ᠬᠤᠷᠢᠨᠭᠡᠷ ᠰᠢᠨ᠎ᠡ ᠲᠣᠭᠤᠷᠢᠭ ᠪᠦᠬᠦ ᠣᠷᠣᠨ ᠳᠤ ᠡᠩ ᠲᠡᠷᠢᠭᠦᠨ ᠳᠤ ᠭᠠᠵᠠᠷ ᠰᠢᠷᠣᠢ ᠠᠪᠤᠮᠠᠭᠴᠠ ᠠᠵᠢᠯ ᠢᠶᠠᠨ ᠡᠬᠢᠯᠡᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2019/5/9
     5 ᠳ᠋ᠤᠭᠠᠷ ᠰᠠᠷ᠎ᠠ ᠶᠢᠨ 6᠎ ᠤ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠠᠮᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠵᠢᠩᠬᠢᠨᠢ ᠪᠠᠷ ᠡᠬᠢᠯᠡᠵᠦ᠂ ᠥᠪᠡᠷᠲᠡᠭᠡᠨ ᠵᠠᠰᠠᠬᠤ ᠣᠷᠣᠨ ᠳᠤ ᠭᠠᠵᠠᠷ ᠰᠢᠷᠣᠶ ᠠᠪᠤᠮᠠᠭᠴᠠ ᠠᠵᠢᠯ ᠢᠶᠠᠨ ᠡᠬᠢᠯᠡᠭᠦᠯᠬᠦ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠪᠣᠯ ᠥᠪᠡᠷᠲᠡᠭᠡᠨ ᠵᠠᠰᠠᠬᠤ ᠣᠷᠣᠨ ᠤ ᠠᠮᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠬᠢᠬᠦ 3 ᠭᠠᠵᠠᠷ ᠣᠷᠣᠨ ᠤ ᠨᠢᠭᠡ ᠪᠣᠯᠤᠨ᠎ᠠ᠃ ᠭᠠᠵᠠᠷ ᠰᠢᠷᠣᠢ ᠠᠪᠤᠮᠠᠭᠴᠠ ᠠᠵᠢᠯ ᠢᠶᠠᠨ ᠡᠬᠢᠯᠡᠭᠦᠯᠬᠦ ᠵᠠᠭᠪᠤᠷᠰᠢᠯ ᠤᠨ ᠣᠨᠴᠠᠯᠢᠭ ᠪᠣᠯ ᠪᠡᠶ᠎ᠡ ᠪᠠᠨ ᠳᠠᠭᠠᠭᠠᠵᠤ ᠠᠮᠠᠯᠠᠬᠤ᠂ ᠵᠢᠷᠤᠭ ᠲᠥᠯᠥᠪᠯᠡᠭᠡ ᠶᠢ ᠬᠢᠨᠠᠨ ᠠᠵᠢᠯ ᠡᠬᠢᠯᠡᠭᠦᠯᠬᠦ᠂ ᠴᠢᠩᠭ᠎ᠠ ᠬᠢᠨᠠᠨ ᠬᠠᠮᠢᠶᠠᠷᠬᠤ᠂ ᠠᠮᠠᠯᠠᠯᠲᠠ ᠠᠴᠠ ᠵᠦᠷᠢᠴᠡᠪᠡᠯ ᠨᠤᠷᠠᠭᠠᠯᠭᠠᠬᠤ ᠶᠠᠪᠤᠳᠠᠯ ᠪᠣᠯᠤᠨ᠎ᠠ᠂ ᠲᠤᠬᠠᠶᠢᠯᠠᠪᠠᠯ ᠠᠵᠤ ᠠᠬᠤᠶᠢᠯᠠᠯ ᠨᠢ ᠤᠯᠤᠰ ᠤᠨ ᠦᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ ᠬᠠᠩᠭᠠᠬᠤ ᠮᠥᠷᠲᠡᠭᠡᠨ ᠲᠥᠷᠥᠯ ᠵᠦᠶᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠠᠳ ᠬᠢᠷᠢ ᠲᠡᠩᠴᠡᠪᠡᠯ᠂ ᠠᠮᠠᠯᠠᠯᠲᠠ ᠎ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠳᠠᠷᠤᠶ ᠠᠵᠢᠯ ᠡᠬᠢᠯᠡᠭᠦᠯᠬᠦ ᠮᠡᠳᠡᠭᠳᠡᠯ ᠤᠨ ᠪᠢᠴᠢᠭ ᠢ ᠬᠢᠨᠠᠨ ᠣᠯᠭᠤᠵᠤ᠂ ᠠᠵᠤ ᠠᠬᠤᠢᠯᠠᠯ ᠤᠨ ᠤᠷᠢᠳᠠᠪᠠᠷ ᠠᠵᠢᠯ ᠡᠬᠢᠯᠡᠭᠦᠯᠬᠦ ᠶᠢ ᠨᠢ ᠵᠥᠪᠰᠢᠶᠡᠷᠡᠵᠦ᠂ ᠪᠤᠰᠤᠳ 12 ᠵᠦᠶᠯ ᠤᠨ ᠬᠢᠨᠠᠨ ᠵᠥᠪᠰᠢᠶᠡᠷᠡᠬᠦ ᠵᠦᠶᠯᠡᠰ ᠢ ᠠᠮᠠᠯᠠᠯᠲᠠ ᠶᠢᠨ ᠬᠤᠭᠤᠴᠠᠭᠠᠨ ᠳᠣᠲᠣᠷ᠎ᠠ ᠭᠦᠶᠴᠡᠳᠬᠡᠵᠦ ᠳᠠᠭᠤᠰᠬᠠᠪᠠᠯ ᠪᠣᠯᠴᠢᠬᠠᠨ᠎ᠠ᠃ ᠡᠨᠡ ᠬᠦ ᠥᠭᠡᠷᠡᠴᠢᠯᠡᠯᠲᠡ ᠨᠢ ᠤᠯᠠᠮᠵᠢᠯᠠᠯᠲᠤ ᠬᠢᠨᠠᠨ ᠵᠥᠪᠰᠢᠶᠡᠷᠡᠬᠦ ᠵᠠᠭᠪᠤᠷᠰᠢᠯ ᠤᠨ ᠠᠵᠢᠯ ᠡᠬᠢᠯᠡᠬᠦ ᠴᠠᠭ ᠢ ᠪᠤᠳᠤᠪᠠᠯ ᠳᠤᠮᠳᠠᠴᠢ ᠪᠠᠷ 3 ᠰᠠᠷ᠎ᠠ ᠤᠷᠢᠳᠴᠢᠯᠠᠵᠤ᠂ ᠠᠵᠤ ᠠᠬᠤᠶᠢᠯᠠᠯ ᠤᠨ ᠡᠷᠲᠡ ᠪᠦᠲᠦᠭᠡᠨ ᠪᠠᠶᠢᠭᠤᠯᠤᠯᠲᠠ ᠬᠢᠬᠦ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠠᠰᠢᠭ ᠣᠯᠬᠤ ᠳᠤ ᠨᠢ ᠲᠥᠬᠦᠮ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶᠢᠨ᠎ᠠ᠃       ᠠᠮᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠡᠬᠢᠯᠡᠭᠦᠯᠦᠭᠰᠡᠨ ᠤ ᠰᠡᠭᠦᠯᠡᠷ᠂ ᠬᠤᠷᠢᠨᠭᠡᠷ ᠰᠢᠨ᠎ᠡ ᠲᠣᠭᠤᠷᠢᠭ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠬᠦ ᠪᠠᠷ ᠬᠢᠨᠠᠬᠤ ᠶᠢ ᠣᠷᠣᠯᠠᠭᠤᠯᠤᠨ᠂ ᠦᠢᠯᠡᠴᠢᠯᠡᠬᠦ ᠪᠠᠷ ᠬᠠᠮᠢᠶᠠᠷᠬᠤ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠨᠡᠩ ᠣᠯᠠᠨ ᠲᠥᠷᠥᠯ ᠵᠦᠢᠯ ᠤᠨ ᠭᠠᠵᠠᠷ ᠰᠢᠷᠤᠢ ᠪᠠᠨ ᠠᠪᠴᠤ ᠲᠠᠯᠠᠪᠠᠢ ᠳᠤ ᠣᠷᠣᠬᠤ᠂ ᠵᠢᠷᠤᠭ ᠲᠥᠯᠥᠪᠯᠡᠭᠡ ᠪᠠᠨ ᠬᠢᠨᠠᠭᠤᠯᠵᠤ ᠠᠵᠢᠯ ᠡᠬᠢᠯᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠬᠥᠯ ᠬᠦᠳᠡᠯᠬᠦ ᠦᠭᠡᠢ᠂ ᠠᠵᠢᠯ ᠡᠬᠢᠯᠡᠭᠦᠯᠬᠦ ᠳᠤ ᠬᠢᠨᠠᠨ ᠵᠥᠪᠰᠢᠶᠡᠷᠡᠬᠦ ᠴᠢᠬᠤᠯᠠ ᠦᠭᠡᠢ᠂ ᠦᠨᠡᠯᠡᠨ ᠵᠢᠱᠢᠯᠲᠡ ᠬᠢᠬᠦ ᠳᠤ ᠰᠦᠢᠳᠬᠡᠯ ᠬᠤᠷᠢᠶᠠᠬᠤ ᠦᠭᠡᠢ ᠪᠠᠶᠢᠬᠤ ᠪᠡᠯᠡ ᠣᠷᠣᠭᠤᠯᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠢ ᠬᠥᠯ ᠲᠣᠭᠲᠠᠨ᠂ ᠦᠨᠳᠦᠰᠦ ᠬᠠᠳᠬᠤᠵᠤ᠂ ᠠᠵᠢᠯ ᠡᠬᠢᠯᠡᠭᠦᠯᠬᠦ ᠶᠢ ᠨᠢ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠴᠢᠷᠮᠠᠶᠢᠨ ᠡᠭᠦᠳᠴᠦ᠂ ᠨᠠᠩ ᠤᠯᠠᠨ ᠰᠢᠯᠢᠳᠡᠭ ᠠᠵᠤ ᠠᠬᠤᠶᠢᠯᠠᠯ ᠪᠣᠯᠤᠨ ᠴᠢᠳᠠᠪᠤᠷᠢᠲᠠᠨ ᠢ ᠲᠠᠲᠠᠵᠤ ᠰᠢᠨ᠎ᠡ ᠲᠣᠭᠤᠷᠢᠭ ᠲᠤ ᠪᠡᠯᠡ ᠣᠷᠣᠭᠤᠯᠤᠨ ᠠᠵᠢᠯ ᠦᠢᠯᠡᠰ ᠢ ᠬᠥᠭᠵᠢᠭᠦᠯᠬᠦ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号