ᠥᠪᠡᠷᠲᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠳᠤᠭᠤᠶᠢᠯᠠᠩ ᠪᠡᠬᠡᠵᠢᠩ ᠳᠤ ᠳᠦᠪ ᠤᠨ ᠨᠢᠬᠡᠴᠢ ᠶᠢᠨ ᠴᠡᠭ ᠲᠣᠭᠲᠠᠭᠠᠨ ᠶᠠᠳᠠᠭᠤ ᠶᠢ ᠳᠡᠳᠬᠦᠬᠦ ᠠᠵᠢᠯ ᠤᠨ ᠳᠤᠬᠠᠢ ᠶᠠᠷᠢᠯᠴᠠᠬᠤ ᠬᠤᠷᠠᠯ ᠬᠢᠪᠡ  ᠯᠢᠨ ᠱᠤᠤ ᠴᠦᠨ ᠮᠠ ᠰᠢᠤᠸᠠᠢ ᠵᠢᠶᠦ᠋ᠨ ᠤᠷᠤᠯᠴᠠᠪᠠ
ᠨᠡᠶᠢᠲᠡᠯᠡᠭᠰᠡᠨ ᠴᠠᠭ᠄
2019/6/10
     6 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠳᠤᠭᠤᠶᠢᠯᠠᠩ ᠪᠡᠬᠡᠵᠢᠩ ᠳᠤ ᠳᠦᠪ ᠤᠨ ᠨᠢᠬᠡᠴᠢ ᠶᠢᠨ ᠴᠡᠭ ᠲᠣᠭᠲᠠᠭᠠᠨ ᠶᠠᠳᠠᠭᠤ ᠶᠢ ᠳᠡᠳᠬᠦᠬᠦ ᠠᠵᠢᠯ ᠤᠨ ᠳᠤᠬᠠᠢ ᠶᠠᠷᠢᠯᠴᠠᠬᠤ ᠬᠤᠷᠠᠯ ᠬᠢᠵᠦ᠂ ᠮᠠᠨ ᠤ ᠤᠷᠤᠨ ᠤ 31 ᠤᠯᠤᠰ ᠤᠨ ᠳᠡᠰ ᠤᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠢ ᠴᠡᠭ ᠲᠣᠭᠲᠠᠭᠠᠨ ᠬᠠᠪᠰᠤᠷᠤᠨ ᠳᠡᠳᠬᠦᠵᠦ ᠪᠠᠶᠢᠭ᠎ᠠ ᠳᠦᠪ ᠤᠨ 26 ᠨᠢᠬᠡᠴᠢ ᠶᠢᠨ ᠬᠢᠨ ᠲᠠᠢ ᠶᠠᠷᠢᠯᠴᠠᠭ᠎ᠠ ᠰᠤᠯᠢᠯᠴᠠᠭ᠎ᠠ ᠬᠢᠪᠡ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠵᠦ ᠦᠬᠡ ᠬᠡᠯᠡᠪᠡ᠃ ᠳᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠬᠦᠬᠦ ᠠᠯᠪᠠᠨ ᠬᠡᠷ ᠤᠨ ᠳᠡᠳ᠋ ᠡᠷᠬᠢᠯᠡᠭᠴᠢ ᠬᠤᠩ ᠳᠢᠶᠠᠨ ᠶᠦᠨ ᠬᠤᠷᠠᠯ ᠳᠤ ᠤᠷᠤᠯᠴᠠᠵᠦ᠂ ᠮᠠᠨ ᠤ ᠤᠷᠤᠨ ᠤ ᠳᠦᠪ ᠤᠨ ᠨᠢᠬᠡᠴᠢ ᠶᠢᠨ ᠬᠢᠨ ᠲᠠᠢ ᠬᠠᠮᠵᠢᠯᠴᠠᠨ ᠴᠡᠭ ᠲᠣᠭᠲᠠᠭᠠᠨ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠬᠢᠬᠦ ᠳᠠᠯ᠎ᠠ ᠪᠠᠷ ᠳᠤᠳᠤᠷᠬᠠᠢ ᠱᠠᠭᠠᠷᠳᠠᠯᠭ᠎ᠠ ᠳᠤᠷᠠᠳᠴᠡᠢ᠃      ᠬᠤᠷᠠᠯ ᠠᠴᠠ ᠵᠢᠭᠠᠭᠰᠠᠨ ᠨᠢ᠂ ᠳᠦᠪ ᠤᠨ 26 ᠨᠢᠬᠡᠴᠢ ᠦᠪᠦᠷ ᠮᠤᠩᠭᠤᠯ ᠳᠤ ᠴᠡᠭ ᠲᠣᠭᠲᠠᠭᠠᠨ ᠶᠠᠳᠠᠭᠤ ᠶᠢ ᠳᠡᠳᠬᠦᠬᠦ ᠠᠵᠢᠯ ᠢ ᠦᠷᠨᠢᠬᠦᠯᠦᠭᠰᠡᠨ ᠠᠴᠠ ᠨᠠᠭᠠᠰᠢ᠂ ᠡᠯ᠎ᠠ ᠨᠢᠬᠡᠴᠢ ᠶᠢᠨ ᠤᠳᠤᠷᠢᠳᠬᠤ ᠨᠦᠬᠦᠳ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠤᠨᠤᠪᠴᠢᠳᠠᠢ ᠪᠦᠬᠡᠳ ᠬᠦᠴᠦᠳᠡᠢ ᠬᠠᠪᠰᠤᠷᠤᠨ ᠳᠡᠳᠬᠦᠬᠦ ᠠᠷᠭ᠎ᠠ ᠬᠡᠮᠵᠢᠶ᠎ᠠ ᠠᠪᠴᠤ᠂ ᠠᠵᠢᠯ ᠤᠨ ᠡᠷᠴᠢᠮ ᠨᠢ ᠴᠢᠩᠭ᠎ᠠ᠂ ᠦᠷ᠎ᠠ ᠪᠦᠳᠦᠮᠵᠢ ᠰᠠᠶᠢᠳᠠᠢ ᠪᠠᠶᠢᠨ᠎ᠠ᠃ ᠦᠪᠡᠷᠳᠡᠬᠡᠨ ᠵᠠᠰᠠᠬᠤ ᠤᠷᠤᠨ ᠠᠴᠠ ᠳᠦᠪ ᠤᠨ ᠨᠢᠬᠡᠴᠢ ᠲᠠᠢ ᠬᠠᠮᠵᠢᠯᠴᠠᠨ ᠴᠡᠭ ᠲᠣᠭᠲᠠᠭᠠᠨ ᠬᠠᠪᠰᠤᠷᠤᠨ ᠳᠡᠳᠬᠦᠬᠦ ᠠᠵᠢᠯ ᠢ ᠰᠠᠶᠢᠳᠤᠷ ᠬᠢᠬᠦ ᠶᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠨᠢᠬᠡᠨᠳᠡ 15 ᠰᠢᠭᠤᠳ ᠬᠠᠷᠢᠶ᠎ᠠ ᠰᠠᠯᠠᠭ᠎ᠠ ᠮᠦᠴᠢᠷ ᠢ ᠳᠦᠪ ᠤᠨ ᠨᠢᠬᠡᠴᠢ ᠯᠦᠭᠡ ᠵᠤᠯᠭᠠᠯᠴᠠᠭᠤᠯᠬᠤ ᠪᠠᠷ ᠳᠤᠬᠳᠠᠭᠠᠵᠦ᠂ ᠳᠦᠪ ᠤᠨ 26 ᠨᠢᠬᠡᠴᠢ ᠠᠴᠠ ᠴᠠᠬ ᠳᠤᠬᠠᠢ ᠳᠤ ᠨᠢ ᠣᠨ ᠤ ᠬᠠᠪᠰᠤᠷᠤᠨ ᠳᠡᠳᠬᠦᠬᠦ ᠶᠠᠪᠤᠳᠠᠯ ᠤᠳ ᠢ ᠬᠦᠢᠴᠡᠳᠬᠡᠵᠡᠢ᠃ ᠳᠠᠷᠠᠭᠠᠴᠢ ᠶᠢᠨ ᠠᠯᠬᠤᠮ ᠳᠤ ᠳᠦᠪ ᠤᠨ ᠨᠢᠬᠡᠴᠢ ᠶᠢᠨ ᠬᠢᠨ ᠯᠦᠭᠡ ᠠᠵᠦ ᠦᠢᠯᠡᠰ ᠢᠶᠠᠷ ᠶᠠᠳᠠᠭᠤ ᠶᠢ ᠳᠡᠳᠬᠦᠬᠦ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ᠂ ᠤᠶᠤᠨ ᠤᠬᠠᠭᠠᠨ ᠢᠶᠠᠷ ᠶᠠᠳᠠᠭᠤ ᠶᠢ ᠳᠡᠳᠬᠦᠬᠦ ᠳᠠᠯ᠎ᠠ ᠪᠠᠷ ᠬᠠᠮᠳᠤᠷᠠᠯᠴᠠᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠴᠡᠭ ᠲᠣᠭᠲᠠᠭᠠᠨ ᠬᠠᠪᠰᠤᠷᠤᠨ ᠳᠡᠳᠬᠦᠬᠦ ᠠᠵᠢᠯ ᠢ ᠬᠦᠨᠵᠡᠬᠡᠢ ᠶᠠᠪᠤᠬᠳᠠᠭᠤᠯᠬᠤ᠂ ᠨᠠᠷᠢᠯᠢᠬ ᠠᠳᠬᠤᠬᠤ᠂ ᠪᠤᠳᠠᠳᠠᠢ ᠨᠠᠶᠢᠳᠠᠪᠤᠷᠢᠵᠢᠭᠤᠯᠬᠤ ᠶᠢ ᠠᠬᠢᠭᠤᠯᠵᠦ᠂ ᠶᠠᠳᠠᠭᠤ ᠶᠢ ᠳᠡᠳᠬᠦᠬᠦ ᠦᠷ᠎ᠠ ᠪᠦᠳᠦᠮᠵᠢ ᠶᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠠ ᠬᠡᠪᠠ᠃      ᠬᠤᠷᠠᠯ ᠠᠴᠠ ᠱᠠᠭᠠᠷᠳᠠᠭᠰᠠᠨ ᠨᠢ᠂ ᠦᠪᠡᠷᠳᠡᠬᠡᠨ ᠵᠠᠰᠠᠬᠤ ᠤᠷᠤᠨ ᠤ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠡᠷᠬᠡᠪᠰᠢ ᠶᠠᠷᠢᠯᠴᠠᠬᠤ ᠬᠤᠷᠠᠯ ᠤᠨ ᠵᠤᠷᠢᠬ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠡᠯ᠎ᠠ ᠬᠠᠪᠰᠤᠷᠤᠨ ᠳᠡᠳᠬᠦᠬᠦ ᠨᠢᠬᠡᠴᠢ ᠲᠠᠢ ᠬᠠᠮᠳᠤ ᠪᠠᠷ ᠴᠡᠭ ᠲᠣᠭᠲᠠᠭᠠᠨ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠦᠷᠨᠢᠬᠦᠯᠵᠦ᠂ ᠴᠡᠭ ᠲᠣᠭᠲᠠᠭᠠᠨ ᠶᠠᠳᠠᠭᠤ ᠶᠢ ᠳᠡᠳᠬᠦᠬᠦ ᠦᠷ᠎ᠠ ᠪᠦᠳᠦᠮᠵᠢ ᠶᠢ ᠦᠷᠬᠦᠯᠵᠢᠯᠡᠨ ᠦᠷᠬᠡᠳᠬᠡᠬᠦ ᠬᠡᠷᠡᠭᠳᠡᠢ᠃ ᠡᠯ᠎ᠠ ᠶᠠᠳᠠᠭᠤ ᠬᠦᠴᠢᠷᠳᠡᠯᠳᠡᠢ ᠰᠢᠶᠠᠨ ᠪᠤᠯᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠡᠷᠬᠡᠪᠰᠢ ᠪᠦᠬᠦ ᠶᠠᠪᠤᠴᠠ ᠳᠤ ᠰᠠᠶᠢᠳᠤᠷ ᠦᠢᠯᠡᠴᠢᠯᠡᠵᠦ᠂ ᠡᠯ᠎ᠠ ᠬᠠᠪᠰᠤᠷᠤᠨ ᠳᠡᠳᠬᠦᠬᠦ ᠨᠢᠬᠡᠴᠢ ᠶᠢᠨ ᠴᠡᠭ ᠲᠣᠭᠲᠠᠭᠠᠨ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠵᠤᠯᠭᠠᠯᠴᠠᠭᠤᠯᠵᠦ᠂ ᠬᠠᠪᠰᠤᠷᠤᠨ ᠳᠡᠳᠬᠦᠬᠦ ᠳᠠᠪᠠᠭᠤᠯᠢᠬ ᠢ ᠦᠨᠡᠨ ᠬᠦ ᠶᠠᠳᠠᠭᠤ ᠬᠦᠴᠢᠷᠳᠡᠯᠳᠡᠢ ᠭᠠᠵᠠᠷ ᠤᠷᠤᠨ ᠤ ᠬᠦᠭᠵᠢᠯᠳᠡ ᠶᠢᠨ ᠳᠠᠪᠠᠭᠤᠯᠢᠬ ᠪᠤᠯᠭᠠᠨ ᠬᠤᠪᠢᠷᠠᠭᠤᠯᠬᠤ ᠬᠡᠷᠡᠭᠳᠡᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号