ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠤᠶᠠᠳᠤᠭᠠᠷ ᠤᠯᠠᠷᠢᠯ ᠤᠨ ᠠᠵᠢᠯᠯᠠᠭ᠎ᠠ ᠶᠢᠨ ᠭᠠᠷᠠᠭ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2019/6/11
     6 ᠳ᠋ᠤᠭᠠᠷ ᠰᠠᠷ᠎ᠠ ᠶᠢᠨ 11᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠤᠶᠠᠳᠤᠭᠠᠷ ᠤᠯᠠᠷᠢᠯ ᠤᠨ ᠠᠵᠢᠯᠯᠠᠭ᠎ᠠ ᠶᠢᠨ ᠭᠠᠷᠠᠭ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠬᠤ᠋ ᠢ ᠬᠤᠸᠠ ᠭᠤᠣᠯ ᠰᠡᠳᠦᠪ ᠢ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠯᠲᠡᠰ ᠤᠨ ᠳᠠᠷᠤᠭ᠎ᠠ ᠵᠦ ᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠣᠨᠣᠯ ᠤᠨ ᠭᠠᠵᠠᠷ ᠤᠨ ᠳᠡᠳ᠋ ᠳᠠᠷᠤᠭ᠎ᠠ ᠵᠣᠣ ᠶᠦᠩ ᠭᠤᠸᠠᠩ᠂ ᠪᠤᠭᠤᠲᠤ ᠬᠤᠲᠠ ᠶᠢᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ᠂ ᠪᠤᠭᠤᠲᠤ ᠬᠤᠲᠠ ᠶᠢᠨ ᠨᠡᠶᠢᠬᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠯᠢᠶᠠᠩ ᠢ ᠭᠤᠸᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠵᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号