9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ | ᠠᠴᠠ ᠣᠢᠯᠠᠭᠠᠭᠰᠠᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽2019 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ | ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ 2019 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ | ᠤᠨ ᠦᠨᠳᠦᠰᠦᠨ ᠪᠠᠷᠢᠮᠵᠢᠶ᠎ᠠ ᠪᠠ ᠣᠨᠴᠠ ᠬᠦᠴᠢᠷᠳᠡᠯᠲᠡᠶ ᠬᠥᠮᠦᠰ ᠢ ᠠᠰᠠᠷᠠᠨ ᠰᠤᠪᠢᠯᠠᠬᠤ ᠪᠠᠷᠢᠮᠵᠢᠶ᠎ᠠ ᠶᠢ ᠨᠡᠢᠲᠡᠯᠡᠪᠡ᠃ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ | ᠬᠦᠴᠢᠷᠳᠡᠯᠲᠡᠶ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠨᠤᠭᠤᠳ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠢᠨᠠᠨ ᠬᠠᠷᠭᠤᠭᠤᠯᠵᠤ ᠲᠣᠭᠲᠠᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶ᠎ᠠ ᠶᠢ ᠨᠡᠶᠢᠭᠡᠮ ᠳᠤ ᠴᠠᠭ ᠲᠤᠬᠠᠶ ᠳᠤ ᠨᠢ ᠨᠡᠶᠢᠲᠡᠯᠡᠬᠦ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ᠃ | ᠲᠤᠰ ᠵᠢᠯ ᠤᠨ ᠳᠣᠲᠣᠷ᠎ᠠ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠳᠤ ᠳᠠᠬᠢᠨᠲᠠ ᠲᠣᠬᠢᠷᠠᠭᠤᠯᠤᠯᠲᠠ | ᠬᠢᠬᠦ ᠳᠤ ᠬᠦᠷᠪᠡᠯ᠂ ᠡᠷᠬᠡᠪᠰᠢ ᠬᠠᠮᠢᠶ᠎ᠠ ᠪᠦᠬᠦᠢ ᠲᠠᠰ ᠳᠠᠷᠠᠭᠠᠯᠠᠯ ᠤᠨ ᠶᠣᠰᠣᠭᠠᠷ ᠳᠡᠭᠡᠭᠰᠢ ᠮᠡᠳᠡᠭᠦᠯᠵᠦ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ | ᠬᠡᠷᠡᠭᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ 2019 ᠣᠨ ᠤ 6 ᠳ᠋ᠤᠭᠠᠷ ᠰᠠᠷ᠎ᠠ ᠶᠢᠨ ᠡᠴᠦᠰ ᠠᠴᠠ | ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠪᠠᠯᠠ ᠮᠥᠩᠭᠦ ᠶᠢ ᠨᠥᠬᠦᠨ ᠣᠯᠭᠤᠵᠤ ᠳᠠᠭᠤᠰᠬᠠᠬᠤ ᠬᠡᠷᠡᠭᠲᠡᠶ᠂ ᠠᠪᠤᠷᠠᠨ | ᠲᠤᠰᠠᠯᠠᠬᠤ ᠪᠠᠲᠤᠯᠠᠭ᠎ᠠ ᠶᠢᠨ ᠬᠡᠪᠴᠢᠶᠡᠨ ᠠᠴᠠ ᠭᠠᠷᠤᠭᠰᠠᠨ ᠪᠠᠶᠢᠪᠠᠯ ᠲᠠᠬᠢᠵᠤ ᠨᠥᠬᠦᠨ ᠣᠯᠭᠤᠬᠤ ᠥᠬᠡᠶ᠃ ᠡᠯ᠎ᠡ | ᠭᠠᠵᠠᠷ ᠣᠷᠣᠨ ᠨᠤᠭᠤᠳ 7 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠭᠰᠡᠨ | ᠪᠠ ᠪᠠᠯᠠ ᠮᠥᠩᠭᠦ ᠲᠠᠷᠬᠠᠭᠠᠭᠰᠠᠨ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ᠂ ᠬᠠᠮᠢᠶ᠎ᠠ ᠪᠦᠬᠦᠢ ᠪᠠᠶᠢᠳᠠᠯ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠴᠠᠭ ᠲᠤᠬᠠᠶ ᠳᠤ ᠨᠢ ᠮᠡᠳᠡᠭᠦᠯᠦᠨ | ᠬᠦᠷᠭᠡᠬᠦ ᠬᠡᠷᠡᠭᠲᠡᠶ ᠭᠡᠵᠡᠢ᠃ | ︽ᠮᠡᠳᠡᠭᠳᠡᠯ︾ ᠳᠤ ᠲᠣᠳᠣᠷᠬᠠᠶ ᠲᠣᠭᠲᠠᠭᠠᠭᠰᠠᠨ ᠨᠢ᠂ ᠮᠠᠨ ᠤ ᠣᠷᠣᠨ ᠬᠦᠨᠳᠦ ᠳᠡᠰ ᠤᠨ | ᠵᠡᠮᠳᠡᠭᠴᠦᠳ ᠤᠨ ᠬᠦᠷᠢᠶ᠎ᠡ ᠬᠡᠪᠴᠢᠶ᠎ᠡ ᠶᠢ ᠵᠡᠮᠳᠡᠭᠴᠦᠳ ᠤᠨ ᠦᠨᠡᠮᠯᠡᠯ ᠲᠠᠢ ᠭᠤᠷᠪᠠᠳᠤᠭᠠᠷ ᠲᠡᠰ ᠤᠨ ᠣᠶᠤᠨ ᠤ | ᠵᠡᠮᠳᠡᠭ ᠬᠥᠮᠥᠨ ᠪᠠ ᠭᠤᠷᠪᠠᠳᠤᠭᠠᠷ ᠲᠡᠰ ᠤᠨ ᠣᠶᠤᠨ ᠰᠠᠨᠠᠭᠠᠨ ᠤ ᠵᠡᠮᠳᠡᠭ ᠬᠥᠮᠥᠨ ᠬᠦᠷᠲᠡᠯ᠎ᠡ ᠥᠷᠭᠡᠳᠬᠡᠨ᠎ᠡ᠃ | ᠡᠭᠦᠨ ᠤ ᠬᠠᠮᠲᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠥᠬᠦᠪᠥᠷᠢ ᠶᠢᠨ ᠬᠢᠷᠢ ᠲᠦᠪᠰᠢᠨ ᠬᠢᠭᠡᠳ ᠠᠮᠢᠳᠤᠷᠠᠯ | ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠨᠡᠮᠡᠭᠳᠡᠯ ᠤᠨ ᠬᠡᠮᠵᠢᠶ᠎ᠡ ᠶᠢ ᠬᠠᠷᠢᠯᠴᠠᠨ ᠵᠣᠬᠢᠴᠠᠭᠤᠯᠬᠤ | ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠤᠭᠤᠴᠠᠭᠠᠨ ᠳᠤ᠂ ᠮᠠᠯᠵᠢᠬᠤ | ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠭᠰᠠᠨ ᠳᠠᠩᠰᠠ ᠪᠠ ᠺᠠᠷᠲ | ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠰ ᠭᠠᠵᠠᠷ ᠣᠷᠣᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ 12 ᠠᠴᠠ 24 | ᠰᠠᠷ᠎ᠠ ᠶᠢᠨ ︽ᠠᠭᠠᠵᠢᠮ ᠢᠶᠠᠷ ᠤᠬᠤᠷᠢᠨ ᠭᠠᠷᠬᠤ ᠬᠤᠭᠤᠴᠠᠭ᠎ᠠ︾ ᠥᠭᠴᠦ᠂ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ ᠲᠦᠷ ᠴᠠᠭ ᠠᠪᠤᠷᠠᠨ ᠲᠤᠰᠠᠯᠠᠬᠤ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠨᠥᠬᠦᠴᠡᠯ ᠳᠤ ᠨᠡᠶᠢᠴᠡᠭᠰᠡᠨ ᠳᠠᠬᠢᠨ ᠶᠠᠳᠠᠭᠤᠷᠠᠭᠰᠠᠨ ᠬᠥᠮᠥᠨ ᠠᠮᠠ ᠶᠢ ᠠᠪᠤᠷᠠᠨ | ᠲᠤᠰᠠᠯᠠᠬᠤ ᠬᠦᠷᠢᠶ᠎ᠡ ᠬᠡᠪᠴᠢᠶᠡᠨ ᠳᠤ ᠴᠠᠭ ᠲᠤᠬᠠᠶ ᠳᠤ ᠨᠢ ᠣᠷᠣᠭᠤᠯᠤᠨ᠎ᠠ ᠭᠡᠵᠡᠢ᠃ | ᠡᠭᠦᠨ ᠤ ᠬᠠᠮᠲᠤ᠂ ᠡᠯ᠎ᠡ ᠠᠶᠢᠮᠠᠭ ᠬᠤᠲᠠ ᠨᠤᠭᠤᠳ ᠪᠣᠳᠠᠲᠠᠶ ᠲᠠᠢ ᠪᠠᠨ ᠤᠶᠠᠯᠳᠤᠭᠤᠯᠤᠨ ᠬᠠᠷᠢᠶ᠎ᠠ ᠭᠠᠵᠠᠷ | ᠣᠷᠣᠨ ᠤ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠭᠦᠶᠴᠡᠳᠬᠡᠯ ᠲᠤᠭ᠎ᠠ ᠶᠢ ᠠᠯᠬᠤᠮ ᠠᠯᠬᠤᠮ ᠢᠶᠠᠷ ᠨᠢᠭᠡᠳᠦᠯᠲᠡᠶ | ᠲᠥᠯᠥᠪᠯᠡᠵᠦ᠂ ᠣᠷᠣᠨ ᠪᠦᠰᠡ ᠶᠢᠨ ᠳᠣᠲᠣᠷᠠᠬᠢ ᠬᠠᠷᠢᠴᠠᠩᠭᠤᠶ ᠨᠢᠭᠡᠳᠦᠯᠲᠡᠶ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠬᠦ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠭᠦᠶᠴᠡᠳᠬᠡᠯ ᠲᠣᠭᠠᠨ ᠤ ᠰᠢᠰᠲ᠋ᠧᠮᠵᠢ | ᠶᠢ ᠰᠦᠪᠡᠭᠴᠢᠯᠡᠨ ᠪᠠᠶᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ | ᠲᠤᠰᠠᠯᠠᠬᠤ ᠲᠠᠯ᠎ᠠ ᠪᠠᠷ ᠬᠢ ᠡᠷᠬᠡ᠂ ᠲᠣᠬᠢᠶᠠᠯ᠂ ᠳᠦᠷᠢᠮ ᠢ ᠲᠥᠪ ᠭᠤᠤᠯᠴᠢ ᠬᠦᠷᠲᠡᠬᠦ ᠶᠢ ᠪᠡᠶᠡᠯᠡᠭᠦᠯᠬᠦ ᠬᠡᠷᠡᠭᠲᠡᠶ᠃ | ᠡᠭᠦᠨ ᠤ ᠬᠠᠮᠲᠤ ᠨᠡᠶᠢᠭᠡᠮ ᠤᠨ ᠠᠪᠤᠷᠠᠨ ᠲᠤᠰᠠᠯᠠᠭᠤᠯᠬᠤ ᠪᠠᠷ ᠭᠤᠶᠤᠴᠢᠯᠠᠭᠰᠠᠨ ᠰᠢᠨ᠎ᠡ ᠬᠥᠮᠥᠨ ᠢ ᠲᠣᠭᠲᠠᠭᠠᠯ | ᠶᠣᠰᠣᠭᠠᠷ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠭᠤᠭᠴᠣᠭᠠᠨ ᠳᠤ ᠬᠢᠨᠠᠨ ᠬᠠᠷᠭᠤᠭᠤᠯᠵᠤ᠂ ᠣᠷᠣᠬᠤ | ᠪᠣᠭᠤᠮᠲᠠ ᠶᠢ ᠴᠢᠩᠭ᠎ᠠ ᠠᠳᠬᠤᠵᠤ᠂ ︽ᠣᠷᠣᠵᠤ ᠢᠷᠡᠪᠡᠯ ᠵᠠᠪᠠᠯ ᠬᠢᠨᠠᠬᠤ︾ ᠶᠢ ᠦᠨᠡᠨ ᠬᠦ ᠪᠠᠲᠤᠯᠠᠨ᠎ᠠ︔ | ᠨᠢᠭᠡᠨᠲᠡ ᠨᠡᠶᠢᠭᠡᠮ ᠤᠨ ᠲᠡᠩᠬᠡᠷᠡᠭᠦᠯᠬᠦ ᠲᠤᠰᠠᠯᠠᠮᠵᠢ ᠶᠢ ᠬᠦᠷᠲᠡᠵᠦ ᠪᠠᠶᠢᠭ᠎ᠠ ᠡᠲᠡᠭᠡᠳ ᠢ ᠤᠯᠠᠷᠢᠯ ᠪᠦᠷᠢ | ᠠᠳᠠᠭ ᠲᠤ ᠪᠠᠨ ᠨᠢᠭᠡ ᠤᠳᠠᠭ᠎ᠠ ᠬᠠᠷᠭᠤᠭᠤᠯᠬᠤ ᠶᠢᠨ ᠬᠠᠮᠲᠤ ᠨᠥᠬᠦᠴᠡᠯ ᠳᠤ ᠥᠯᠥ ᠨᠡᠢᠴᠡᠬᠦ ᠡᠲᠡᠭᠡᠳ ᠢ ᠴᠠᠭ | ᠲᠤᠬᠠᠢ ᠳᠤ ᠨᠢ ᠢᠯᠭᠠᠷᠠᠭᠤᠯᠤᠨ ᠪᠤᠴᠠᠭᠠᠬᠤ ᠬᠡᠷᠡᠭᠲᠡᠢ᠃ ᠡᠷᠦᠬᠡ ᠳᠤ ᠣᠷᠣᠵᠤ ᠪᠠᠶᠢᠴᠠᠭᠠᠬᠤ᠂ ᠬᠥᠷᠰᠢ ᠵᠡᠷᠭᠡᠯᠡᠳᠡᠭᠡ | ᠪᠠᠷ ᠨᠢ ᠰᠤᠷᠪᠤᠯᠵᠢᠯᠠᠬᠤ᠂ ᠵᠠᠬᠢᠳᠠᠯ ᠴᠢᠮᠡᠭᠡ ᠪᠠᠷ ᠭᠡᠷᠡᠴᠢ ᠪᠠᠷᠢᠮᠲᠠ ᠡᠷᠢᠬᠦ᠂ ᠮᠡᠳᠡᠭᠡ ᠵᠠᠩᠭᠢ ᠶᠢ ᠬᠢᠨᠠᠨ ᠪᠠᠢᠴᠠᠭᠠᠬᠤ | ᠵᠡᠷᠭᠡ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠭᠤᠤᠯᠳᠠᠯᠭ᠎ᠠ ᠲᠠᠢ ᠬᠢᠨᠠᠨ | ᠬᠡᠮᠵᠢᠭᠰᠡᠨ ᠲᠤᠭ᠎ᠠ ᠪᠠᠷᠢᠮᠲᠠ ᠶᠢ ᠲᠥᠷᠥᠯ ᠬᠤᠪᠢᠶᠠᠨ ᠰᠢᠢᠳᠪᠦᠷᠢᠯᠡᠵᠦ᠂ ᠳᠠᠭᠠᠳᠬᠠᠯ ᠢ ᠳᠥᠭᠦᠮ ᠢᠶᠠᠷ ᠵᠣᠭᠰᠣᠭᠠᠵᠤ | ᠰᠢᠶᠳᠪᠦᠷᠢᠯᠡᠬᠦ ᠥᠬᠡᠶ ᠭᠡᠵᠡᠢ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠨᠢ ᠭᠡᠪᠡᠯ | ᠬᠦᠬᠡᠬᠤᠲᠠ ᠶᠢᠨ ᠭᠠᠵᠠᠷ ᠣᠷᠣᠨ ᠤ ᠬᠤᠲᠠ ᠶᠢᠨ ᠪᠠᠲᠤᠯᠠᠭ᠎ᠠ ᠶᠢᠨ ᠪᠠᠷᠢᠮᠵᠢᠶ᠎ᠠ ᠨᠢ ᠰᠠᠷ᠎ᠠ ᠪᠦᠷᠢ 725 ᠲᠥᠭᠦᠷᠢᠭ᠂ | ᠮᠠᠯᠵᠢᠬᠤ ᠲᠠᠷᠢᠶᠠᠯᠠᠬᠤ ᠣᠷᠣᠨ ᠤ ᠪᠠᠷᠢᠮᠵᠢᠶ᠎ᠠ ᠨᠢ ᠵᠢᠯ ᠪᠦᠷᠢ 6120 ᠲᠥᠭᠦᠷᠢᠭ︔ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2019 ᠣᠨ ᠤ ᠣᠨᠴᠠ ᠬᠦᠴᠢᠷᠳᠡᠯᠲᠡᠶ ᠬᠥᠮᠦᠰ ᠢ ᠬᠠᠷᠠᠭᠠᠯᠵᠠᠵᠤ ᠰᠤᠪᠢᠯᠠᠬᠤ | ᠪᠠᠷᠢᠮᠵᠢᠶ᠎ᠠ ᠨᠢ ᠬᠦᠬᠡᠬᠤᠲᠠ ᠶᠢᠨ ᠭᠠᠵᠠᠷ ᠣᠷᠣᠨ ᠤ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ | ᠠᠯᠳᠠᠭᠰᠠᠨ ᠡᠲᠡᠭᠡᠳ ᠤᠨ ᠰᠤᠪᠢᠯᠠᠬᠤ ᠪᠠᠷᠢᠮᠵᠢᠶ᠎ᠠ ᠨᠢ ᠰᠠᠷ᠎ᠠ ᠪᠦᠷᠢ 1066 ᠲᠥᠭᠦᠷᠢᠭ᠂ ᠠᠮᠢᠳᠤᠷᠠᠯ ᠢᠶᠠᠨ | ᠠᠷᠭᠠᠴᠠᠬᠤ ᠴᠢᠳᠠᠪᠤᠷᠢ ᠪᠠᠨ ᠬᠡᠰᠡᠭ ᠠᠯᠳᠠᠭᠰᠠᠨ ᠡᠲᠡᠭᠡᠳ ᠤᠨ ᠰᠤᠪᠢᠯᠠᠬᠤ ᠪᠠᠷᠢᠮᠵᠢᠶ᠎ᠠ ᠨᠢ ᠰᠠᠷ᠎ᠠ ᠪᠦᠷᠢ 496 | ᠲᠥᠭᠦᠷᠢᠭ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠤ ᠣᠨᠴᠠ ᠬᠦᠴᠢᠷᠳᠡᠯᠲᠡᠶ | ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠬᠦᠬᠡᠬᠤᠲᠠ ᠶᠢᠨ ᠭᠠᠵᠠᠷ ᠣᠷᠣᠨ ᠤ ᠬᠤᠲᠠ ᠪᠠᠯᠭᠠᠰᠤ | ᠶᠢᠨ ᠪᠠᠷᠢᠮᠵᠢᠶ᠎ᠠ ᠨᠢ ᠰᠠᠷ᠎ᠠ ᠪᠦᠷᠢ 1200 ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠪᠠᠷᠢᠮᠵᠢᠶ᠎ᠠ ᠨᠢ ᠵᠢᠯ | ᠪᠦᠷᠢ 7980 ᠲᠥᠭᠦᠷᠢᠭ ᠪᠣᠯᠤᠨ᠎ᠠ᠃ | | |