ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2019/5/9
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠪᠥᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠨᠡᠯᠢᠶᠡᠳ ᠲᠣᠭᠲᠠᠭᠤᠨ ᠪᠠᠶᠢᠵᠤ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠨᠢᠭᠡ ᠬᠤᠭᠤᠴᠠᠭᠠᠨ ᠳᠤ ᠮᠥᠨ ᠬᠦ ᠨᠡᠯᠢᠶᠡᠳ ᠰᠠᠶᠢᠨ ᠦᠷᠭᠦᠯᠵᠢᠯᠡᠬᠦ ᠴᠢᠨᠠᠷ ᠢ ᠪᠠᠲᠤᠯᠠᠵᠤ ᠴᠢᠳᠠᠨ᠎ᠠ᠃      ᠣᠶᠢᠯᠠᠭᠠᠭᠰᠠᠨ ᠢᠶᠠᠷ᠂ 2018 ᠣᠨ ᠳᠤ᠂ ᠪᠥᠬᠦ ᠣᠷᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠎ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 714.9 ᠳ᠋ᠦᠩᠰᠢᠭᠤᠷ ᠲᠥᠭᠦᠷᠢᠭ᠂ ᠵᠠᠷᠤᠯᠭ᠎ᠠ 739.8 ᠳ᠋ᠦᠩᠰᠢᠭᠤᠷ ᠲᠥᠭᠦᠷᠢᠭ ᠲᠤ ᠬᠦᠷᠴᠦ᠂ ᠲᠥᠪ ᠤᠨ ᠲᠣᠬᠢᠷᠠᠭᠤᠯᠤᠯᠲᠠ ᠶᠢᠨ ᠮᠥᠩᠭᠦ ᠠᠴᠠ 30.5 ᠳ᠋ᠦᠩᠰᠢᠭᠤᠷ ᠲᠥᠭᠦᠷᠢᠭ ᠠᠰᠢᠭ ᠬᠦᠷᠲᠡᠵᠦ᠂ ᠰᠠᠭᠤᠷᠢ ᠮᠥᠩᠭᠦ ᠎ ᠶᠢᠨ ᠲᠤᠰ ᠬᠤᠭᠤᠴᠠᠭᠠᠨ ᠤ ᠦᠯᠡᠳᠡᠪᠦᠷᠢ 5.6 ᠳ᠋ᠦᠩᠰᠢᠭᠤᠷ ᠲᠥᠭᠦᠷᠢᠭ ᠪᠠᠶᠢᠵᠤ᠂ ᠨᠡᠶᠢᠲᠡ ᠦᠯᠡᠳᠡᠪᠦᠷᠢ ᠨᠢ 572 ᠳ᠋ᠦᠩᠰᠢᠭᠤᠷ ᠲᠥᠭᠦᠷᠢᠭ ᠪᠣᠯᠵᠠᠢ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠪᠠᠭᠤᠷᠠᠭᠤᠯᠬᠤ ᠨᠢ ᠠᠵᠤ ᠠᠬᠤᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢᠨ ᠬᠠᠮᠲᠤ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ ᠦᠨᠡᠨ ᠬᠦ ᠪᠠᠭᠠᠰᠬᠠᠬᠤ ᠪᠣᠯᠪᠠᠴᠤ ᠪᠥᠬᠦ ᠣᠷᠣᠨ ᠤ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠎ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠨᠡᠯᠢᠶᠡᠳ ᠲᠣᠭᠲᠠᠭᠤᠨ ᠪᠠᠶᠢᠵᠤ᠂ ᠨᠡᠯᠢᠶᠡᠳ ᠰᠠᠶᠢᠨ ᠲᠤᠯᠭᠠᠭᠤᠷᠢᠯᠠᠬᠤ ᠴᠢᠳᠠᠪᠤᠷᠢ ᠲᠠᠢ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠲᠠᠲᠠᠪᠤᠷᠢᠯᠠᠬᠤ ᠲᠤᠰᠢᠶᠠᠬᠤ ᠬᠡᠪᠴᠢᠶ᠎ᠡ ᠶᠢ ᠦᠷᠭᠡᠳᠬᠡᠬᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠨᠥᠬᠦᠪᠥᠷᠢ ᠥᠭᠬᠦ᠂ ᠲᠥᠪ ᠠᠴᠠ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠬᠤ ᠪᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠎ ᠶᠢᠨ ᠣᠷᠣᠯᠭ᠎ᠠ ᠵᠠᠷᠤᠯᠭ᠎ᠠ ᠶᠢᠨ ᠳᠠᠷᠤᠯᠲᠠ ᠶᠢ ᠠᠷᠢᠯᠭᠠᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ᠃ ᠪᠠᠰᠠ ᠬᠠᠷᠢᠭᠤᠴᠠᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠬᠤ᠂ ᠤᠷᠮᠠᠰᠢᠭᠤᠯᠬᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠬᠦ᠂ ᠦᠯᠡᠳᠡᠪᠦᠷᠢ ᠪᠠᠯᠠ ᠮᠥᠩᠭᠦ ᠶᠢ ᠠᠮᠢᠳᠤᠯᠢᠭ ᠪᠣᠯᠭᠠᠬᠤ᠂ ᠤᠯᠤᠰ ᠤᠨ ᠦᠮᠴᠢᠯᠡᠯᠲᠦ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠪᠴᠢᠶ᠎ᠡ ᠶᠢ ᠲᠡᠭᠦᠯᠳᠡᠷᠵᠢᠭᠦᠯᠦᠨ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠤᠯᠭᠠᠭᠤᠷᠢᠯᠠᠬᠤ ᠴᠢᠳᠠᠪᠤᠷᠢ ᠶᠢ ᠲᠠᠰᠤᠷᠠᠯᠲᠠ ᠥᠬᠡᠶ ᠨᠡᠮᠡᠭᠳᠡᠭᠦᠯᠦᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号