ᠡᠨᠡ ᠵᠢᠯ ᠥᠪᠥᠷ ᠮᠣᠩᠭᠤᠯ 5 ᠲᠦᠮᠡᠨ ᠮᠠᠯᠵᠢᠬᠤ ᠡᠷᠦᠬᠡ ᠶᠢᠨ ᠵᠣᠷᠯᠣᠩ ᠢ ᠦᠭᠡᠷᠡᠴᠢᠯᠡᠵᠤ᠂  ︽ᠵᠤᠷᠯᠤᠩ ᠤᠨ ᠬᠤᠪᠢᠰᠤᠯᠳᠠ︾᠎ ᠶᠢ ᠠᠬᠢᠭᠤᠯᠬᠤ ᠪᠠᠷ
ᠨᠡᠶᠢᠲᠡᠯᠡᠭᠰᠡᠨ ᠴᠠᠭ᠄
2019/5/9
     5 ᠳ᠋ᠤᠭᠠᠷ ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠯᠵᠢᠬᠤ ᠣᠷᠣᠨ ᠤ ᠵᠣᠷᠯᠣᠩ ᠢ ᠥᠭᠡᠷᠡᠴᠢᠯᠡᠬᠦ ᠪᠣᠯ ᠮᠠᠨ ᠤ ᠣᠷᠣᠨ ᠤ ︽ᠵᠤᠷᠯᠤᠩ ᠤᠨ ᠬᠤᠪᠢᠰᠤᠯᠳᠠ︾᠎ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠪᠦᠬᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠤᠯᠤᠨ᠎ᠠ᠂ ᠮᠦᠨ ᠴᠤ ᠮᠠᠯᠴᠢᠳ ᠤᠨ ᠣᠷᠣᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠪᠦᠲᠦᠮᠵᠢᠲᠡᠶ ᠠᠷᠭ᠎ᠠ ᠵᠠᠮ ᠪᠤᠯᠤᠨ᠎ᠠ᠃ 2019 ᠣᠨ ᠳᠤ᠂ ᠮᠠᠨ ᠤ ᠣᠷᠣᠨ 33 ᠮᠠᠯᠵᠢᠬᠤ ᠬᠤᠰᠢᠭᠤᠨ ᠤ 5 ᠲᠦᠮᠡᠨ ᠮᠠᠯᠵᠢᠬᠤ ᠡᠷᠦᠬᠡ ᠶᠢᠨ ᠵᠣᠷᠯᠣᠩ ᠢ ᠦᠬᠡᠷᠡᠴᠢᠯᠡᠵᠤ ᠪᠠᠶᠢᠭᠤᠯᠬᠤ ᠪᠠᠷ ᠪᠤᠢ᠃      ᠱᠠᠭᠠᠷᠳᠠᠯᠭ᠎ᠠ ᠶᠢ ᠦᠨᠳᠦᠰᠦᠯᠡᠪᠡᠯ᠂ ᠡᠯ᠎ᠡ ᠭᠠᠵᠠᠷ ᠤᠨ ᠬᠢᠨ ᠬᠡᠷᠡᠭᠵᠢᠭᠦᠯᠬᠦ ᠲᠥᠰᠦᠯ ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠱᠠᠲᠤᠨ ᠤ ᠨᠥᠬᠦᠪᠥᠷᠢ ᠪᠠᠯᠠ ᠮᠥᠩᠭᠦ ᠶᠢ ᠨᠠᠶᠢᠳᠠᠪᠤᠷᠢᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠵᠦᠶ ᠵᠣᠬᠢᠰᠲᠠᠶ ᠰᠣᠩᠭᠤᠵᠤ᠂ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠂ ᠶᠠᠰᠤ ᠴᠢᠨᠠᠷ ᠪᠠ ᠮᠡᠷᠭᠡᠵᠢᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠬᠠᠷᠠᠯᠲᠠ ᠡᠭᠦᠷᠭᠡ ᠪᠠᠷ ᠭᠤᠤᠯᠯᠠᠭᠤᠯᠤᠨ᠂ ᠪᠣᠳᠠᠲᠠᠶ ᠲᠠᠢ ᠨᠡᠶᠢᠴᠡᠬᠦ ᠵᠠᠭᠪᠤᠷ ᠪᠠ ᠠᠷᠭ᠎ᠠ ᠵᠠᠮ ᠢ ᠣᠨᠣᠪᠴᠢᠲᠠᠶ ᠡᠷᠢᠵᠦ᠂ ᠵᠣᠷᠯᠣᠩ ᠢ ᠥᠭᠡᠷᠡᠴᠢᠯᠡᠬᠦ ᠠᠵᠢᠯ ᠢ ᠰᠠᠶᠢᠲᠤᠷ ᠪᠡᠶᠡᠯᠡᠭᠦᠯᠬᠦ ᠬᠡᠷᠡᠭᠲᠡᠶ᠃ ᠵᠠᠰᠠᠭ ᠤᠨ ᠣᠷᠳᠣᠨ ᠠᠴᠠ ᠨᠦᠬᠦᠪᠦᠷᠢᠯᠡᠬᠦ ᠪᠠ ᠮᠠᠯᠵᠢᠬᠤ ᠡᠷᠦᠬᠡ ᠥᠪᠡᠰᠦᠪᠡᠨ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠮᠠᠯᠵᠢᠬᠤ ᠡᠷᠦᠬᠡ ᠶᠢᠨ ᠵᠣᠷᠯᠣᠩ ᠢ ᠥᠭᠡᠷᠡᠴᠢᠯᠡᠬᠦ ᠪᠠᠯᠠ ᠮᠥᠩᠭᠦ ᠶᠢ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠡᠷᠦᠬᠡ ᠪᠦᠷᠢ ᠳᠤ ᠳᠤᠮᠳᠠᠴᠢ ᠪᠠᠷ 3000 ᠲᠥᠭᠦᠷᠢᠭ ᠨᠥᠬᠦᠪᠥᠷᠢᠯᠡᠵᠦ᠂ ᠠᠶᠢᠮᠠᠭ ᠬᠤᠲᠠ᠂ ᠬᠤᠰᠢᠭᠤ ᠰᠢᠶᠠᠨ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠲᠥᠬᠦᠷ ᠪᠠᠯᠠ ᠮᠥᠩᠭᠦ ᠪᠠ ᠮᠠᠯᠴᠢᠳ ᠤᠨ ᠥᠪᠡᠰᠦᠪᠡᠨ ᠴᠤᠭᠯᠠᠭᠤᠯᠤᠭᠰᠠᠨ ᠪᠠᠯᠠ ᠮᠥᠩᠭᠦ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ ᠮᠠᠯᠴᠢᠳ ᠤᠨ ᠰᠠᠶᠢᠨ ᠳᠤᠷ᠎ᠠ ᠠᠴᠠ ᠪᠠᠨ ᠪᠠᠶᠢᠬᠤ ᠪᠠ ︽ᠬᠡᠨ ᠠᠰᠢᠭ ᠬᠦᠷᠲᠡᠪᠡᠯ᠂ ᠬᠡᠨ ᠡᠭᠦᠷᠭᠡᠯᠡᠬᠦ︾ ᠪᠡᠯᠡ ᠮᠥᠩᠭᠦ ᠴᠤᠭᠯᠠᠭᠤᠯᠬᠤ ᠵᠠᠷᠴᠢᠮ ᠢ ᠪᠠᠷᠢᠮᠲᠠᠯᠠᠨ᠂ ᠵᠠᠰᠠᠭ ᠤᠨ ᠣᠷᠳᠣᠨ ᠶᠡᠭᠡ ᠪᠠᠷ ᠳᠠᠭᠠᠭᠠᠨ ᠠᠪᠬᠤ ᠠᠴᠠ ᠵᠠᠶᠢᠯᠠᠰᠬᠢᠵᠤ᠂ ᠮᠠᠯᠵᠢᠬᠤ ᠣᠷᠣᠨ ᠤ ᠵᠣᠷᠯᠣᠩ ᠢ ᠥᠭᠡᠷᠡᠴᠢᠯᠡᠬᠦ ᠣᠷᠣᠭᠤᠯᠤᠯᠲᠠ ᠶᠢᠨ ᠠᠷᠭ᠎ᠠ ᠵᠠᠮ ᠢ ᠥᠷᠬᠡᠳᠭᠡᠨ᠂ ᠮᠠᠯᠵᠢᠬᠤ ᠣᠷᠣᠨ ᠤ ᠵᠣᠷᠯᠣᠩ ᠢ ᠥᠭᠡᠷᠡᠴᠢᠯᠡᠬᠦ ᠠᠵᠢᠯ ᠢ ᠲᠦᠯᠬᠢᠨ ᠠᠬᠢᠭᠤᠯᠬᠤ ᠳᠤ ᠬᠦᠴᠦ ᠲᠠᠢ ᠪᠠᠲᠤᠯᠠᠭ᠎ᠠ ᠬᠠᠩᠭᠠᠬᠤ ᠬᠡᠷᠡᠭᠲᠡᠢ᠃      ᠡᠭᠦᠨ ᠤ ᠬᠠᠮᠲᠤ᠂ ᠡᠯ᠎ᠡ ᠭᠠᠵᠠᠷ ᠤᠨ ᠬᠢᠨ ᠮᠠᠯᠵᠢᠬᠤ ᠣᠷᠣᠨ ᠤ ᠵᠣᠷᠯᠣᠩ ᠢ ᠥᠭᠡᠷᠡᠴᠢᠯᠡᠬᠦ ᠪᠠ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠡᠷᠭᠡ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠬᠡᠷᠡᠭᠲᠡᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号