ᠥᠪᠥᠷ ᠵᠠᠰᠠᠭ ᠠᠯᠪᠠᠨ ᠲᠠᠷᠬᠠᠭᠠᠭᠰᠠᠨ ﹇2018﹈ 92 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠲᠣᠭᠲᠠᠭᠤᠨ ᠢ | ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠲᠣᠭᠲᠠᠭᠤᠨ ᠢ | ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠥᠷᠢᠮ | | ᠨᠢᠭᠡᠳᠦᠭᠡᠷ ᠵᠦᠢᠯ ᠪᠦᠬᠦ ᠲᠠᠯ᠎ᠠ ᠶᠢᠨ ᠵᠢᠷᠤᠮᠵᠢᠭᠤᠨ ᠪᠦᠭᠡᠳ ᠢᠯᠡ ᠲᠣᠳᠣ᠂ ᠪᠠᠷᠢᠮᠵᠢᠶᠠᠵᠢᠭᠤᠨ | ᠰᠢᠨᠵᠢᠯᠡᠬᠦ ᠤᠬᠠᠭᠠᠨᠴᠢ᠂ ᠬᠢᠵᠠᠭᠠᠷᠯᠠᠬᠤ ᠬᠦᠴᠦᠨ ᠲᠠᠢ ᠲᠥᠰᠦᠪ ᠤᠨ ᠳᠥᠷᠢᠮ ᠢ ᠪᠠᠶᠢᠭᠤᠯᠵᠤ᠂ ᠣᠨ ᠵᠢᠯ | ᠠᠯᠤᠰᠯᠠᠭᠰᠠᠨ ᠲᠥᠰᠥᠪ ᠤᠨ ᠲᠡᠩᠴᠡᠭᠦᠷᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠰᠥᠪ ᠤᠨ | ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠪᠠᠶᠢᠭᠤᠯᠬᠤ᠂ ᠲᠣᠬᠢᠷᠠᠭᠤᠯᠬᠤ ᠪᠠ ᠬᠡᠷᠡᠭᠯᠡᠬᠦ ᠶᠢ | ᠵᠢᠷᠤᠮᠵᠢᠭᠤᠯᠬᠤ ᠶᠢᠨ ᠲᠣᠰᠠᠳᠠ᠂ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠲᠥᠰᠥᠪ ᠤᠨ ᠬᠠᠤᠯᠢ | ︾ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠬᠠᠤᠯᠢ︾ ᠵᠢᠴᠢ ᠡᠳ᠋ ᠤᠨ ᠵᠠᠰᠠᠭ ᠤᠨ ᠶᠠᠮᠤᠨ ᠤ ︽︿ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ | ᠮᠦᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ | ︵ᠡᠳ᠋ ᠳᠥᠰᠥᠪ ﹇2018﹈ 35 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ | ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠤᠳ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠥᠰᠥᠪ ᠤᠨ ᠲᠣᠭᠲᠠᠭᠤᠨ ᠢ ᠲᠣᠬᠢᠷᠠᠭᠤᠯᠬᠤ | ᠰᠠᠭᠤᠷᠢ ᠮᠦᠩᠭᠦ ᠪᠣᠯ ᠬᠤᠷᠸ᠎ᠠ ᠲᠣᠬᠢᠷᠠᠭᠤᠯᠤᠯᠲᠠ ᠶᠢᠨ ᠬᠠᠷᠠᠯᠲᠠ ᠶᠢ ᠪᠡᠶᠡᠯᠡᠭᠦᠯᠵᠦ᠂ ᠣᠨ ᠵᠢᠯ ᠤᠨ | ᠬᠤᠭᠤᠷᠣᠨᠳᠤᠬᠢ ᠵᠠᠰᠠᠭ ᠤᠨ ᠣᠷᠳᠣᠨ ᠤ ᠲᠥᠰᠥᠪ ᠤᠨ ᠵᠤᠯᠭᠠᠭᠤᠯᠲᠠ ᠪᠠ ᠲᠣᠭᠲᠠᠭᠤᠨ ᠢ ᠪᠠᠲᠤᠯᠠᠬᠤ ᠶᠢᠨ | ᠲᠤᠰᠠᠳᠠ᠂ ᠡᠯ᠎ᠡ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠪᠠᠶᠢᠭᠤᠯᠤᠭᠰᠠᠨ ᠨᠦᠬᠡᠴᠡ ᠶᠢᠨ | ᠴᠢᠨᠠᠷᠲᠠᠢ ᠪᠡᠯᠡ ᠮᠦᠩᠭᠦ ᠶᠢ ᠵᠢᠭᠠᠵᠤ ᠪᠠᠶᠢᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ | ᠮᠦᠩᠭᠦ ᠶᠢᠨ ᠲᠥᠰᠥᠪ᠂ ᠤᠯᠤᠰ ᠤᠨ ᠦᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠥᠪ ᠪᠠ ᠨᠡᠶᠢᠭᠡᠮ ᠤᠨ | ᠳᠠᠭᠠᠳᠬᠠᠯ ᠤᠨ ᠰᠠᠭᠤᠷᠢ ᠮᠦᠩᠭᠦ ᠶᠢᠨ ᠲᠥᠰᠥᠪ ᠲᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ | ᠮᠦᠩᠭᠦ ᠪᠠᠶᠢᠭᠤᠯᠵᠤ ᠪᠣᠯᠬᠤ ᠦᠭᠡᠢ᠃ | ᠭᠤᠷᠪᠠᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠨᠢ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠶᠢᠭᠤᠯᠬᠤ᠂ ᠲᠣᠬᠢᠷᠠᠭᠤᠯᠬᠤ ᠪᠠ | ᠬᠡᠷᠡᠭᠯᠡᠬᠦ ᠪᠣᠳᠠᠲᠠᠢ ᠲᠥᠰᠥᠯ ᠢ ᠳᠤᠷᠠᠳᠬᠤ ᠶᠢ ᠬᠠᠷᠢᠭᠤᠴᠠᠵᠤ᠂ ᠠᠳᠠᠯᠢ ᠱᠠᠲᠤᠨ ᠤ ᠵᠠᠰᠠᠭ ᠤᠨ ᠣᠷᠳᠣᠨ ᠳᠤ | ᠮᠡᠳᠡᠭᠦᠯᠵᠦ ᠵᠦᠪᠰᠢᠶᠡᠷᠡᠭᠦᠯᠦᠭᠰᠡᠨ ᠤ ᠳᠠᠷᠠᠭ᠎ᠠ᠂ ᠲᠤᠰ ᠱᠠᠲᠤᠨ ᠤ ᠲᠦᠰᠦᠪ ᠪᠠ ᠲᠥᠰᠥᠪ ᠤᠨ ᠭᠦᠢᠴᠡᠳᠭᠡᠯ ᠤᠨ | ᠡᠬᠡ ᠲᠥᠰᠥᠯ ᠪᠣᠶᠤ ᠲᠤᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠳᠤ ᠨᠠᠶᠢᠷᠠᠭᠤᠯᠤᠨ | ᠣᠷᠤᠭᠤᠯᠬᠤ ᠬᠡᠷᠡᠭᠲᠡᠢ᠃ | ᠳᠥᠷᠪᠡᠳᠦᠭᠡᠷ ᠵᠦᠢᠯ ᠡᠩ ᠤᠨ ᠤᠯᠠᠨ ᠨᠡᠶᠢᠲᠡ ᠶᠢᠨ ᠲᠥᠰᠥᠪ ᠤᠨ ᠬᠡᠲᠦ ᠣᠷᠣᠯᠭ᠎ᠠ ᠪᠠ ᠵᠠᠷᠤᠯᠭ᠎ᠠ ᠶᠢᠨ | ᠥᠯᠡᠳᠡᠪᠦᠷᠢ ᠪᠡᠯᠡ ᠮᠦᠩᠭᠦ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠣᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ ᠥᠪᠡᠰᠦᠪᠡᠨ | ᠲᠣᠬᠢᠷᠠᠭᠤᠯᠤᠨ ᠬᠡᠷᠡᠭᠯᠡᠵᠦ ᠪᠣᠯᠣᠨ᠎ᠠ᠃ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠤᠨ ᠤ ᠥᠪᠡᠷᠲᠡᠭᠡᠨ ᠵᠠᠰᠠᠬᠤ | ᠬᠤᠰᠢᠭᠤ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠬᠡᠲᠦ ᠣᠷᠤᠯᠭ᠎ᠠ ᠪᠠ ᠵᠠᠷᠤᠯᠭ᠎ᠠ ᠶᠢᠨ ᠦᠯᠡᠳᠡᠪᠦᠷᠢ | ᠪᠡᠯᠡ ᠮᠦᠩᠭᠦ ᠶᠢ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠶᠤ | ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ ᠥᠪᠡᠰᠦᠪᠡᠨ | ᠲᠣᠬᠢᠷᠠᠭᠤᠯᠤᠨ ᠬᠡᠷᠡᠭᠯᠡᠵᠦ ᠪᠣᠯᠣᠨ᠎ᠠ᠃ ᠲᠥᠰᠥᠪ ᠤᠨ ᠲᠣᠬᠢᠷᠠᠭᠤᠯᠤᠯᠲᠠ ᠳᠤ ᠬᠤᠯᠪᠤᠭᠳᠠᠭᠰᠠᠨ ᠪᠠᠶᠢᠪᠠᠯ | ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠳᠤ ᠵᠢᠭᠰᠠᠭᠠᠨ ᠣᠷᠤᠭᠤᠯᠬᠤ ᠶᠢᠨ ᠬᠠᠮᠲᠤ᠂ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠬᠢᠨᠠᠨ | ᠪᠠᠶᠢᠴᠠᠭᠠᠯᠭᠠᠬᠤ ᠪᠠ ᠵᠦᠪᠰᠢᠶᠡᠷᠡᠭᠦᠯᠬᠦ ᠬᠡᠷᠡᠭᠲᠡᠢ᠃ | | ᠬᠤᠶᠠᠳᠤᠭᠠᠷ ᠪᠦᠯᠦᠭ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ | ᠮᠦᠩᠭᠦ ᠶᠢ ᠪᠠᠶᠢᠭᠤᠯᠬᠤ ᠪᠠ ᠲᠣᠬᠢᠷᠠᠭᠤᠯᠬᠤ | | | ᠲᠠᠪᠤᠳᠤᠭᠠᠷ ᠵᠦᠢᠯ ᠡᠩ ᠤᠨ ᠣᠯᠠᠨ ᠨᠡᠶᠢᠲᠡ ᠶᠢᠨ ᠲᠥᠰᠥᠪ ᠤᠨ ᠬᠡᠳᠦ ᠣᠷᠣᠯᠭ᠎ᠠ ᠶᠢ ᠥᠷᠢ ᠥᠭᠴᠡᠭᠡ | ᠲᠥᠯᠥᠬᠦ᠂ ᠤᠯᠠᠭᠠᠨ ᠲᠤᠭ᠎ᠠ ᠶᠢ ᠲᠤᠯᠭᠠᠨ ᠬᠠᠰᠤᠬᠤ ᠪᠣᠶᠤ ᠬᠡᠷᠡᠭᠯᠡᠬᠦ ᠪᠠᠷ ᠲᠣᠬᠢᠷᠠᠭᠤᠯᠬᠤ ᠠᠴᠠ ᠭᠠᠳᠠᠨ᠎ᠠ᠂ | ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠶᠢᠭᠤᠯᠬᠤ ᠪᠣᠶᠤ ᠲᠣᠬᠢᠷᠠᠭᠤᠯᠬᠤ ᠳᠤ ᠬᠡᠷᠡᠭᠯᠡᠬᠦ | ᠬᠡᠷᠡᠭᠲᠡᠢ᠃ | ᠵᠢᠷᠭᠤᠳᠤᠭᠠᠷ ᠵᠦᠢᠯ ᠡᠩ ᠤᠨ ᠣᠯᠠᠨ ᠨᠡᠶᠢᠲᠡ ᠶᠢᠨ ᠲᠥᠰᠥᠪ ᠤᠨ ᠦᠯᠡᠳᠡᠪᠦᠷᠢ ᠪᠡᠯᠡ ᠮᠦᠩᠭᠦ ᠶᠢ | ᠲᠣᠬᠢᠷᠠᠭᠤᠯᠤᠨ ᠬᠡᠷᠡᠭᠯᠡᠬᠦ ᠠᠴᠠ ᠭᠠᠳᠠᠨ᠎ᠠ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ | ᠪᠠᠶᠢᠭᠤᠯᠬᠤ ᠪᠣᠶᠤ ᠲᠣᠬᠢᠷᠠᠭᠤᠯᠬᠤ ᠳᠤ ᠬᠡᠷᠡᠭᠯᠡᠬᠦ ᠬᠡᠷᠡᠭᠲᠡᠢ᠃ | ᠡᠩ ᠤᠨ ᠣᠯᠠᠨ ᠨᠡᠶᠢᠲᠡ ᠶᠢᠨ ᠲᠥᠰᠥᠪ ᠢ ᠠᠪᠤᠴᠠᠭ᠎ᠠ ᠥᠭᠴᠡᠭᠡ ᠶᠢᠨ ᠳᠥᠷᠢᠮ ᠤᠨ ᠶᠣᠰᠤᠭᠠᠷ | ᠬᠠᠷᠭᠤᠭᠤᠯᠤᠨ ᠪᠣᠳᠣᠭᠰᠠᠨ ᠪᠡᠯᠡ ᠮᠦᠩᠭᠦ ᠶᠢ ᠦᠯᠡᠳᠡᠪᠦᠷᠢ ᠪᠠᠷ ᠪᠣᠳᠣᠬᠤ ᠦᠭᠡᠢ᠃ | ᠡᠩ ᠤᠨ ᠣᠯᠠᠨ ᠨᠡᠶᠢᠲᠡ ᠶᠢᠨ ᠲᠥᠰᠥᠪ ᠤᠨ ᠬᠤᠶᠠᠷ ᠵᠢᠯ ᠦᠷᠭᠦᠯᠵᠢᠯᠡᠨ ᠳ᠋ᠦ᠋ᠶᠢᠩᠨᠡᠨ ᠰᠢᠯᠵᠢᠭᠦᠯᠦᠭᠡᠳ | ᠮᠦᠨ ᠴᠤ ᠬᠡᠷᠡᠭᠯᠡᠵᠦ ᠳᠠᠭᠤᠰᠤᠭᠰᠠᠨ ᠦᠭᠡᠢ ᠪᠡᠯᠡ ᠮᠦᠩᠭᠦ ᠶᠢ ᠦᠯᠡᠳᠡᠪᠦᠷᠢ ᠪᠡᠯᠡ ᠮᠦᠩᠭᠦ ᠪᠠᠷ ᠲᠤᠬᠠᠢ ᠶᠢᠨ | ᠵᠢᠯ ᠤᠨ ᠵᠠᠷᠤᠯᠭ᠎ᠠ ᠳᠤ ᠬᠡᠷᠡᠭᠯᠡᠬᠦ ᠪᠣᠶᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠷ | ᠲᠣᠬᠢᠷᠠᠭᠤᠯᠬᠤ ᠬᠡᠷᠡᠭᠲᠡᠢ᠃ | ᠳᠣᠯᠤᠳᠤᠭᠠᠷ ᠵᠦᠢᠯ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠤᠨ ᠳ᠋ᠦ᠋ᠶᠢᠩᠨᠡᠨ | ᠰᠢᠯᠵᠢᠭᠦᠯᠦᠭᠰᠡᠨ ᠪᠡᠯᠡ ᠮᠦᠩᠭᠦ ᠶᠢᠨ ᠬᠡᠮᠵᠢᠶ᠎ᠡ ᠨᠢ ᠲᠤᠰ ᠵᠦᠢᠯ ᠤᠨ ᠰᠠᠭᠤᠷᠢ ᠮᠦᠩᠭᠦ ᠶᠢᠨ ᠲᠤᠬᠠᠢ ᠶᠢᠨ ᠵᠢᠯ ᠤᠨ | ᠣᠷᠣᠯᠭ᠎ᠠ ᠶᠢᠨ 30% ᠠᠴᠠ ᠳᠠᠪᠠᠭᠰᠠᠨ ᠪᠦᠯᠦᠭ ᠢ ᠨᠢ ᠲᠥᠯᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ | ᠮᠦᠩᠭᠦ ᠪᠠᠷ ᠲᠣᠬᠢᠷᠠᠭᠤᠯᠬᠤ ᠬᠡᠷᠡᠭᠲᠡᠢ᠃ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠤᠨ ᠬᠤᠶᠠᠷ ᠵᠢᠯ ᠦᠷᠭᠦᠯᠵᠢᠯᠡᠨ | ᠳ᠋ᠦ᠋ᠶᠢᠩᠨᠡᠨ ᠰᠢᠯᠵᠢᠭᠦᠯᠦᠭᠡᠳ ᠮᠦᠨ ᠴᠤ ᠬᠡᠷᠡᠭᠯᠡᠵᠦ ᠳᠠᠭᠤᠰᠤᠭᠰᠠᠨ ᠦᠭᠡᠢ ᠪᠡᠯᠡ ᠮᠦᠩᠭᠦ ᠶᠢ ᠦᠯᠡᠳᠡᠪᠦᠷᠢ ᠪᠡᠯᠡ | ᠮᠦᠩᠭᠦ ᠪᠠᠷ ᠪᠣᠳᠣᠵᠤ᠂ ᠡᠩ ᠤᠨ ᠣᠯᠠᠨ ᠨᠡᠶᠢᠲᠡ ᠶᠢᠨ ᠲᠥᠰᠥᠪ ᠲᠤ ᠰᠢᠯᠵᠢᠭᠦᠯᠦᠨ ᠣᠷᠤᠭᠤᠯᠬᠤ ᠶᠢᠨ ᠬᠠᠮᠲᠤ᠂ | ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠷ ᠲᠣᠬᠢᠷᠠᠭᠤᠯᠤᠨ ᠬᠡᠷᠡᠭᠯᠡᠬᠦ ᠬᠡᠷᠡᠭᠲᠡᠢ᠃ | ᠨᠠᠢᠮᠠᠳᠤᠭᠠᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠥᠰᠥᠪ ᠤᠨ | ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠡᠮᠵᠢᠶ᠎ᠡ ᠶᠢ ᠵᠦᠢ ᠵᠣᠬᠢᠰᠲᠠᠢ ᠡᠵᠡᠮᠰᠢᠬᠦ ᠬᠡᠷᠡᠭᠲᠡᠢ᠃ | ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠡᠮᠵᠢᠶ᠎ᠡ ᠨᠢ ᠣᠨ ᠵᠢᠯ ᠠᠯᠤᠰᠯᠠᠬᠤ | ᠲᠥᠰᠥᠪ ᠤᠨ ᠲᠡᠩᠴᠡᠭᠦᠷᠢ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠳᠤ ᠭᠦᠷᠪᠡᠯ᠂ ᠤᠯᠠᠭᠠᠨ ᠲᠤᠭ᠎ᠠ ᠶᠢ ᠲᠤᠯᠭᠠᠨ | ᠬᠠᠰᠤᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠠᠮᠳᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | | ᠭᠤᠷᠪᠠᠳᠤᠭᠠᠷ ᠪᠦᠯᠦᠭ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ | | ᠶᠢᠰᠦᠳᠦᠭᠡᠷ ᠵᠦᠢᠯ ᠡᠩ ᠤᠨ ᠣᠯᠠᠨ ᠨᠡᠶᠢᠲᠡ ᠶᠢᠨ ᠲᠥᠰᠥᠪ ᠤᠨ ᠡᠬᠡ ᠲᠥᠰᠥᠯ ᠢ ᠨᠠᠶᠢᠷᠠᠭᠤᠯᠤᠨ | ᠵᠣᠬᠢᠶᠠᠬᠤ ᠳᠤ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠵᠦ᠂ ᠡᠩ ᠤᠨ ᠣᠯᠠᠨ | ᠨᠡᠶᠢᠲᠡ ᠶᠢᠨ ᠲᠥᠰᠥᠪ ᠲᠤ ᠭᠠᠷᠤᠭᠰᠠᠨ ᠣᠷᠣᠯᠭ᠎ᠠ ᠵᠠᠷᠤᠯᠭ᠎ᠠ ᠶᠢᠨ ᠳᠤᠲᠠᠪᠤᠷᠢ ᠶᠢ ᠨᠦᠬᠦᠪᠦᠷᠢᠯᠡᠵᠦ ᠪᠣᠯᠣᠨ᠎ᠠ᠂ | ᠬᠡᠷᠡᠭᠯᠡᠭᠰᠡᠨ ᠪᠡᠯᠡ ᠮᠦᠩᠭᠦ ᠶᠢ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠳᠤ ᠣᠷᠤᠭᠤᠯᠬᠤ | ᠬᠡᠷᠡᠭᠲᠡᠢ᠃ | ᠠᠷᠪᠠᠳᠤᠭᠠᠷ ᠵᠦᠢᠯ ᠡᠩ ᠤᠨ ᠣᠯᠠᠨ ᠨᠡᠶᠢᠲᠡ ᠶᠢᠨ ᠲᠥᠰᠥᠪ ᠢ ᠬᠡᠷᠡᠭᠵᠢᠭᠦᠯᠬᠦ ᠳᠤᠮᠳᠠ᠂ ᠣᠷᠣᠯᠭ᠎ᠠ | ᠡᠰᠡ ᠪᠡᠶᠡᠯᠡᠭᠳᠡᠬᠦ᠂ ᠵᠠᠷᠤᠯᠭ᠎ᠠ ᠨᠡᠮᠡᠭᠳᠡᠬᠦ ᠵᠡᠷᠭᠡ ᠠᠴᠠ ᠪᠣᠯᠵᠤ ᠣᠷᠣᠯᠭ᠎ᠠ ᠵᠠᠷᠤᠯᠭ᠎ᠠ ᠶᠢᠨ ᠳᠤᠲᠠᠪᠤᠷᠢ ᠲᠠᠢ ᠪᠣᠯᠵᠤ᠂ | ᠲᠥᠰᠥᠪ ᠤᠨ ᠲᠣᠭᠲᠠᠭᠤᠨ ᠢᠶᠠᠷ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ ᠪᠠᠷ ᠳᠡᠮᠵᠢᠨ ᠲᠡᠩᠴᠡᠭᠦᠷᠢ ᠶᠢ | ᠪᠡᠶᠡᠯᠡᠭᠦᠯᠬᠦ ᠴᠢᠬᠤᠯᠠ ᠪᠠᠶᠢᠪᠡᠯ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠤᠰ ᠱᠠᠲᠤᠨ ᠤ | ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠢᠶᠠᠨ ᠨᠠᠶᠢᠷᠠᠭᠤᠯᠤᠨ ᠵᠣᠬᠢᠶᠠᠵᠤ᠂ ︽ᠪᠥᠭᠦᠳᠡ ᠨᠠᠶᠢᠷᠠᠮᠳᠠᠬᠤ | ᠳᠤᠮᠳᠠᠲᠤ ᠠᠷᠠᠳ ᠤᠯᠤᠰ ᠤᠨ ᠲᠥᠰᠥᠪ ᠤᠨ ᠬᠠᠤᠯᠢ︾ ᠶᠢᠨ ᠲᠣᠭᠲᠠᠭᠠᠭᠰᠠᠨ ᠳᠡᠰ ᠳᠠᠷᠠᠭᠠᠯᠠᠯ ᠶᠣᠰᠤᠭᠠᠷ | ᠬᠡᠷᠡᠭᠵᠢᠭᠦᠯᠬᠦ ᠬᠡᠷᠡᠭᠲᠡᠢ᠃ | | ᠳᠥᠷᠪᠡᠳᠦᠭᠡᠷ ᠪᠦᠯᠦᠭ ᠲᠥᠰᠥᠪ ᠤᠨ ᠵᠦᠢᠯ ᠢᠯᠭᠠᠯ ᠪᠠ ᠳᠠᠩᠰᠠ ᠬᠠᠷ᠎ᠠ ᠶᠢ ᠰᠢᠢᠳᠪᠦᠷᠢᠯᠡᠬᠦ | | ᠠᠷᠪᠠᠨ ᠨᠢᠭᠡᠳᠦᠭᠡᠷ ᠵᠦᠢᠯ ᠡᠩ ᠤᠨ ᠣᠯᠠᠨ ᠨᠡᠶᠢᠲᠡ ᠶᠢᠨ ᠲᠥᠰᠥᠪ ᠤᠨ ᠪᠡᠯᠡ ᠮᠦᠩᠭᠦ ᠨᠢ | ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠲᠣᠬᠢᠷᠠᠭᠤᠯᠬᠤ ᠳᠤ᠂ ᠡᠩ ᠤᠨ ᠣᠯᠠᠨ | ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ | ᠲᠣᠬᠢᠷᠠᠭᠤᠯᠬᠤ︾ ᠵᠦᠢᠯ ᠢᠯᠭᠠᠯ ᠳᠤ ᠵᠢᠭᠰᠠᠭᠠᠨ᠎ᠠ︔ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ | ᠲᠥᠰᠥᠪ ᠠᠴᠠ ᠪᠡᠯᠡ ᠮᠦᠩᠭᠦ ᠰᠢᠯᠵᠢᠭᠦᠯᠦᠨ ᠭᠠᠷᠭᠠᠵᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ | ᠮᠦᠩᠭᠦ ᠲᠣᠬᠢᠷᠠᠭᠤᠯᠬᠤ ᠳᠤ᠂ ᠵᠠᠰᠠᠭ ᠤᠨ ᠣᠷᠳᠣᠨ ᠤ ᠴᠢᠨᠠᠷᠲᠠᠢ ᠲᠥᠰᠥᠪ ᠤᠨ ᠵᠠᠷᠤᠯᠭ᠎ᠠ ᠶᠢᠨ ︽ᠵᠠᠰᠠᠭ ᠤᠨ | ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠠᠴᠠ ᠰᠢᠯᠵᠢᠭᠦᠯᠦᠨ ᠭᠠᠷᠭᠠᠬᠤ ᠪᠡᠯᠡ ᠮᠦᠩᠭᠦ︾ ᠶᠢᠨ | ᠵᠦᠢᠯ ᠢᠯᠭᠠᠯ ᠳᠤ ᠵᠢᠭᠰᠠᠭᠠᠨ᠎ᠠ᠃ | ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ ᠳᠤ᠂ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ ᠣᠷᠤᠭᠤᠯᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ | ᠵᠠᠷᠤᠯᠭ᠎ᠠ ᠶᠢᠨ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ︾ ᠵᠦᠢᠯ | ᠢᠯᠭᠠᠯ ᠳᠤ ᠵᠢᠭᠰᠠᠭᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ | ᠨᠢᠭᠲᠠᠯᠠᠨ ᠪᠣᠳᠣᠬᠤ ᠲᠣᠭᠠᠴᠠᠭ᠎ᠠ ᠶᠢ ᠡᠳ᠋ ᠤᠨ ᠵᠠᠰᠠᠭ ᠤᠨ ᠶᠠᠮᠤᠨ ᠤ ︽︿ᠡᠳ᠋ ᠤᠨ ᠵᠠᠰᠠᠭ ᠤᠨ ᠶᠡᠷᠦᠩᠬᠡᠢ | ᠲᠥᠰᠥᠪ ᠤᠨ ᠨᠢᠭᠲᠠᠯᠠᠨ ᠪᠣᠳᠣᠬᠤ ᠳᠥᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠡᠳ᠋ ᠬᠦᠮᠦᠷᠭᠡ | ﹇2015﹈ 192 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠤᠭᠠᠷ ᠬᠡᠷᠡᠭᠵᠢᠭᠦᠯᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠡᠯ᠎ᠡ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ | ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠠᠳᠠᠯᠢ ᠱᠠᠲᠤᠨ ᠤ ᠤᠯᠤᠰ ᠤᠨ ᠬᠦᠮᠦᠷᠭᠡ ᠶᠢᠨ | ᠳᠠᠩ ᠭᠠᠭᠴᠠ ᠳᠠᠩᠰᠠ ᠡᠷᠦᠬᠡ ᠳᠤ ᠬᠠᠳᠠᠭᠠᠯᠠᠬᠤ ᠬᠡᠷᠡᠭᠲᠡᠢ᠃ | | ᠲᠠᠪᠤᠳᠤᠭᠠᠷ ᠪᠥᠯᠥᠭ ᠳᠠᠭᠠᠯᠳᠤᠭᠤᠯᠤᠯ ᠳᠥᠷᠢᠮ | | ᠠᠷᠪᠠᠨ ᠳᠥᠷᠪᠡᠳᠦᠭᠡᠷ ᠵᠦᠢᠯ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ | ᠰᠠᠯᠠᠭ᠎ᠠ ᠮᠦᠴᠢᠷ ᠨᠢ ᠲᠤᠰ ᠠᠷᠭ᠎ᠠ ᠶᠢᠨ ᠲᠣᠭᠲᠠᠭᠠᠯ ᠢᠶᠠᠷ ᠦᠨᠳᠦᠰᠦᠯᠡᠯ ᠪᠣᠯᠭᠠᠨ᠂ ᠲᠤᠰ ᠭᠠᠵᠠᠷ ᠣᠷᠣᠨ ᠤ ᠪᠠᠨ | ᠪᠣᠳᠠᠲᠠᠢ ᠲᠠᠢ ᠤᠶᠠᠯᠳᠤᠭᠤᠯᠤᠨ᠂ ᠲᠤᠰ ᠭᠠᠵᠠᠷ ᠣᠷᠣᠨ ᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ | ᠮᠦᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ | ᠠᠷᠪᠠᠨ ᠲᠠᠪᠤᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠲᠣᠭᠲᠠᠭᠤᠨ ᠢ | ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 135 ᠳ᠋ᠤᠭᠠᠷ ᠲᠣᠭᠠᠲᠤ︶ ᠵᠡᠷᠭᠡ ᠳᠤ ᠨᠢ | ᠬᠦᠴᠦᠨ ᠦᠭᠡᠢ ᠪᠣᠯᠭᠠᠨ᠎ᠠ᠃ | | |