ᠥᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠠᠵᠢᠯ ᠢ ᠠᠬᠢᠭᠤᠯᠬᠤ ᠲᠤᠰᠬᠠᠢ ᠰᠡᠳᠦᠪᠳᠦ ᠪᠤᠯᠪᠠᠰᠤᠷᠠᠯ ᠤᠨ ᠠᠩᠬᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2019/6/10
     ᠤᠳᠤᠷᠢᠳᠬᠤ ᠺᠠᠳ᠋ᠷ ᠤᠨ ᠠᠮᠤᠷ ᠲᠦᠪᠰᠢᠨ ᠤ ᠬᠠᠷᠢᠭᠤᠴᠠᠯᠭᠠᠳᠦ ᠤᠬᠠᠮᠰᠠᠷ ᠢ ᠨᠢ ᠴᠢᠨᠠᠬᠰᠢᠳᠠ ᠳᠡᠭᠡᠭᠰᠢᠯᠡᠭᠦᠯᠵᠤ᠂ ᠴᠢᠳᠠᠪᠤᠷᠢ ᠶᠢ ᠨᠢ ᠳᠡᠭᠡᠭᠰᠢᠯᠡᠬᠦᠯᠦᠨ᠂ ᠬᠠᠷᠢᠭᠤᠴᠠᠯᠭ᠎ᠠ ᠶᠢ ᠨᠢ ᠴᠢᠩᠭᠠᠳᠬᠠᠵᠤ᠂ ᠠᠵᠢᠯ ᠢ ᠠᠬᠢᠭᠤᠯᠬᠤ ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠢᠩᠭᠢᠮ ᠠᠴᠠ ᠬᠠᠮᠳᠤᠷᠠᠨ ᠡᠷᠬᠢᠯᠡᠭᠰᠡᠨ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠠᠵᠢᠯ ᠢ ᠠᠬᠢᠭᠤᠯᠬᠤ ᠲᠤᠰᠬᠠᠢ ᠰᠡᠳᠦᠪᠳᠦ ᠪᠤᠯᠪᠠᠰᠤᠷᠠᠯ ᠤᠨ ᠠᠩᠬᠢ᠂ ᠤᠶᠢᠷ᠎ᠠ ᠶᠢᠨ ᠡᠳᠦᠷ ᠵᠧᠵᠢᠶᠠᠩ ᠶᠡᠭᠡ ᠰᠤᠷᠭᠠᠭᠤᠯᠢ ᠳᠤ ᠬᠢᠴᠢᠶᠡᠯ ᠡᠬᠢᠯᠡᠪᠡ᠃      ᠦᠪᠡᠷᠲᠡᠭᠡᠨ ᠵᠠᠰᠠᠬᠤ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠢᠩᠬᠢᠮ ᠤᠨ ᠭᠠᠵᠠᠷ ᠲᠠᠰᠤᠭ ᠤᠨ ᠬᠠᠷᠢᠭᠤᠴᠠᠯᠭᠠᠳᠠᠨ ᠵᠢᠴᠢ ᠠᠶᠢᠮᠠᠬ ᠬᠤᠳᠠ᠂ ᠬᠤᠰᠢᠭᠤ ᠰᠢᠶᠠᠨ ︵ᠲᠤᠭᠤᠷᠢᠭ︶᠎ ᠤ ᠵᠠᠰᠠᠭ ᠎ ᠤᠨ ᠤᠷᠳᠤᠨ ᠤ ᠠᠶᠤᠯ ᠦᠭᠡᠢ ᠦᠢᠯᠡᠳᠪᠤᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠠᠵᠢᠯ ᠎ ᠢ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠶᠢᠨ ᠬᠠᠷᠢᠭᠤᠴᠠᠯᠭᠠᠳᠠᠨ ᠨᠦᠬᠦᠳ ᠵᠡᠷᠭᠡ 70 ᠺᠠᠳ᠋ᠷ ᠲᠤᠰ ᠤᠳᠠᠭᠠᠨ ᠤ ᠪᠤᠯᠪᠠᠰᠤᠷᠠᠯ ᠳᠤ ᠤᠷᠤᠯᠴᠠᠪᠠ᠃ ᠪᠤᠯᠪᠠᠰᠤᠷᠠᠯ ᠨᠢ 5 ᠡᠳᠦᠷ ᠶᠠᠪᠤᠬᠳᠠᠵᠦ᠂ ᠵᠧᠵᠢᠶᠠᠩ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠳᠠᠨ ᠡᠷᠳᠡᠮᠳᠡᠨ ᠲᠤᠰᠪᠤᠷᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠦᠭᠡᠷᠡᠴᠢᠯᠡᠯᠳᠠ ᠬᠦᠭᠵᠢᠯᠳᠠ ᠪᠤᠯᠤᠨ ᠠᠶᠤᠯ ᠦᠭᠡᠢ ᠦᠢᠯᠡᠳᠪᠤᠷᠢᠯᠡᠯ᠂ ᠲᠤᠮᠤ ᠳ᠋ᠠᠶᠢᠲ᠋ᠠ ᠶᠢᠨ ᠴᠠᠭ ᠦᠶ᠎ᠠ ᠶᠢᠨ ᠠᠵᠠ ᠲᠤᠬᠢᠶᠠᠯ ᠪᠤᠯᠤᠨ ᠦᠷᠢᠰᠦᠯᠳᠦᠭᠡᠨ᠂ ᠦᠵᠡᠯᠴᠡᠭᠡᠨ ᠤ ᠤᠨᠤᠯ ᠪᠤᠯᠤᠨ ᠵᠠᠰᠠᠭ ᠤᠨ ᠤᠷᠳᠤᠨ ᠤ ᠬᠠᠮᠢᠶᠠᠷᠤᠯᠳᠠ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠦᠨᠳᠦᠷ ᠪᠦᠳᠦᠮᠵᠢᠳᠦ ᠭᠡᠷᠡᠭᠵᠢᠬᠦᠯᠬᠦ ᠴᠢᠳᠠᠪᠤᠷᠢ ᠶᠢ ᠴᠤᠬᠴᠠᠯᠠᠬᠤ᠂ ᠺᠠᠳ᠋ᠷ ᠤᠨ ᠰᠡᠳᠬᠢᠯ ᠤᠨ ᠳᠠᠷᠤᠯᠳᠠ ᠶᠢ ᠵᠤᠬᠢᠴᠠᠭᠤᠯᠬᠤ ᠪᠤᠯᠤᠨ ᠪᠠᠶᠠᠰᠤᠩᠭᠤᠢ ᠤᠪᠤᠷ᠂ ᠬᠤᠷᠸ᠎ᠠ ᠠᠵᠤ ᠠᠬᠤᠢ ᠪᠤᠯᠤᠨ ᠬᠠᠩᠭᠠᠯᠭ᠎ᠠ ᠶᠢᠨ ᠲᠠᠯ᠎ᠠ ᠶᠢᠨ ᠦᠭᠡᠷᠡᠴᠢᠯᠡᠯᠳᠠ᠂ ᠺᠠᠳ᠋ᠷ ᠤᠨ ᠬᠠᠤᠯᠢ ᠴᠠᠭᠠᠵᠠ ᠶᠢᠨ ᠠᠶᠦᠯ ᠲᠦᠭᠰᠢᠬᠦᠷᠢ ᠶᠢ ᠰᠡᠷᠭᠡᠶᠢᠯᠡᠬᠦ ᠵᠡᠷᠭᠡ ᠲᠤᠰᠬᠠᠢ ᠰᠡᠳᠦᠪᠳᠦ ᠠᠭᠤᠯᠭ᠎ᠠ ᠪᠠᠷ ᠬᠢᠴᠢᠶᠡᠯ ᠤᠷᠤᠵᠠᠢ᠃ ᠡᠬᠦᠨ ᠤ ᠵᠡᠷᠭᠡ ᠪᠠᠷ᠂ ᠰᠤᠷᠤᠯᠭᠠᠳᠠᠳ ᠪᠠᠰᠠ ᠵᠧᠵᠢᠶᠠᠩ ᠶᠡᠭᠡ ᠰᠤᠷᠭᠠᠭᠤᠯᠢ ᠶᠢᠨ ᠵᠦᠩ ᠺᠦᠩ᠂ ᠰᠢᠶᠠᠨ ᠾᠧᠩ ᠤᠯᠠᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠲᠤᠨᠤᠭ ᠲᠦᠬᠦᠭᠡᠷᠤᠮᠵᠢ ᠶᠢᠨ ᠲᠦᠪ ᠲᠤ ᠬᠦᠷᠴᠦ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠳᠠ ᠳᠤ ᠤᠷᠤᠯᠴᠠᠵᠦ᠂ ᠲᠤᠭᠤᠷᠢᠨ ᠦᠵᠡᠵᠦ ᠬᠤᠷᠰᠢᠯᠴᠠᠬᠤ ᠪᠠᠷ ᠳᠠᠮᠵᠢᠭᠤᠯᠤᠨ᠂ ᠰᠤᠷᠤᠯᠭᠠᠳᠠᠳ ᠤᠨ ᠠᠶᠤᠯ ᠦᠭᠡᠢ ᠦᠢᠯᠡᠳᠪᠤᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠤᠬᠠᠢ ᠦᠵᠡᠯ ᠲᠠᠨᠢᠯᠳᠠ ᠶᠢ ᠬᠦᠨᠵᠡᠭᠡᠶᠢᠷᠡᠬᠦᠯᠵᠦ᠂ ᠤᠨᠤᠯ ᠤᠨ ᠮᠡᠳᠡᠯᠭᠡ ᠶᠢᠨ ᠤᠶᠢᠯᠠᠭᠠᠯᠳᠠ ᠪᠠ ᠠᠰᠢᠬᠯᠠᠬᠤ ᠴᠢᠳᠠᠪᠤᠷᠢ ᠶᠢ ᠳᠡᠭᠡᠭᠰᠢᠯᠡᠬᠦᠯᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号