6 ᠳ᠋ᠤᠭᠠᠷ ᠰᠠᠷ᠎ᠠ ᠶᠢᠨ 10 ᠤ ᠡᠳᠣᠷ ᠤᠨ ᠦᠳᠡ ᠶᠢᠨ ᠬᠤᠶᠢᠨ᠎ᠠ᠂ ᠬᠠᠷ᠎ᠠ ᠪᠦᠯᠦᠭᠳᠡᠨ ᠬᠠᠷᠬᠢᠰ ᠬᠦᠴᠦᠨ | ᠢ ᠠᠷᠢᠯᠭᠠᠬᠤ ᠲᠦᠪ ᠤᠨ 15 ᠳ᠋ᠤᠭᠠᠷ ᠰᠢᠮᠳᠠᠭᠤᠯᠣᠨ ᠵᠢᠯᠤᠭᠤᠳᠬᠤ ᠲᠤᠭᠤᠢᠢᠯᠠᠩ ᠥᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠢ ᠰᠢᠮᠳᠠᠭᠤᠯᠣᠨ ᠵᠢᠯᠤᠭᠤᠳᠤᠭᠰᠠᠠ ᠠᠵᠢᠯ ᠤᠨ ᠢᠶᠠᠨ ᠲᠤᠬᠠᠢ ᠵᠠᠷᠯᠠᠨ ᠮᠡᠳᠡᠭᠳᠡᠵᠦ | ᠵᠤᠯᠭᠠᠯᠴᠠᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠲᠦᠪ ᠤᠨ ᠰᠢᠮᠳᠠᠭᠤᠯᠣᠨ ᠵᠢᠯᠤᠭᠤᠳᠬᠤ ᠲᠤᠭᠤᠢᠢᠯᠠᠩ | ᠤᠨ ᠳᠠᠷᠤᠭ᠎ᠠ ᡁᠢ ᠱᠦ ᠫᠢᠩ ᠬᠤᠷᠠᠯ ᠡᠷᠬᠢᠯᠡᠬᠦ ᠶᠢᠨ ᠬᠠᠮᠳᠦ ᠰᠢᠮᠳᠠᠭᠤᠯᠣᠨ ᠵᠢᠯᠤᠭᠤᠳᠬᠤ ᠲᠤᠭᠤᠢᠢᠯᠠᠩ ᠤᠨ ᠮᠠᠨ | ᠤ ᠤᠷᠤᠨ ᠳᠤ ᠰᠠᠭᠤᠬᠰᠠᠨ ᠠᠴᠠ ᠨᠠᠭᠠᠰᠢᠬᠢ ᠰᠢᠮᠳᠠᠭᠤᠯᠣᠨ ᠵᠢᠯᠤᠭᠤᠳᠬᠤ ᠠᠵᠢᠯ ᠦᠷᠨᠢᠬᠦᠯᠦᠭᠰᠡᠨ ᠬᠤᠯᠪᠤᠭᠳᠠᠯ | ᠪᠦᠬᠦᠢ ᠪᠠᠶᠢᠳᠠᠯ ᠢ ᠮᠡᠳᠡᠭᠳᠡᠪᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠤᠪᠤᠷ ᠢᠶᠠᠨ | ᠢᠯᠡᠳᠭᠡᠬᠦ ᠦᠬᠡ ᠬᠡᠯᠡᠵᠠᠢ᠃ | ᠲᠦᠪ ᠤᠨ ᠰᠢᠮᠳᠠᠭᠤᠯᠣᠨ ᠵᠢᠯᠤᠭᠤᠳᠬᠤ ᠲᠤᠭᠤᠢᠢᠯᠠᠩ ᠤᠨ ᠳᠡᠳ᠋ ᠳᠠᠷᠤᠭ᠎ᠠ ᠰᠢᠤᠢ ᠬᠠᠢ ᠪᠢᠨ ᠵᠢᠴᠢ ᠪᠦᠬᠦ | ᠭᠡᠰᠢᠬᠦᠳ᠂ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠯᠢᠨ ᠱᠤᠤ ᠴᠦᠨ᠂ ᠯᠢᠦ ᠴᠢ | ᠹᠠᠨ᠂ ᠶᠠᠩ ᠸᠧᠢ ᠳ᠋ᠦᠩ᠂ ᠵᠠᠩ ᠱᠤᠤ ᠴᠦᠨ ᠵᠢᠴᠢ ᠦᠪᠡᠷᠲᠡᠭᠡᠨ ᠵᠠᠰᠠᠬᠤ ᠤᠷᠤᠨ ᠤ ᠰᠢᠬᠦᠬᠦ ᠬᠤᠷᠢᠶ᠎ᠠ ᠶᠢᠨ | ᠲᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠤᠷᠤᠯᠴᠠᠪᠠ᠃ | ᡁᠢ ᠱᠦ ᠫᠢᠩ ᠢᠯᠡᠳᠬᠡᠬᠦ ᠳᠤ ᠪᠠᠨ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠨᠢ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠲᠦᠪ ᠤᠨ | ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ | ᠢᠳᠡᠪᠬᠢᠳᠠᠢ ᠲᠦᠰᠦᠪᠯᠡᠨ ᠪᠠᠶᠢᠷᠢᠯᠠᠭᠤᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠨ᠂ | ᠪᠠᠷᠢᠮᠵᠢᠶᠠᠯᠠᠵᠦ ᠬᠠᠷᠭᠤᠭᠤᠯᠬᠤ ᠶᠢ ᠴᠢᠬᠤᠯᠠᠴᠢᠯᠠᠵᠦ᠂ ᠪᠦᠬᠦ ᠤᠷᠤᠨ ᠳᠤ ᠬᠠᠤᠯᠢ ᠶᠤᠰᠤᠭᠠᠷ ᠴᠢᠩᠭ᠎ᠠ ᠴᠤᠬᠢᠯᠳᠠ | ᠦᠭᠴᠦ ᠬᠦᠨᠵᠡᠭᠡᠢ ᠠᠭᠤᠳᠠᠯᠵᠦ ᠲᠦᠢᠯᠪᠤᠷᠢᠳᠠᠢ ᠪᠠᠶᠢᠴᠠᠭᠠᠬᠤ ᠰᠦᠷ ᠬᠦᠴᠦᠳᠦ ᠪᠠᠶᠢᠳᠠᠯ ᠢ ᠪᠦᠷᠢᠯᠳᠦᠬᠦᠯᠵᠦ᠂ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠱᠠᠳᠤᠴᠢ ᠴᠢᠨᠠᠷᠳᠠᠢ ᠴᠢᠬᠤᠯᠠ ᠦᠷ᠎ᠠ | ᠪᠦᠳᠦᠮᠵᠢ ᠤᠯᠵᠠᠢ ᠭᠡᠪᠡ᠃ | ᠡᠮᠦᠨᠡᠬᠢ ᠬᠤᠭᠤᠴᠠᠭᠠᠨ ᠤ ᠶᠠᠷᠢᠯᠴᠠᠬᠤ᠂ ᠰᠤᠷᠪᠤᠯᠵᠢᠯᠠᠬᠤ ᠪᠠ ᠰᠢᠮᠳᠠᠭᠤᠯᠣᠨ ᠵᠢᠯᠤᠭᠤᠳᠤᠭᠰᠠᠠ ᠠᠵᠢᠯ ᠤᠨ | ᠪᠠᠶᠢᠳᠠᠯ ᠢᠶᠠᠨ ᠦᠨᠳᠦᠰᠦᠯᠡᠵᠦ᠂ ᠰᠢᠮᠳᠠᠭᠤᠯᠣᠨ ᠵᠢᠯᠤᠭᠤᠳᠬᠤ ᠲᠤᠭᠤᠢᠢᠯᠠᠩ ᠠᠴᠠ ᠵᠢᠷᠭᠤᠭᠠᠨ ᠲᠠᠯ᠎ᠠ ᠶᠢᠨ | ᠠᠰᠠᠭᠤᠳᠠᠯ ᠢ ᠵᠢᠭᠠᠵᠦ ᠭᠠᠷᠭᠠᠵᠠᠢ᠃ ᠤᠯᠤᠰ ᠲᠦᠷᠦ ᠶᠢᠨ ᠵᠤᠬᠰᠤᠴᠠ ᠶᠢᠨ ᠲᠠᠯ᠎ᠠ ᠪᠠᠷ᠂ ᠨᠢᠭᠡ ᠳᠤ᠂ ᠵᠠᠷᠢᠮ | ᠤᠷᠤᠨ ᠨᠤᠳᠤᠭ᠂ ᠰᠠᠯᠠᠭ᠎ᠠ ᠮᠦᠴᠢᠷ ᠤᠨ ᠤᠳᠤᠷᠢᠳᠤᠯᠭ᠎ᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠪᠠ ᠲᠦᠪ ᠤᠨ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠰᠤᠷᠤᠯᠴᠠᠨ ᠲᠤᠭᠤᠰᠢᠯᠠᠭᠤᠯᠬᠤ | ᠲᠠᠯ᠎ᠠ ᠪᠠᠷ ᠬᠦᠨᠵᠡᠭᠡᠢ ᠪᠤᠰᠤ ᠨᠡᠪᠳᠡᠷᠡᠭᠡᠢ ᠪᠤᠰᠤ ᠪᠠᠶᠢᠵᠤ᠂ ᠪᠤᠳᠠᠳᠠᠢ ᠨᠠᠶᠢᠳᠠᠪᠤᠷᠢᠵᠢᠭᠤᠯᠬᠤ ᠲᠠᠯ᠎ᠠ ᠪᠠᠷ ᠠᠨᠠᠢ ᠪᠠᠶᠢᠨ᠎ᠠ᠃ | ᠬᠤᠶᠠᠷ ᠲᠤ᠂ ᠵᠠᠷᠢᠮ ᠰᠠᠯᠠᠭ᠎ᠠ ᠮᠦᠴᠢᠷ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠬᠠᠷᠢᠭᠤᠴᠠᠯᠭᠠᠳᠦ ᠤᠬᠠᠮᠰᠠᠷ ᠴᠢᠩᠭ᠎ᠠ ᠪᠤᠰᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠬᠦ ᠲᠠᠯ᠎ᠠ ᠪᠠᠷ | ᠠᠨᠠᠢ ᠪᠠᠶᠢᠨ᠎ᠠ᠃ ᠭᠤᠷᠪᠠ ᠳᠤ᠂ ᠵᠠᠷᠢᠮ ᠤᠷᠤᠨ ᠨᠤᠳᠤᠭ ᠪᠠ ᠰᠠᠯᠠᠭ᠎ᠠ ᠮᠦᠴᠢᠷ ᠤᠨ ᠬᠠᠷ᠎ᠠ ᠪᠦᠯᠦᠭᠳᠡᠨ ᠬᠠᠷᠬᠢᠰ | ᠬᠦᠴᠦᠨ ᠤ ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠶᠢᠨ ᠬᠦᠨᠳᠦ ᠬᠡᠴᠡᠭᠦᠤ ᠴᠢᠨᠠᠷ᠂ ᠪᠤᠳᠤᠯᠢᠶᠠᠨᠳᠦ ᠴᠢᠨᠠᠷ | ᠤᠨ ᠲᠤᠬᠠᠢ ᠲᠠᠨᠢᠯᠳᠠ ᠬᠦᠷᠦᠯᠴᠡᠬᠦ ᠦᠭᠡᠢ᠂ ᠠᠬᠢᠭᠤᠯᠬᠤ ᠬᠦᠴᠦᠨ ᠢᠶᠠᠷ ᠶᠡᠭᠡ ᠪᠢᠰᠢ ᠪᠠᠶᠢᠨ᠎ᠠ᠃ ᠲᠦᠷᠪᠡ ᠳᠤ᠂ | ᠤᠯᠠᠨ ᠲᠦᠮᠡᠨ ᠢ ᠵᠤᠬᠢᠶᠠᠨ ᠪᠠᠶᠢᠭᠤᠯᠵᠤ ᠲᠠᠶᠢᠴᠢᠯᠠᠬᠤ ᠲᠠᠯ᠎ᠠ ᠪᠠᠷ ᠬᠦᠢᠴᠡᠳ ᠦᠭᠡᠢ᠂ ᠤᠯᠠᠨ ᠲᠦᠮᠡᠨ ᠤ | ᠤᠷᠤᠯᠴᠠᠬᠤ ᠤᠷᠬᠢᠯᠤᠮ᠎ᠠ ᠬᠠᠯᠠᠭᠤᠨ ᠰᠡᠳᠬᠢᠯᠭᠡ ᠶᠢ ᠬᠦᠭᠵᠢᠭᠡᠬᠦ ᠠᠷᠭ᠎ᠠ ᠭᠡᠮᠵᠢᠶ᠎ᠠ ᠶᠢᠨ ᠲᠠᠯ᠎ᠠ ᠪᠠᠷ ᠴᠢᠨᠠᠬᠰᠢᠳᠠ | ᠰᠢᠨ᠎ᠠ ᠶᠢ ᠡᠬᠦᠳᠬᠦ ᠴᠢᠬᠤᠯᠠᠳᠠᠢ ᠪᠠᠶᠢᠨ᠎ᠠ᠃ ᠬᠠᠤᠯᠢ ᠶᠤᠰᠤᠭᠠᠷ ᠴᠢᠩᠭ᠎ᠠ ᠵᠠᠯᠬᠠᠭᠠᠨ ᠰᠢᠢᠳᠭᠡᠬᠦ ᠲᠠᠯ᠎ᠠ ᠪᠠᠷ᠂ | ᠨᠢᠭᠡ ᠳᠤ᠂ ᠵᠠᠷᠢᠮ ᠰᠦᠪᠡᠭᠴᠢ ᠶᠢ ᠰᠠᠨᠠᠭᠠᠴᠢᠯᠠᠭ᠎ᠠ ᠠᠴᠠ ᠪᠠᠨ ᠰᠢᠭᠰᠢᠨ ᠪᠠᠶᠢᠴᠠᠭᠠᠬᠤ ᠲᠠᠯ᠎ᠠ ᠪᠠᠷ ᠡᠷᠴᠢᠮ ᠰᠤᠯᠠ᠂ | ᠰᠦᠪᠡᠭᠴᠢ ᠶᠢ ᠬᠠᠷᠭᠤᠭᠤᠯᠤᠨ ᠳᠤᠳᠤᠯᠠᠵᠦ ᠪᠠᠶᠢᠴᠠᠭᠠᠬᠤ ᠶᠠᠰᠦ ᠴᠢᠨᠠᠷ ᠪᠠ ᠦᠷ᠎ᠠ ᠪᠦᠳᠦᠮᠵᠢ ᠪᠠᠷ ᠲᠤᠤᠷ᠎ᠠ ᠪᠠᠶᠢᠨ᠎ᠠ᠃ | ᠬᠤᠶᠠᠷ ᠲᠤ᠂ ᠲᠤᠰᠬᠠᠢ ᠲᠡᠮᠡᠴᠡᠯ ᠢ ᠦᠷᠨᠢᠬᠦᠯᠦᠭᠰᠡᠨ ᠨᠢ ᠲᠡᠩᠴᠡᠬᠦᠷᠢ ᠦᠭᠡᠢ᠂ ᠬᠠᠷ᠎ᠠ ᠪᠦᠯᠦᠭᠳᠡᠨ ᠳᠤ | ᠬᠤᠯᠪᠤᠭᠳᠠᠬᠤ ᠵᠤᠬᠢᠶᠠᠨ ᠪᠠᠶᠢᠭᠤᠯᠤᠯᠳᠠ ᠵᠢᠴᠢ ᠲᠤᠮᠤ ᠭᠡᠷᠡᠭ ᠬᠦᠨᠳᠦ ᠭᠡᠷᠡᠭ ᠢ ᠪᠠᠶᠢᠴᠠᠭᠠᠨ ᠰᠢᠢᠳᠪᠤᠷᠢᠯᠡᠭᠰᠡᠨ | ᠲᠤᠭ᠎ᠠ ᠭᠡᠮᠵᠢᠶ᠎ᠠ ᠪᠠᠷ ᠴᠦᠬᠡᠨ ᠪᠠᠶᠢᠨ᠎ᠠ᠃ ᠭᠤᠷᠪᠠ ᠳᠤ᠂ ᠲᠤᠳᠤᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ | ᠰᠢᠬᠦᠬᠦ ᠬᠤᠷᠢᠶ᠎ᠠ ᠭᠤᠷᠪᠠᠨ ᠪᠠᠶᠢᠭᠤᠯᠭ᠎ᠠ ᠨᠢ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠤ ᠶᠠᠯᠠᠲᠤ | ᠠᠵᠢᠯᠯᠠᠭ᠎ᠠ ᠳᠤ ᠴᠤᠬᠢᠯᠲᠠ ᠦᠭᠬᠦ ᠳᠤ ᠵᠤᠬᠢᠴᠠᠭᠤᠯᠭ᠎ᠠ ᠭᠦᠢᠴᠡᠳ ᠪᠤᠰᠤ᠂ ᠵᠠᠷᠢᠮ ᠬᠡᠷᠡᠭ ᠤᠨ ᠴᠢᠨᠠᠷ ᠤᠨ | ᠲᠤᠬᠲᠠᠭᠠᠯᠲᠠ ᠳᠡᠭᠡᠷ᠎ᠡ ᠵᠦᠷᠢᠯᠳᠦᠭᠡᠨ ᠲᠠᠢ ᠪᠠᠶᠢᠨ᠎ᠠ᠃ ᠳᠦᠷᠪᠡ ᠳᠤ᠂ ᠬᠡᠷᠡᠭ ᠢ ᠰᠢᠢᠳᠪᠦᠷᠢᠯᠡᠬᠦ ᠶᠠᠰᠤ ᠴᠢᠨᠠᠷ ᠪᠠ | ᠦᠷ᠎ᠡ ᠪᠦᠲᠦᠮᠵᠢ ᠪᠠᠷ ᠦᠨᠳᠦᠷ ᠪᠢᠰᠢ᠂ ᠵᠠᠷᠢᠮ ᠬᠡᠷᠡᠭ ᠢ ᠰᠢᠢᠳᠪᠦᠷᠢᠯᠡᠬᠦ ᠬᠤᠭᠤᠴᠠᠭ᠎ᠠ ᠨᠢ ᠭᠡᠳᠦ ᠤᠷᠳᠤ ᠪᠠᠶᠢᠨ᠎ᠠ᠃ | ᠲᠠᠪᠤ ᠳᠤ᠂ ︽ᠡᠳ᠋ ᠬᠦᠷᠦᠩᠬᠡ ᠶᠢ ᠨᠢ ᠬᠤᠷᠢᠶᠠᠵᠤ ᠡᠳ᠋ ᠤᠨ ᠬᠦᠴᠦᠨ ᠤ ᠢᠷᠡᠯᠳᠡ ᠶᠢ ᠨᠢ ᠲᠠᠰᠤᠯᠠᠬᠤ︾ | ᠲᠠᠯ᠎ᠠ ᠪᠠᠷ ᠠᠰᠠᠭᠤᠳᠠᠯ ᠳᠤᠪᠤᠶᠢᠮ᠎ᠡ ᠤᠷᠤᠰᠢᠵᠤ᠂ ᠡᠳ᠋ ᠬᠦᠷᠦᠩᠭᠡ ᠶᠢᠨ ᠡᠷᠡᠭᠦᠦ ᠶᠢᠨ ᠬᠡᠷᠡᠭᠯᠡᠯᠲᠡ ᠲᠡᠩᠴᠡᠭᠦᠷᠢ | ᠦᠭᠡᠢ᠂ ᠭᠦᠢᠴᠡᠳᠬᠡᠭᠰᠡᠨ ᠦᠷ᠎ᠡ ᠪᠦᠲᠦᠮᠵᠢ ᠲᠡᠶᠢᠮᠦ ᠬᠠᠩᠭᠠᠮᠵᠢᠲᠠᠢ ᠪᠢᠰᠢ ᠪᠠᠶᠢᠨ᠎ᠠ᠃ ᠭᠦᠨᠵᠡᠭᠡᠢ ᠠᠭᠤᠳᠠᠯᠵᠤ | ᠲᠦᠢᠯᠪᠤᠷᠢᠲᠠᠢ ᠪᠠᠶᠢᠴᠠᠭᠠᠬᠤ ᠲᠠᠯ᠎ᠠ ᠪᠠᠷ᠂ ᠨᠢᠭᠡ ᠳᠤ᠂ ︽ᠬᠠᠮᠠᠭᠠᠯᠠᠬᠴᠢ ᠰᠢᠬᠦᠷ ᠬᠠᠷᠢᠴᠠᠭᠠᠨ ᠤ ᠲᠤᠤᠷ ᠢ ᠨᠢ | ᠡᠪᠳᠡᠵᠤ︾᠂ ᠭᠦᠨᠵᠡᠭᠡᠢ ᠠᠭᠤᠳᠠᠯᠵᠤ ᠲᠦᠢᠯᠪᠤᠷᠢᠳᠠᠢ ᠪᠠᠶᠢᠴᠠᠭᠠᠬᠤ ᠲᠠᠯ᠎ᠠ ᠪᠠᠷ ᠪᠠᠰᠠ ᠨᠠᠯᠢᠶᠡᠳ ᠶᠡᠭᠡ | ᠵᠦᠷᠢᠶ᠎ᠡ ᠲᠠᠢ ᠪᠠᠶᠢᠨ᠎ᠠ᠃ ᠬᠤᠶᠠᠷ ᠲᠤ᠂ ᠵᠠᠷᠢᠮ ᠤᠷᠤᠨ ᠨᠤᠲᠤᠬ ᠪᠠ ᠬᠡᠷᠡᠭ ᠢ ᠰᠢᠪᠲᠤᠯᠬᠤ ᠡᠷᠴᠢᠮ ᠶᠡᠭᠡ ᠪᠢᠰᠢ | ᠪᠠᠶᠢᠨ᠎ᠠ᠃ ᠭᠤᠷᠪᠠ ᠳᠤ᠂ ︽ᠨᠢᠭᠡ ᠬᠡᠷᠡᠭ ᠢ ᠭᠤᠷᠪᠠ ᠪᠠᠶᠢᠴᠠᠭᠠᠬᠤ︾ ᠨᠢ ᠢᠵᠢᠯ ᠠᠯᠬᠤᠮ ᠪᠢᠰᠢ ᠪᠠᠶᠢᠨ᠎ᠠ᠃ | ᠶᠡᠷᠦᠩᠭᠡᠶᠢᠯᠡᠨ ᠵᠠᠰᠠᠬᠤ ᠲᠠᠯ᠎ᠠ ᠪᠠᠷ᠂ ᠨᠢᠭᠡ ᠳᠤ᠂ ᠬᠡᠰᠡᠭ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ | ᠨᠡᠯᠢᠶᠡᠳ ᠤᠯᠠᠨ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠤ ᠠᠰᠠᠭᠤᠳᠠᠯ ᠤᠷᠤᠰᠢᠵᠤ ᠪᠠᠶᠢᠨ᠎ᠠ᠃ | ᠬᠤᠶᠠᠷ ᠲᠤ᠂ ᠵᠠᠷᠢᠮ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠲᠠ | ᠤᠷᠤᠨ ᠪᠠᠶᠢᠷᠢ ᠳᠤ ᠪᠠᠨ ᠬᠦᠷᠦᠭᠡᠳᠦᠢ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠶᠢ | ᠰᠠᠨᠠᠭᠠᠴᠢᠯᠠᠭ᠎ᠠ ᠲᠠᠢ ᠠᠳᠬᠤᠬᠤ ᠪᠠᠷ ᠠᠨᠠᠢ ᠪᠠᠶᠢᠨ᠎ᠠ᠃ ᠭᠤᠷᠪᠠ ᠳᠤ᠂ ᠤᠯᠤᠰ ᠲᠦᠷᠦ ᠬᠠᠤᠯᠢ ᠴᠠᠭᠠᠵᠠ ᠶᠢᠨ | ᠰᠠᠯᠠᠭ᠎ᠠ ᠮᠦᠴᠢᠷ ᠪᠠ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠤᠯᠪᠤᠯᠳᠤᠭᠰᠠᠠ | ᠬᠦᠳᠡᠯᠦᠯᠴᠡᠯ ᠭᠦᠢᠴᠡᠳ ᠪᠤᠰᠤ᠂ ᠵᠠᠰᠠᠬ ᠵᠠᠬᠢᠷᠭ᠎ᠠ ᠶᠢᠨ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ | ᠴᠠᠭᠠᠵᠠ ᠶᠢᠨ ᠵᠤᠯᠭᠠᠯᠴᠠᠭ᠎ᠠ ᠨᠢᠬᠲᠠ ᠪᠤᠰᠤ ᠪᠠᠶᠢᠨ᠎ᠠ᠃ ᠵᠤᠬᠢᠶᠠᠨ ᠪᠠᠶᠢᠭᠤᠯᠤᠯᠲᠠ ᠶᠢᠨ ᠴᠤᠬᠴᠠᠯᠠᠯᠲᠠ ᠶᠢᠨ | ᠲᠠᠯ᠎ᠠ ᠪᠠᠷ᠂ ᠨᠢᠭᠡ ᠳᠤ᠂ ᠲᠤᠰᠬᠤᠨ ᠤ ︽ᠬᠤᠶᠠᠷ ᠵᠦᠪᠯᠡᠯ︾ ᠤᠨ ᠺᠠᠳ᠋ᠷ ᠢ ᠰᠤᠩᠭᠤᠬᠤ ᠪᠤᠭᠤᠮᠲᠠ ᠶᠢ ᠰᠠᠬᠢᠬᠤ | ᠲᠠᠯ᠎ᠠ ᠪᠠᠷ ᠴᠢᠩᠭ᠎ᠠ ᠪᠤᠰᠤ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠺᠠᠳ᠋ᠷᠴᠤᠳ ᠤᠨ ᠬᠠᠷ᠎ᠠ | ᠪᠦᠯᠦᠭᠲᠡᠨ ᠬᠠᠷᠬᠢᠰ ᠬᠦᠴᠦᠨ ᠳᠤ ᠬᠤᠯᠪᠤᠬᠳᠠᠬᠤ ᠠᠰᠠᠭᠤᠳᠠᠯ ᠨᠡᠯᠢᠶᠡᠳ ᠬᠦᠨᠳᠦ ᠨᠤᠴᠢᠲᠠᠢ ᠪᠠᠶᠢᠨ᠎ᠠ᠃ | ᠬᠤᠶᠠᠷ ᠲᠤ᠂ ᠪᠠᠭ᠎ᠠ ᠪᠤᠰᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠰᠤᠯᠠ ᠪᠠᠭᠤᠷᠠᠢ ᠬᠦᠴᠦᠨ | ᠦᠭᠡᠢ᠂ ᠵᠠᠷᠢᠮ ᠲᠤᠰᠬᠤᠨ ᠤ ︽ᠬᠤᠶᠠᠷ ᠵᠦᠪᠯᠡᠯ︾ ᠤᠨ ᠺᠠᠳ᠋ᠷ ᠤᠨ ᠬᠡᠪ ᠪᠤᠯᠪᠠᠰᠤᠷᠠᠯ ᠦᠨᠳᠦᠷ ᠪᠢᠰᠢ ᠪᠠᠶᠢᠨ᠎ᠠ᠃ | ᠭᠤᠷᠪᠠ ᠳᠤ᠂ ᠬᠡᠰᠡᠭ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠪᠠᠭᠤᠷᠠᠢ ᠰᠠᠯᠠᠩ ᠵᠠᠲᠠᠭᠠᠢ ᠪᠠᠶᠢᠨ᠎ᠠ᠃ | ᠳᠦᠷᠪᠡ ᠳᠤ᠂ ᠹᠸᠤᠳᠠᠯ ᠤᠨ ᠨᠦᠯᠦᠭᠡ᠂ ᠬᠠᠤᠯᠢ ᠪᠤᠰᠤ ᠱᠠᠰᠢᠨ ᠰᠤᠷᠲᠠᠬᠤᠨ ᠪᠠᠰᠠ ᠨᠡᠪᠴᠢᠵᠤ ᠤᠷᠤᠬᠤ ᠵᠠᠬ᠎ᠠ | ᠲᠠᠯᠬᠡᠬᠦᠷ ᠲᠠᠢ ᠪᠠᠶᠢᠨ᠎ᠠ᠃ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠲᠠᠯ᠎ᠠ ᠪᠠᠷ᠂ ᠨᠢᠭᠡ ᠳᠤ᠂ ᠬᠠᠷ᠎ᠠ | ᠪᠦᠯᠦᠭᠲᠡᠨ ᠢ ᠠᠷᠢᠯᠭᠠᠬᠤ ᠴᠦᠬᠡᠨ ᠪᠤᠰᠤ ᠠᠯᠪᠠᠨ ᠭᠡᠷ ᠤᠨ ᠬᠦᠴᠦᠨ ᠨᠢ ᠭᠦᠢᠴᠡᠳ ᠪᠤᠰᠤ᠂ ᠡᠷᠬᠡ ᠰᠦᠷ ᠦᠨᠳᠦᠷ | ᠪᠤᠰᠤ᠂ ᠵᠤᠬᠢᠴᠠᠭᠤᠯᠭ᠎ᠠ ᠰᠢᠯᠤᠭᠤᠨ ᠪᠢᠰᠢ ᠪᠠᠶᠢᠨ᠎ᠠ᠃ ᠬᠤᠶᠠᠷ ᠲᠤ᠂ ᠬᠠᠷ᠎ᠠ ᠪᠦᠯᠦᠭᠲᠡᠨ ᠬᠠᠷᠬᠢᠰ ᠬᠦᠴᠦᠨ ᠢ | ᠠᠷᠢᠯᠭᠠᠬᠤ ᠤᠳᠤᠷᠢᠳᠬᠤ ᠳᠤᠭᠤᠢᠢᠯᠠᠩ ᠵᠢᠴᠢ ᠲᠡᠭᠦᠨ ᠤ ᠠᠯᠪᠠᠨ ᠭᠡᠷ ᠤᠨ ᠲᠦᠷᠦᠭᠦᠯᠡᠨ ᠵᠤᠬᠢᠴᠠᠭᠤᠯᠬᠤ | ᠦᠢᠯᠡᠳᠦᠯ ᠢᠶᠠᠨ ᠪᠠᠳᠠᠷᠠᠭᠤᠯᠤᠬᠰᠠᠨ ᠨᠢ ᠭᠦᠢᠴᠡᠳ ᠪᠤᠰᠤ ᠪᠠᠶᠢᠨ᠎ᠠ᠃ ᠭᠤᠷᠪᠠ ᠳᠤ᠂ ᠳᠤᠭᠤᠭᠰᠢ ᠪᠠᠨ | ᠵᠢᠯᠤᠭᠤᠳᠬᠤ ᠠᠵᠢᠯ ᠭᠦᠢᠴᠡᠳ ᠪᠤᠰᠤ ᠪᠠᠶᠢᠨ᠎ᠠ᠃ | ᠡᠨᠡ ᠬᠦ ᠵᠢᠷᠭᠤᠭᠠᠨ ᠲᠠᠯ᠎ᠠ ᠶᠢᠨ 22 ᠪᠤᠲᠠᠲᠠᠢ ᠠᠰᠠᠭᠤᠳᠠᠯ ᠳᠤ ᠬᠠᠨᠳᠤᠭᠤᠯᠤᠨ ᡁᠢ ᠱᠦ ᠫᠢᠩ᠂ ᠪᠦᠬᠦ | ᠤᠷᠤᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠨᠢ ︽ᠤᠬ ᠰᠠᠨᠠᠭ᠎ᠠ ᠪᠠᠨ ᠦᠯᠦ ᠮᠠᠷᠲᠠᠵᠤ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠲᠠᠢ ᠤᠶᠠᠯᠳᠤᠭᠤᠯᠤᠨ᠂ ᠨᠢᠭᠡ | ᠤᠳᠠᠭ᠎ᠠ ᠶᠢᠨ ᠳᠡᠭᠡᠷ᠎ᠡ ᠱᠠᠲᠦ ᠠᠴᠠ ᠳᠤᠤᠷ᠎ᠠ ᠱᠠᠲᠦ ᠬᠦᠷᠲᠡᠯᠡᠬᠢ ᠬᠠᠷ᠎ᠠ ᠪᠦᠯᠦᠭᠲᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠰᠡᠳᠦᠪᠲᠤ ᠰᠤᠷᠤᠯᠴᠠᠭ᠎ᠠ ᠶᠢ ᠨᠠᠷᠢᠨ ᠬᠢᠨᠠᠮᠠᠭᠠᠢ ᠦᠷᠨᠢᠭᠦᠯᠵᠦ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠭᠤᠤᠯᠴᠢᠯᠠᠨ ᠰᠤᠷᠤᠯᠴᠠᠨ ᠤᠢᠢᠯᠠᠭᠠᠵᠤ᠂ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ | ᠳᠡᠭᠡᠷ᠎ᠡ ᠦᠨᠡᠨ ᠬᠦ ᠨᠢᠭᠡᠳᠬᠡᠨ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠪᠠᠶᠢᠷᠢᠨ ᠳᠤ ᠲᠠᠯᠪᠢᠵᠤ ᠪᠤᠳᠤᠯᠬᠢᠯᠠᠨ | ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠲᠠᠢ ᠪᠠᠨ ᠤᠶᠠᠯᠳᠤᠭᠤᠯᠤᠨ ᠨᠢᠬᠡᠨ ᠤᠳᠠᠭ᠎ᠠ ᠶᠢᠨ ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ ᠬᠠᠷᠢᠭᠤᠴᠠᠯᠭ᠎ᠠ ᠶᠢ ᠵᠠᠳᠠᠯᠤᠨ ᠰᠤᠳᠤᠯᠬᠤ ᠠᠵᠢᠯᠯᠠᠭ᠎ᠠ ᠵᠤᠬᠢᠶᠠᠨ ᠪᠠᠶᠢᠭᠤᠯᠵᠦ᠂ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠤᠨ ᠳᠤᠰᠢᠶᠠᠯ ᠬᠠᠷᠢᠭᠤᠴᠠᠯᠭ᠎ᠠ ᠡᠬᠦᠷᠬᠡ ᠶᠢ | ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠠᠳᠬᠤᠵᠤ᠂ ᠦᠪᠡᠷ ᠤᠨ ᠪᠠᠶ᠎ᠠ ᠪᠠᠨ ᠤᠷᠤᠯᠴᠠᠭᠤᠯᠵᠦ ᠪᠠᠶᠢᠭᠠᠳ | ᠬᠦᠷᠦᠯᠴᠡᠬᠦ ᠦᠬᠡᠢ ᠵᠦᠢᠯᠡᠰ ᠢᠶᠠᠨ ᠬᠦᠨᠵᠡᠬᠡᠢ ᠪᠠᠶᠢᠴᠠᠭᠠᠨ ᠡᠷᠢᠵᠦ᠂ ᠠᠰᠠᠭᠤᠳᠠᠯ ᠤᠨ ᠰᠢᠯᠳᠠᠭᠠᠨ ᠢ ᠵᠠᠳᠠᠯᠤᠨ᠂ | ᠠᠵᠢᠯ ᠤᠨ ᠬᠠᠷᠢᠭᠤᠴᠠᠯᠭ᠎ᠠ ᠶᠢ ᠳᠤᠳᠤᠷᠬᠠᠢᠢᠯᠠᠬᠤ ᠬᠡᠷᠡᠭᠳᠡᠢ᠃ ᠬᠠᠷᠢᠭᠤᠴᠠᠯᠭ᠎ᠠ ᠳᠤᠯᠭᠠᠬᠤ ᠳᠤᠬᠳᠠᠴᠠ᠂ ᠵᠤᠬᠢᠶᠠᠨ | ᠪᠠᠶᠢᠭᠤᠯᠬᠤ ᠠᠷᠭ᠎ᠠ ᠠᠪᠴᠠᠯ ᠢ ᠬᠦᠢᠴᠡᠳ ᠬᠡᠷᠡᠭᠯᠡᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ | ᠠᠬᠢᠭᠤᠯᠬᠤ ᠬᠡᠷᠡᠭᠳᠡᠢ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠬᠠᠭᠤᠯᠭ᠎ᠠ ᠬᠦᠮᠦᠵᠢᠯ ᠤᠨ ᠠᠵᠢᠯ | ᠢ ᠴᠢᠨᠠᠬᠰᠢᠳᠠ ᠴᠢᠩᠭᠠᠳᠬᠠᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠷᠠᠳ ᠤᠨ ᠳᠠᠶᠢᠨ ᠤ | ᠦᠳᠭᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠬᠠᠤᠯᠢ ᠶᠤᠰᠤᠭᠠᠷ ᠴᠢᠩᠭ᠎ᠠ ᠰᠢᠢᠳᠬᠡᠬᠦ | ᠠᠵᠢᠯ ᠢ ᠴᠢᠩᠭ᠎ᠠ ᠠᠳᠬᠤᠨ᠂ ᠢᠯᠠᠴᠢᠯᠠᠯᠳᠠ ᠬᠢᠬᠦ ᠠᠵᠢᠯ ᠢ ᠴᠢᠨᠠᠬᠰᠢᠳᠠ ᠵᠤᠬᠢᠶᠠᠨ ᠪᠠᠶᠢᠭᠤᠯᠤᠨ ᠦᠷᠨᠢᠬᠦᠯᠵᠦ᠂ | ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠬᠠᠤᠯᠢ ᠴᠠᠭᠠᠵᠠ ᠶᠢᠨ ᠬᠡᠮᠵᠢᠬᠦᠷ ᠢ | ᠨᠢᠬᠡᠳᠤᠯᠳᠠᠢ ᠪᠤᠯᠭᠠᠨ ᠴᠤᠬᠢᠯᠳᠠ ᠦᠭᠬᠦ ᠬᠠᠮᠳᠤᠷᠠᠯ ᠬᠦᠴᠦᠨ ᠢ ᠪᠦᠷᠢᠯᠳᠦᠬᠦᠯᠵᠦ᠂ ᠠᠵᠢᠯ ᠤᠨ ᠰᠤᠷᠳᠠᠯ ᠢᠶᠠᠨ | ᠬᠤᠪᠢᠷᠠᠭᠤᠯᠤᠨ ᠠᠵᠢᠯ ᠤᠨ ᠦᠷ᠎ᠠ ᠪᠦᠲᠦᠮᠵᠢ ᠪᠠᠨ ᠳᠡᠬᠡᠭᠰᠢᠯᠡᠬᠦᠯᠵᠦ᠂ ᠬᠡᠷᠡᠭ ᠲᠤ ᠬᠤᠯᠪᠤᠬᠳᠠᠬᠰᠠᠨ ᠡᠳ᠋ | ᠬᠦᠷᠦᠩᠬᠡ ᠶᠢ ᠰᠢᠢᠳᠪᠤᠷᠢᠯᠡᠬᠦ ᠠᠵᠢᠯ ᠢ ᠳᠡᠬᠦᠯᠳᠡᠷᠵᠢᠬᠦᠯᠵᠦ᠂ ᠳᠦᠷᠢᠮᠵᠢᠭᠰᠡᠡ ᠰᠠᠨᠠᠯ ᠢ ᠪᠦᠷᠢᠯᠳᠦᠬᠦᠯᠬᠦ ᠬᠡᠷᠡᠭᠳᠡᠢ᠃ | ︽ᠬᠠᠮᠠᠭᠠᠯᠠᠬᠴᠢ ᠰᠢᠬᠦᠷ ᠬᠠᠷᠢᠴᠠᠭᠠᠨ ᠤ ᠳᠤᠤᠷ ᠢ ᠨᠢ ᠡᠪᠳᠡᠬᠦ︾ ᠶᠢ ᠴᠢᠩᠭ᠎ᠠ ᠠᠳᠬᠤᠵᠦ᠂ ᠪᠦᠬᠦᠯᠢ | ᠴᠤᠬᠴᠠ ᠶᠢᠨ ᠠᠵᠢᠯ ᠢ ᠠᠬᠢᠭᠤᠯᠬᠤ ᠡᠷᠴᠢᠮ᠂ ᠬᠡᠷᠡᠭ ᠢ ᠡᠪᠳᠡᠬᠦ ᠡᠷᠴᠢᠮ ᠪᠤᠯᠤᠨ ᠬᠠᠷᠢᠭᠤᠴᠠᠯᠭ᠎ᠠ ᠳᠤᠯᠭᠠᠬᠤ | ᠡᠷᠴᠢᠮ ᠢ ᠴᠢᠩᠭᠠᠷᠠᠭᠤᠯᠵᠦ᠂ ᠬᠢᠨᠠᠯᠳᠠ ᠳᠠᠯᠪᠢᠨ ᠰᠠᠬᠢᠯᠭ᠎ᠠ ᠪᠠᠲᠦ ᠬᠡᠷᠡᠭᠵᠢᠬᠦᠯᠬᠦ ︽ᠳᠦᠷᠪᠡ ᠵᠦᠢᠯ ᠤᠨ ᠬᠡᠯᠪᠡᠷᠢ︾ | ᠶᠢ ᠰᠠᠶᠢᠳᠤᠷ ᠬᠡᠷᠡᠭᠯᠡᠵᠦ᠂ ᠡᠷᠳᠡ ᠠᠴᠠ ᠠᠳᠬᠤᠨ ᠪᠠᠭ᠎ᠠ ᠠᠴᠠ ᠨᠢ ᠠᠳᠬᠤᠨ᠂ ᠤᠷᠢᠳᠤᠬᠢ ᠶᠢ ᠵᠠᠯᠬᠠᠭᠠᠨ | ᠬᠤᠶᠢᠰᠢᠬᠢ ᠳᠤ ᠴᠡᠬᠡᠷᠯᠡᠯ ᠪᠤᠯᠭᠠᠵᠦ᠂ ᠡᠪᠡᠳᠴᠢᠨ ᠢ ᠨᠢ ᠵᠠᠰᠠᠵᠦ ᠡᠳᠡᠬᠡᠷᠡᠬᠦᠯᠦᠨ ᠠᠪᠬᠤ ᠬᠡᠷᠡᠭᠳᠡᠢ᠃ | ᠶᠡᠷᠦᠩᠬᠡᠶᠢᠯᠡᠭᠰᠡᠨ ᠵᠠᠰᠠᠯᠳᠠ ᠶᠢ ᠴᠢᠨᠠᠬᠰᠢᠳᠠ ᠴᠢᠩᠭᠠᠳᠬᠠᠨ᠂ ᠠᠵᠢᠯ ᠳᠦᠷᠦᠯ ᠤᠨ ᠰᠠᠮᠠᠭᠤᠨ ᠪᠠᠶᠢᠳᠠᠯ ᠢ | ᠳᠤᠰᠬᠠᠢᠢᠯᠠᠨ ᠴᠡᠭᠴᠡᠯᠡᠨ ᠵᠠᠰᠠᠬᠤ ᠶᠢ ᠳᠦᠪᠯᠡᠷᠡᠩᠬᠦᠢ ᠦᠷᠨᠢᠬᠦᠯᠵᠦ᠂ ᠫᠤᠤ ᠰᠤᠮᠤ ᠶᠢ ᠬᠤᠷᠢᠶᠠᠨ ᠬᠦᠴᠦᠷᠬᠡᠭᠯᠡᠯ ᠢ | ᠠᠷᠢᠯᠭᠠᠬᠤ ᠳᠤᠰᠬᠠᠢ ᠳᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠤᠯᠠᠨ ᠰᠠᠯᠠᠭ᠎ᠠ ᠮᠦᠴᠢᠷ ᠢᠶᠠᠷ | ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠨ᠂ ᠶᠡᠷᠦᠩᠬᠡᠶᠢᠯᠡᠭᠰᠡᠨ ᠵᠠᠰᠠᠯᠳᠠ ᠶᠢᠨ ᠶᠠᠰᠤ ᠴᠢᠨᠠᠷ ᠪᠤᠯᠤᠨ ᠦᠷ᠎ᠠ | ᠪᠦᠳᠦᠮᠵᠢ ᠶᠢ ᠳᠡᠬᠡᠭᠰᠢᠯᠡᠬᠦᠯᠬᠦ ᠬᠡᠷᠡᠭᠳᠡᠢ᠃ ᠰᠤᠯᠠ ᠪᠠᠭᠤᠷᠠᠢ ᠰᠠᠯᠠᠩ ᠵᠠᠳᠠᠭᠠᠢ ᠪᠠᠶᠢᠭ᠎ᠠ ᠦᠨᠳᠦᠰᠦᠨ ᠱᠠᠳᠤᠨ ᠤ | ᠵᠤᠬᠢᠶᠠᠨ ᠪᠠᠶᠢᠭᠤᠯᠤᠯᠳᠠ ᠶᠢ ᠦᠷᠬᠦᠯᠵᠢᠯᠡᠨ ᠢᠯᠭᠠᠷᠠᠭᠤᠯᠤᠨ ᠪᠠᠶᠢᠴᠠᠭᠠᠵᠦ ᠴᠡᠭᠴᠡᠯᠡᠨ ᠵᠠᠰᠠᠵᠦ᠂ ᠰᠢᠶᠠᠨ᠂ ᠰᠢᠶᠠᠩ᠂ | ᠳᠤᠰᠬᠤᠨ ᠭᠤᠷᠪᠠᠨ ᠱᠠᠳᠤ ᠪᠠᠷ ᠬᠤᠯᠪᠤᠭᠠᠯᠠᠨ ᠬᠦᠳᠡᠯᠦᠯᠴᠡᠬᠦ ᠪᠠᠷ ᠳᠠᠮᠵᠢᠨ ᠦᠨᠳᠦᠰᠦᠨ ᠱᠠᠳᠤᠨ ᠤ ᠵᠤᠬᠢᠶᠠᠨ | ᠪᠠᠶᠢᠭᠤᠯᠤᠯᠳᠠ ᠶᠢ ᠴᠢᠩᠭᠠᠳᠬᠠᠵᠦ᠂ ᠬᠦᠳᠡᠭᠡ ᠳᠤᠰᠬᠤᠨ ᠤ ︽ᠬᠤᠶᠠᠷ ᠵᠦᠪᠯᠡᠯ︾ ᠤᠨ ᠺᠠᠳ᠋ᠷ ᠢ ᠬᠦᠮᠦᠵᠢᠬᠦᠯᠬᠦ | ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠳᠤᠷᠢᠳᠬᠤ | ᠳᠤᠭᠤᠢᠢᠯᠠᠩ ᠵᠢᠴᠢ ᠳᠡᠬᠦᠨ ᠤ ᠠᠯᠪᠠᠨ ᠬᠡᠷ ᠢ ᠴᠢᠨᠠᠬᠰᠢᠳᠠ ᠳᠡᠬᠦᠯᠳᠡᠷᠵᠢᠬᠦᠯᠦᠨ ᠴᠢᠩᠭᠠᠳᠬᠠᠵᠦ᠂ ᠳᠡᠬᠦᠨ ᠤ | ᠲᠦᠷᠦᠬᠦᠯᠦᠨ ᠶᠡᠷᠦᠩᠬᠡᠶᠢᠯᠡᠨ ᠠᠳᠬᠤᠬᠤ ᠦᠢᠯᠡᠳᠦᠯ ᠴᠢᠳᠠᠪᠬᠢ ᠶᠢ ᠨᠢ ᠨᠡᠩ ᠰᠠᠶᠢᠨ ᠪᠠᠳᠠᠷᠠᠭᠤᠯᠵᠦ᠂ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠢ ᠴᠢᠩᠭ᠎ᠠ ᠪᠦᠬᠡᠳ ᠤᠨᠤᠪᠴᠢᠳᠠᠢ | ᠶᠠᠪᠤᠬᠳᠠᠭᠤᠯᠬᠤ ᠶᠢ ᠪᠠᠳᠤᠯᠠᠨ᠂ ᠳᠡᠤᠬᠡ ᠶᠢᠨ ᠰᠢᠯᠭᠠᠯᠳᠠ ᠶᠢ ᠳᠠᠭᠠᠭᠠᠵᠦ ᠳᠡᠶᠢᠯᠬᠦ ᠶᠢ ᠪᠠᠳᠤᠯᠠᠬᠤ ᠬᠡᠷᠡᠭᠳᠡᠢ ᠬᠡᠵᠦ | ᠱᠠᠭᠠᠷᠳᠠᠪᠠ᠃ | ᠰᠢᠮᠳᠠᠭᠤᠯᠣᠨ ᠵᠢᠯᠤᠭᠤᠳᠬᠤ ᠳᠤᠭᠤᠢᠢᠯᠠᠩ ᠠᠴᠠ ᠮᠠᠨ ᠤ ᠤᠷᠤᠨ ᠢ ᠰᠢᠮᠳᠠᠭᠤᠯᠣᠨ ᠵᠢᠯᠤᠭᠤᠳᠬᠤ | ᠳᠤᠭᠤᠢᠢᠯᠠᠩ ᠤᠨ ᠨᠢᠬᠡᠨᠳᠡ ᠰᠢᠯᠵᠢᠬᠦᠯᠦᠨ ᠳᠤᠰᠢᠶᠠᠬᠰᠠᠨ ᠨᠢᠬᠡᠳᠦᠬᠡᠷ ᠪᠦᠯᠦᠭ ᠤᠨ ᠭᠤᠤᠯᠳᠠᠯᠭ᠎ᠠ ᠲᠠᠢ | ᠰᠢᠮᠳᠠᠭᠤᠯᠣᠨ ᠰᠢᠢᠳᠪᠤᠷᠢᠯᠡᠬᠦ ᠰᠦᠪᠡᠭᠴᠢ ᠶᠢ ᠳᠠᠷᠤᠢ ᠳᠦᠷᠬᠡᠨ ᠢᠶᠠᠷ ᠬᠦᠴᠦᠨ ᠢᠶᠠᠨ ᠵᠤᠬᠢᠶᠠᠨ ᠪᠠᠶᠢᠭᠤᠯᠤᠨ | ᠬᠠᠷᠭᠤᠭᠤᠯᠤᠨ ᠪᠠᠶᠢᠴᠠᠭᠠᠵᠦ᠂ ᠬᠠᠷᠭᠤᠭᠤᠯᠤᠬᠰᠠᠨ ᠪᠠᠶᠢᠴᠠᠭᠠᠬᠰᠠᠨ ᠪᠠᠶᠢᠳᠠᠯ᠂ ᠰᠢᠢᠳᠪᠤᠷᠢᠯᠡᠭᠰᠡᠨ ᠦᠷ᠎ᠠ ᠳ᠋ᠦᠩ ᠢ | ᠴᠠᠬ ᠳᠤᠬᠠᠢ ᠳᠤ ᠨᠢ ᠰᠢᠮᠳᠠᠭᠤᠯᠣᠨ ᠪᠠᠶᠢᠴᠠᠭᠠᠬᠤ ᠳᠤᠭᠤᠢᠢᠯᠠᠩ ᠳᠤ ᠳᠤᠰᠬᠠᠬᠤ ᠬᠡᠷᠡᠭᠳᠡᠢ ᠬᠡᠵᠦ ᠱᠠᠭᠠᠷᠳᠠᠪᠠ᠃ | ᠯᠢ ᠵᠢᠢ ᠾᠧᠩ᠂ ᠲᠦᠪ ᠤᠨ ᠰᠢᠮᠳᠠᠭᠤᠯᠣᠨ ᠵᠢᠯᠤᠭᠤᠳᠬᠤ ᠳᠤᠭᠤᠢᠢᠯᠠᠩ ᠤᠨ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠠᠵᠢᠯ ᠢ ᠨᠠᠷᠢᠯᠢᠭ ᠵᠢᠯᠤᠭᠤᠳᠴᠤ᠂ ᠶᠡᠭᠡ ᠬᠦᠴᠦᠨ ᠢᠶᠠᠷ ᠳᠡᠮᠵᠢᠵᠦ ᠪᠠᠶᠢᠭ᠎ᠠ ᠳᠤ | ᠲᠠᠯᠠᠷᠬᠠᠪᠠ᠃ ᠲᠡᠷᠡ ᠢᠯᠡᠳᠬᠡᠬᠦ ᠳᠤ ᠪᠠᠨ᠂ ᠲᠦᠪ ᠤᠨ ᠰᠢᠮᠳᠠᠭᠤᠯᠣᠨ ᠵᠢᠯᠤᠭᠤᠳᠬᠤ ᠳᠤᠭᠤᠢᠢᠯᠠᠩ ᠤᠨ | ᠳᠤᠷᠠᠳᠤᠬᠰᠠᠨ ᠠᠰᠠᠭᠤᠳᠠᠯ ᠢ ᠴᠢᠩ ᠦᠨᠡᠨᠴᠢ ᠪᠠᠷ ᠬᠦᠯᠢᠶᠡᠨ ᠠᠪᠴᠤ᠂ ᠲᠠᠩᠰᠠᠯᠠᠭᠰᠠᠨ ᠶᠤᠰᠤᠭᠠᠷ ᠪᠦᠬᠦᠨ ᠢ | ᠲᠤᠰᠤᠨ ᠠᠪᠴᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠶᠢ ᠲᠦᠪ ᠴᠢᠩᠭ᠎ᠠ ᠤᠯᠤᠰ | ᠲᠦᠷᠦ ᠶᠢᠨ ᠡᠭᠦᠷᠭᠡ ᠪᠤᠯᠭᠠᠨ ᠪᠡᠶᠡᠯᠡᠭᠦᠯᠦᠨ᠎ᠠ᠃ ᠲᠦᠪ ᠤᠨ ᠰᠢᠮᠳᠠᠭᠤᠯᠣᠨ ᠵᠢᠯᠤᠭᠤᠳᠬᠤ ᠳᠤᠭᠤᠢᠢᠯᠠᠩ ᠤᠨ | ᠳᠤᠷᠠᠳᠤᠬᠰᠠᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠢᠢᠯᠠᠭᠠᠵᠤ᠂ | ᠨᠠᠶᠢᠳᠠᠪᠤᠷᠢᠵᠢᠭᠤᠯᠤᠯᠲᠠ ᠶᠢ ᠡᠷᠡᠰ ᠰᠠᠶᠢᠲᠤᠷ ᠠᠳᠬᠤᠨ᠎ᠠ᠃ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠦᠷᠨᠢᠬᠦᠯᠬᠦ ᠲᠠᠢ ᠤᠶᠠᠯᠳᠤᠭᠤᠯᠤᠨ᠂ ᠡᠯ᠎ᠠ | ᠱᠠᠲᠤᠨ ᠤ ᠨᠠᠮ ᠤᠨ ᠭᠡᠰᠢᠭᠦᠨ ᠺᠠᠳ᠋ᠷ ᠢ ᠵᠢᠯᠤᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ | ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠦᠵᠠᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠡᠭᠡᠷ᠎ᠡ | ᠨᠢᠭᠡᠳᠭᠡᠨ᠂ ᠨᠡᠩ ᠦᠨᠳᠦᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠤᠳᠠᠲᠠᠢ ᠠᠷᠭ᠎ᠠ ᠬᠡᠮᠵᠢᠶ᠎ᠠ ᠪᠠᠷ | ᠲᠤᠰᠬᠠᠢ ᠲᠡᠮᠡᠴᠡᠯ ᠤᠨ ᠰᠢᠪᠳᠣᠯᠣᠯᠳᠠ ᠶᠢᠨ ᠳᠠᠶᠢᠯᠠᠯᠳᠤᠭᠠᠠ ᠤ ᠢᠯᠠᠯᠲᠠ ᠶᠢ ᠡᠷᠡᠰ ᠲᠡᠮᠡᠴᠡᠨ ᠤᠯᠤᠨ᠎ᠠ᠃ | ᠰᠢᠮᠳᠠᠭᠤᠯᠣᠨ ᠵᠢᠯᠤᠭᠤᠳᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ᠂ ᠪᠠᠷᠢᠨ ᠪᠠᠶᠢᠴᠠᠭᠠᠵᠤ ᠪᠠᠷᠢᠨ ᠴᠡᠭᠴᠡᠯᠡᠨ | ᠰᠠᠶᠢᠵᠢᠷᠠᠭᠤᠯᠬᠤ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠪᠤᠳᠠᠲᠠᠶᠢᠵᠢᠭᠤᠯᠵᠤ᠂ ᠬᠠᠤᠯᠢ ᠶᠤᠰᠤᠭᠠᠷ ᠴᠤᠬᠢᠯᠲᠠ ᠦᠭᠬᠦ᠂ ᠭᠦᠨᠵᠡᠭᠡᠢ ᠴᠤᠬᠢᠯᠲᠠ ᠦᠭᠬᠦ᠂ ᠨᠠᠷᠢᠨ ᠤᠨᠤᠪᠴᠢᠲᠠᠢ | ᠴᠤᠬᠢᠯᠲᠠ ᠦᠭᠬᠦ ᠡᠷᠴᠢᠮ ᠢᠶᠠᠨ ᠦᠨᠡᠨ ᠬᠦ ᠴᠢᠩᠭᠠᠳᠬᠠᠨ᠂ ᠠᠰᠠᠭᠤᠳᠠᠯ ᠢ ᠪᠠᠶᠢᠴᠠᠭᠠᠨ ᠲᠤᠳᠤᠯᠠᠬᠤ ᠦᠭᠡᠢ ᠪᠤᠯ | ᠲᠠᠯᠪᠢᠬᠤ ᠦᠭᠡᠢ᠂ ᠲᠤᠭᠤᠰᠢᠲᠠᠢ ᠴᠡᠭᠴᠡᠯᠡᠨ ᠰᠠᠶᠢᠵᠢᠷᠠᠭᠤᠯᠬᠤ ᠦᠭᠡᠢ ᠪᠤᠯ ᠲᠠᠯᠪᠢᠬᠤ ᠦᠭᠡᠢ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠦᠭᠡᠢ ᠪᠤᠯ ᠲᠠᠯᠪᠢᠬᠤ ᠦᠭᠡᠢ᠂ ᠤᠯᠠᠨ ᠲᠦᠮᠡᠨ ᠰᠡᠳᠭᠢᠯ ᠬᠠᠨᠤᠮᠵᠢ ᠲᠠᠢ ᠪᠤᠯᠬᠤ ᠦᠭᠡᠢ ᠪᠤᠯ | ᠲᠠᠯᠪᠢᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠴᠡᠭᠴᠡᠯᠡᠨ ᠰᠠᠶᠢᠵᠢᠷᠠᠭᠤᠯᠬᠤ ᠠᠵᠢᠯ ᠳᠤᠮᠳᠠᠬᠢ ᠬᠡᠯᠪᠡᠷᠢᠴᠢ ᠦᠵᠡᠯ᠂ | ᠨᠤᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠬᠠᠰᠢ ᠶᠠᠰᠢ ᠪᠠᠷ ᠠᠯᠪᠠ ᠬᠠᠰᠢᠵᠤ ᠴᠡᠭᠴᠡᠯᠡᠨ ᠰᠠᠶᠢᠵᠢᠷᠠᠭᠤᠯᠤᠭᠰᠠᠨ᠂ | ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠬᠡᠯᠪᠡᠷᠢ ᠶᠢᠨ ᠲᠡᠳᠦᠢ ᠴᠡᠭᠴᠡᠯᠡᠨ | ᠰᠠᠶᠢᠵᠢᠷᠠᠭᠤᠯᠤᠬᠰᠠᠳ ᠠᠴᠠ ᠵᠠᠷᠯᠠᠬᠤ ᠬᠡᠷᠡᠭᠲᠡᠢ ᠶᠢ ᠨᠢ ᠵᠠᠷᠯᠠᠵᠤ᠂ ᠪᠤᠯᠵᠤᠨ ᠶᠠᠷᠢᠯᠴᠠᠬᠤ ᠬᠡᠷᠡᠭᠲᠡᠢ ᠶᠢ ᠨᠢ ᠪᠤᠯᠵᠤᠨ | ᠶᠠᠷᠢᠯᠴᠠᠵᠤ᠂ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠠᠴᠠ ᠨᠢ ᠬᠠᠷᠢᠭᠤᠴᠠᠯᠭ᠎ᠠ ᠨᠡᠬᠡᠮᠵᠢᠯᠡᠨ᠎ᠡ᠂ ᠶᠠᠭᠠᠬᠢᠬᠰᠠᠨ ᠴᠤ | ᠢᠯᠳᠠᠷ ᠬᠠᠶᠠᠵᠤ ᠨᠠᠶᠢᠷ ᠲᠠᠯᠪᠢᠬᠤ ᠦᠭᠡᠢ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠠᠵᠠ | ᠲᠤᠬᠢᠶᠠᠯ ᠪᠤᠯᠭᠠᠨ᠂ ᠨᠢᠭᠡ ᠠᠴᠠ ᠨᠦᠬᠦᠭᠡ ᠶᠢ ᠵᠦᠢᠴᠢᠯᠠᠨ ᠦᠩᠭᠡᠨ ᠲᠠᠯ᠎ᠠ ᠠᠴᠠ ᠨᠢ ᠵᠠᠰᠠᠬᠤ ᠪᠠ | ᠦᠨᠳᠦᠰᠦᠨ ᠠᠴᠠ ᠨᠢ ᠵᠠᠰᠠᠵᠤ ᠠᠵᠢᠯ ᠢᠶᠠᠨ ᠰᠠᠶᠢᠲᠤᠷ ᠬᠢᠵᠦ᠂ ᠴᠤᠬᠢᠯᠲᠡ ᠦᠭᠬᠦ ᠶᠢ ᠭᠦᠨᠵᠡᠭᠡᠶᠢᠷᠡᠭᠦᠯᠬᠦ᠂ ᠠᠷᠤ | ᠳᠠᠬᠢ ᠳᠠᠯᠳᠠ ᠬᠦᠴᠦᠨ ᠢ ᠨᠢ ᠭᠦᠨᠵᠡᠭᠡᠢ ᠠᠭᠤᠳᠠᠯᠬᠤ᠂ ᠬᠠᠤᠯᠢ ᠶᠤᠰᠤᠭᠠᠷ ᠴᠢᠩᠭ᠎ᠠ ᠰᠢᠢᠳᠭᠡᠬᠦ᠂ ᠶᠡᠷᠦᠩᠬᠡᠶᠢᠯᠡᠨ | ᠴᠡᠭᠴᠡᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠳᠡᠭᠡᠷ᠎ᠠ ᠨᠡᠩ ᠶᠡᠭᠡ ᠬᠦᠴᠦ ᠲᠠᠯᠪᠢᠵᠤ᠂ ᠲᠤᠰᠬᠠᠢ ᠲᠡᠮᠡᠴᠡᠯ | ᠤᠨ ᠵᠤᠬᠢᠶᠠᠨ ᠪᠠᠶᠢᠭᠤᠯᠤᠯᠴᠠᠬᠤ᠂ ᠲᠤᠰᠬᠠᠢᠢᠵᠢᠬᠤ᠂ ᠬᠠᠤᠯᠢᠵᠢᠬᠤ᠂ ᠨᠡᠶᠢᠭᠡᠮᠵᠢᠯᠲᠡ ᠶᠢᠨ ᠲᠦᠪᠰᠢᠨ ᠢ ᠴᠢᠨᠠᠬᠰᠢᠲᠠ | ᠳᠡᠭᠡᠭᠰᠢᠯᠡᠭᠦᠯᠵᠦ᠂ ᠪᠦᠬᠦ ᠤᠷᠤᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ | ᠲᠠᠰᠤᠷᠠᠯᠲᠠ ᠦᠭᠡᠢ ᠦᠷᠭᠡᠳᠴᠦ ᠬᠦᠨᠵᠡᠭᠡᠶᠢᠷᠡᠨ ᠬᠦᠭᠵᠢᠬᠦ ᠶᠢ ᠠᠬᠢᠭᠤᠯᠤᠨ᠎ᠠ ᠭᠡᠵᠡᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠤᠯᠪᠤᠬᠳᠠᠯ ᠪᠦᠬᠦᠢ ᠳᠡᠳ᠋ | ᠨᠠᠷᠢᠨ ᠪᠢᠴᠢᠭ ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ | ᠬᠠᠷᠢᠭᠤᠴᠠᠯᠭᠠᠲᠠᠨ ᠨᠦᠬᠦᠳ ᠵᠢᠴᠢ ᠬᠤᠪᠢᠳᠡᠨ ᠬᠠᠮᠢᠶᠠᠷᠬᠤ ᠬᠠᠷᠢᠭᠤᠴᠠᠯᠭᠠᠲᠠᠨ ᠨᠦᠬᠦᠳ᠂ ᠦᠪᠡᠷᠲᠡᠭᠡᠨ ᠵᠠᠰᠠᠬᠤ | ᠤᠷᠤᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠢᠢᠯᠠᠩ | ᠤᠨ ᠠᠯᠪᠠᠨ ᠭᠡᠷ ᠤᠨ ᠪᠦᠷᠢᠯᠳᠦᠭᠦᠨ ᠬᠤᠷᠠᠯ ᠳᠤ ᠤᠷᠤᠯᠴᠠᠪᠠ᠃ |