠᠷ ᠮᠠᠨ ᠤ | ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠳᠤᠮᠳᠠ ᠪᠠᠰᠠ ᠮᠠᠰᠢ ᠤᠯᠠᠨ ᠠᠰᠠᠭᠤᠳᠠᠯ | ᠪᠠ ᠵᠦᠷᠢᠶ᠎ᠠ ᠤᠷᠤᠰᠢᠵᠦ ᠪᠠᠶᠢᠬᠤ ᠶᠢ ᠨᠡᠩ ᠰᠡᠷᠭᠡᠭ ᠢᠶᠠᠷ ᠲᠠᠨᠢᠵᠦ᠂ ᠡᠷᠭᠡᠪᠰᠢ ᠳᠡᠭᠡᠳᠦ ᠭᠡᠮᠵᠢᠶ᠎ᠠ ᠪᠠᠷ ᠰᠡᠷᠡᠮᠵᠢ ᠲᠠᠢ | ᠪᠠᠶᠢᠬᠤ ᠭᠡᠷᠡᠭᠲᠡᠢ᠃ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠤᠳ ᠦᠵᠡᠯ ᠰᠠᠨᠠᠭ᠎ᠠ ᠪᠠ ᠤᠯᠤᠰ ᠲᠦᠷᠦ ᠶᠢᠨ | ᠲᠠᠯ᠎ᠠ ᠪᠠᠷ ᠬᠦᠨᠵᠡᠭᠡᠢ ᠲᠤᠩᠭᠠᠨ ᠪᠤᠳᠤᠯᠬᠢᠯᠠᠵᠦ᠂ ︽ᠲᠦᠷᠪᠡᠨ ᠤᠬᠠᠮᠰᠠᠷ︾ ᠶᠢᠨ ᠴᠢᠩᠭᠠᠳᠬᠠᠵᠦ᠂ ︽ᠲᠦᠷᠪᠡᠨ | ᠢᠳᠡᠭᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠦ᠂ ᠨᠠᠮ ᠤᠨ ᠲᠦᠪ | ᠬᠤᠷᠢᠶ᠎ᠠ ᠲᠠᠢ ᠨᠢᠭᠡᠳᠦᠯᠳᠠᠢ ᠪᠠᠶᠢᠵᠦ᠂ ᠶᠡᠷᠦᠩᠭᠡᠢ ᠱᠦᠵᠢ ᠰᠢ ᠶᠢᠨ ᠫᠢᠩ ᠲᠠᠢ ᠨᠢᠭᠡᠳᠦᠯᠳᠠᠢ ᠪᠠᠶᠢᠵᠦ᠂ ᠠᠰᠠᠭᠤᠳᠠᠯ | ᠢ ᠴᠡᠭᠴᠡᠯᠡᠨ ᠰᠠᠶᠢᠵᠢᠷᠠᠭᠤᠯᠬᠤ ᠶᠢ ᠨᠡᠩ ᠢᠯᠡᠬᠦᠦ ᠴᠢᠬᠤᠯᠠᠴᠢᠯᠠᠨ᠂ ᠨᠡᠩ ᠶᠡᠭᠡ ᠬᠦᠴᠦᠯᠡᠴᠡ ᠪᠠᠷ ᠠᠬᠢᠭᠤᠯᠵᠦ᠂ | ᠪᠤᠳᠠᠳᠤ ᠠᠵᠢᠯᠯᠠᠭ᠎ᠠ ᠪᠠ ᠦᠷ᠎ᠠ ᠪᠦᠲᠦᠮᠵᠢ ᠪᠠᠷ ᠦᠨᠡᠨᠴᠢ ᠰᠢᠳᠤᠷᠭᠤ ᠪᠠ ᠬᠠᠷᠢᠭᠤᠴᠠᠯᠭ᠎ᠠ ᠡᠬᠦᠷᠭᠡᠯᠡᠯ ᠲᠠᠢ | ᠪᠠᠶᠢᠬᠤ ᠶᠢ ᠲᠤᠰᠬᠠᠬᠤ ᠭᠡᠷᠡᠭᠲᠡᠢ ᠭᠡᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠦᠪ ᠤᠨ ᠮᠠᠨ ᠤ ᠤᠷᠤᠨ ᠤ 2018 ᠤᠨ ᠤ ᠶᠠᠳᠠᠭᠤ ᠠᠴᠠ | ᠠᠩᠬᠢᠵᠢᠷᠠᠭᠤᠯᠬᠤ ᠰᠢᠪᠳᠤᠯᠤᠯᠳᠠ ᠶᠢᠨ ᠦᠷ᠎ᠠ ᠪᠦᠳᠦᠮᠵᠢ ᠶᠢ ᠬᠢᠨᠡᠨ ᠰᠢᠯᠭᠠᠬᠤ ᠳᠤᠮᠳᠠ ᠢᠯᠡᠷᠡᠬᠦᠯᠦᠭᠰᠡᠨ | ᠠᠰᠠᠭᠤᠳᠠᠯ ᠤᠨ ᠲᠤᠭᠤᠷᠢᠨ ᠳᠤ᠂ ᠴᠡᠭᠴᠡᠯᠡᠨ ᠰᠠᠶᠢᠵᠢᠷᠠᠭᠤᠯᠬᠤ ᠲᠦᠰᠦᠯ ᠢ ᠨᠠᠷᠢᠨ ᠬᠢᠨᠠᠮᠠᠭᠠᠢ ᠰᠤᠳᠤᠯᠤᠨ | ᠲᠤᠭᠳᠠᠭᠠᠵᠦ᠂ ᠠᠰᠠᠭᠤᠳᠠᠯ ᠤᠨ ᠨᠠᠷᠢᠨ ᠲᠠᠩᠰᠠ᠂ ᠡᠬᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ | ᠲᠠᠩᠰᠠ ᠶᠢ ᠳᠤᠳᠤᠷᠬᠠᠶᠢᠯᠠᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠨ ᠬᠦᠴᠦᠳᠠᠢ ᠠᠬᠢᠭᠤᠯᠬᠤ ᠭᠡᠷᠡᠭᠲᠡᠢ᠃ | ᠡᠨᠡ ᠤᠳᠠᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠦᠷ᠎ᠠ ᠪᠦᠳᠦᠮᠵᠢ ᠶᠢ | ᠬᠢᠨᠡᠨ ᠰᠢᠯᠭᠠᠵᠤ ᠴᠡᠭᠴᠡᠯᠡᠨ ᠰᠠᠶᠢᠵᠢᠷᠠᠭᠤᠯᠬᠤ ᠪᠤᠯᠤᠨ ᠲᠦᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ | ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠴᠡᠭᠴᠡᠯᠡᠨ ᠰᠠᠶᠢᠵᠢᠷᠠᠭᠤᠯᠬᠤ ᠲᠠᠢ ᠨᠢᠬᠳᠠ ᠤᠶᠠᠯᠳᠤᠭᠤᠯᠵᠦ᠂ ᠨᠢᠭᠡ | ᠴᠤᠬᠴᠠ ᠪᠠᠷ ᠠᠬᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠠᠩᠬᠠᠷᠤᠯ ᠢᠶᠠᠨ ᠲᠦᠪᠯᠡᠷᠡᠬᠦᠯᠦᠨ | ᠬᠦᠴᠦ ᠪᠠᠨ ᠲᠦᠪᠯᠡᠷᠡᠬᠦᠯᠬᠦ᠂ ᠦᠨᠳᠦᠷ ᠴᠢᠨᠠᠷ ᠴᠢᠨᠰᠠᠭ᠎ᠠ ᠦᠨᠳᠦᠷ ᠦᠷ᠎ᠠ ᠪᠦᠳᠦᠮᠵᠢᠳᠠᠢ ᠪᠠᠶᠢᠬᠤ ᠶᠢ ᠪᠠᠳᠤᠯᠠᠬᠤ | ᠭᠡᠷᠡᠭᠲᠡᠢ᠃ ︽ᠬᠤᠶᠠᠷ ᠢ ᠪᠠᠳᠤᠯᠠᠬᠤ︾ ᠬᠠᠷᠠᠯᠳᠠ ᠪᠠ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ | ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ ᠶᠢ ᠪᠠᠳᠤ ᠪᠠᠷᠢᠮᠳᠠᠯᠠᠵᠦ᠂ ᠲᠤᠶᠢᠯ ᠤᠨ ᠤᠨᠤᠪᠴᠢᠳᠠᠢ ᠪᠠᠷ ᠶᠠᠳᠠᠭᠤ ᠶᠢ | ᠳᠡᠳᠬᠦᠬᠦ ᠲᠤᠶᠢᠯ ᠤᠨ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠷᠭ᠎ᠠ ᠪᠤᠳᠤᠯᠭ᠎ᠠ ᠶᠢ ᠬᠦᠨᠵᠡᠭᠡᠢ | ᠭᠡᠷᠡᠭᠵᠢᠬᠦᠯᠵᠦ᠂ ︽ᠶᠠᠳᠠᠭᠤ ᠠᠴᠠ ᠠᠩᠬᠢᠵᠢᠷᠠᠬᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ | ᠠᠩᠬᠢᠵᠢᠷᠠᠬᠰᠠᠨ ᠴᠤ ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ | ᠬᠠᠪᠰᠤᠷᠤᠨ ᠲᠡᠳᠭᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠢᠨᠠᠯᠳᠠ ᠬᠠᠮᠢᠶᠠᠷᠤᠯᠳᠠ ᠪᠠᠨ | ᠰᠤᠯᠠᠷᠠᠭᠤᠯᠬᠤ ᠦᠭᠡᠢ︾ ᠪᠠᠶᠢᠬᠤ ᠱᠠᠭᠠᠷᠳᠠᠯᠭ᠎ᠠ ᠶᠢ ᠲᠦᠪ ᠴᠢᠩᠭ᠎ᠠ ᠨᠠᠶᠢᠳᠠᠪᠤᠷᠢᠵᠢᠭᠤᠯᠵᠦ᠂ ᠶᠠᠳᠠᠭᠤ ᠠᠴᠠ | ᠠᠩᠬᠢᠵᠢᠷᠠᠭᠤᠯᠤᠭᠰᠠᠠ ᠦᠷ᠎ᠠ ᠪᠦᠳᠦᠮᠵᠢ ᠶᠢ ᠳᠠᠰᠤᠷᠠᠯᠳᠠ ᠦᠭᠡᠢ ᠪᠠᠭᠢᠵᠢᠬᠦᠯᠵᠦ᠂ ᠰᠢᠢᠳᠪᠤᠷᠢᠳᠦ ᠱᠠᠳᠤᠨ ᠤ | ᠵᠠᠩᠬᠢᠯᠠᠭ᠎ᠠ ᠶᠢᠨ ᠬᠤᠭᠤᠴᠠᠭᠠᠨ ᠳᠤ ᠤᠷᠤᠬᠰᠠᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ | ᠪᠦᠬᠦ ᠲᠠᠯ᠎ᠠ ᠪᠠᠷ ᠬᠦᠨᠵᠡᠭᠡᠢ ᠰᠠᠶᠢᠳᠤᠷ ᠬᠢᠬᠦ ᠭᠡᠷᠡᠭᠲᠡᠢ ᠭᠡᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠪᠡᠷᠲᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ | ᠤᠳᠤᠷᠢᠳᠬᠤ ᠨᠦᠬᠦᠳ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠪᠠ ᠴᠡᠭᠴᠡᠯᠡᠨ ᠰᠠᠶᠢᠵᠢᠷᠠᠭᠤᠯᠬᠤ | ᠠᠵᠢᠯ ᠢ ᠲᠦᠷᠦᠬᠦᠯᠡᠨ ᠰᠠᠶᠢᠳᠤᠷ ᠠᠳᠬᠤᠵᠦ᠂ ᠠᠶᠢᠮᠠᠬ ᠬᠤᠳᠠ᠂ ᠬᠤᠰᠢᠭᠤ ᠰᠢᠶᠠᠨ ᠤ ᠨᠠᠮ ᠵᠠᠰᠠᠭ ᠤᠨ ᠭᠤᠤᠯ | ᠬᠠᠷᠢᠭᠤᠴᠠᠯᠭᠠᠲᠠᠨ ᠨᠦᠬᠦᠳ ᠨᠡᠩ ᠤᠯᠠᠨ ᠤᠶᠤᠨ ᠤᠬᠠᠭᠠᠨ ᠬᠦᠴᠦᠨ ᠴᠢᠳᠠᠯ ᠪᠤᠯᠤᠨ ᠡᠬᠢ ᠪᠠᠶᠠᠯᠢᠭ ᠢ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠳᠤᠮᠳᠠ ᠤᠷᠤᠭᠤᠯᠵᠦ᠂ ᠦᠪᠡᠷᠲᠡᠭᠡᠨ ᠵᠠᠰᠠᠬᠤ | ᠤᠷᠤᠨ ᠤ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠦᠬᠦᠳ ᠶᠠᠳᠠᠭᠤ ᠠᠴᠠ | ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠠᠬᠢᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠳᠤᠮᠳᠠᠬᠢ ᠴᠢᠬᠤᠯᠠ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠦ᠂ ᠡᠯ᠎ᠠ ᠱᠠᠳᠤᠨ ᠤ ᠤᠳᠤᠷᠢᠳᠬᠤ | ᠺᠠᠳ᠋ᠷ ᠨᠠᠷ ᠬᠠᠷᠢᠭᠤᠴᠠᠯᠭ᠎ᠠ ᠡᠬᠦᠷᠭᠡᠯᠡᠨ᠂ ᠰᠤᠷᠳᠠᠯ ᠢᠶᠠᠨ ᠬᠤᠪᠢᠷᠠᠭᠤᠯᠵᠦ᠂ ᠶᠠᠳᠠᠭᠤ ᠠᠴᠠ ᠠᠩᠬᠢᠵᠢᠷᠠᠭᠤᠯᠬᠤ | ᠰᠢᠪᠳᠤᠯᠤᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠵᠦ ᠢᠯᠠᠯᠳᠠ ᠤᠯᠬᠤ ᠳᠤ ᠬᠦᠴᠦᠳᠠᠢ ᠪᠠᠳᠤᠯᠠᠭ᠎ᠠ ᠬᠠᠩᠭᠠᠬᠤ | ᠭᠡᠷᠡᠭᠲᠡᠢ᠃ ᠴᠢᠩᠭ᠎ᠠ ᠬᠢᠨᠠᠮᠠᠭᠠᠢ ᠬᠢᠨᠡᠨ ᠰᠢᠯᠭᠠᠵᠤ ᠦᠨᠡᠯᠡᠬᠦ ᠲᠦᠷᠢᠮ ᠢ ᠭᠡᠷᠡᠭᠵᠢᠬᠦᠯᠵᠦ᠂ ᠵᠤᠷᠢᠬᠵᠢᠭᠤᠯᠬᠤ ᠪᠠ | ᠬᠠᠷᠢᠭᠤᠴᠠᠯᠭ᠎ᠠ ᠲᠤᠯᠭᠠᠬᠤ ᠬᠦᠴᠦᠯᠡᠴᠡ ᠪᠠᠨ ᠨᠡᠮᠡᠭᠳᠡᠬᠦᠯᠵᠦ᠂ ᠨᠠᠮ ᠤᠨ ᠪᠠᠶᠢᠭᠤᠯᠤᠯᠳᠠ ᠶᠢ ᠠᠳᠬᠤᠬᠤ ᠪᠠᠷ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠬᠦᠨᠵᠡᠭᠡᠢ ᠠᠬᠢᠭᠤᠯᠵᠦ᠂ ᠦᠨᠳᠦᠰᠦᠨ ᠱᠠᠳᠤᠨ ᠤ | ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠪᠠ ᠲᠤᠰᠬᠤᠨ ᠳᠤ ᠰᠠᠭᠤᠭ᠎ᠠ ᠺᠠᠳ᠋ᠷ ᠤᠨ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠵᠦ᠂ ᠡᠯ᠎ᠠ ᠲᠠᠯ᠎ᠠ ᠶᠢᠨ ᠬᠢᠨ ᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ᠂ | ᠶᠠᠳᠠᠭᠤ ᠠᠴᠠ ᠠᠩᠬᠢᠵᠢᠷᠠᠭᠤᠯᠬᠤ ᠶᠢ ᠠᠬᠢᠭᠤᠯᠬᠤ ᠤᠬᠠᠮᠰᠠᠷᠳᠦ ᠴᠢᠨᠠᠷ ᠪᠠ ᠰᠠᠨᠠᠭᠠᠴᠢᠯᠠᠭᠠᠳᠦ ᠴᠢᠨᠠᠷ ᠢ | ᠵᠤᠷᠢᠬᠵᠢᠭᠤᠯᠤᠨ ᠲᠠᠶᠢᠴᠢᠯᠠᠬᠤ ᠬᠡᠷᠡᠭᠲᠡᠢ᠃ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠡᠭᠡᠷᠯᠡᠨ | ᠬᠤᠷᠢᠬᠯᠠᠵᠤ᠂ ᠠᠰᠠᠭᠤᠳᠠᠯ ᠢ ᠦᠨᠡᠨ ᠪᠤᠳᠠᠳᠠᠢ ᠰᠢᠢᠳᠪᠤᠷᠢᠯᠡᠨ᠂ ᠦᠨᠳᠦᠰᠦᠨ ᠱᠠᠳᠤᠨ ᠤ ᠳᠠᠷᠤᠭᠠᠰᠦ ᠶᠢ | ᠨᠡᠮᠡᠭᠳᠡᠬᠦᠯᠬᠦ ᠶᠢ ᠰᠡᠷᠭᠡᠶᠢᠯᠡᠬᠦ ᠭᠡᠷᠡᠭᠲᠡᠢ ᠭᠡᠵᠠᠢ᠃ |