ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ︽ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠤᠨ ᠨᠤᠮ ᠤᠩᠰᠢᠬᠤ ᠠᠩᠬᠢ ᠬᠢᠴᠢᠶᠡᠯ ᠡᠬᠢᠯᠡᠪᠡ ᠯᠢ ᠵᠢᠢ ᠾᠧᠩ ᠪᠦ᠋ ᠰᠢᠶᠤᠤ ᠯᠢᠨ ᠯᠢ ᠰᠢᠤ ᠯᠢᠩ ᠤᠷᠤᠯᠴᠠᠵᠠᠢ
ᠨᠡᠶᠢᠲᠡᠯᠡᠭᠰᠡᠨ ᠴᠠᠭ᠄
2019/6/11
     6 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ︽ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠠᠬᠦ︾ ᠭᠤᠤᠯ ᠰᠡᠳᠦᠪᠲᠤ ᠬᠦᠮᠦᠵᠢᠯ ᠤᠨ ᠨᠤᠮ ᠤᠩᠰᠢᠬᠤ ᠠᠩᠬᠢ ᠬᠢᠴᠢᠶᠡᠯ ᠡᠬᠢᠯᠡᠵᠤ᠂ ᠨᠢᠭᠡᠳᠦᠭᠡᠷ ᠲᠠᠯᠠᠪᠠᠢ ᠶᠢᠨ ᠲᠤᠰᠬᠠᠢ ᠰᠡᠳᠦᠪᠲᠤ ᠲᠠᠶᠢᠯᠤᠮᠵᠢ ᠬᠢᠪᠡ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ︽ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠵᠢᠢ ᠾᠧᠩ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠯᠢ ᠰᠢᠤ ᠯᠢᠩ ᠤᠷᠤᠯᠴᠠᠵᠤ᠂ ᠲᠠᠶᠢᠯᠤᠮᠵᠢ ᠶᠢ ᠨᠠᠷᠢᠨ ᠬᠢᠨᠠᠮᠠᠭᠠᠢ ᠰᠤᠨᠤᠰᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠡᠷᠬᠢᠯᠡᠪᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠬ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠳᠤ ᠪᠠᠨ ᠪᠠᠶᠢᠭ᠎ᠠ ᠮᠤᠵᠢ ᠶᠢᠨ ᠳᠡᠰ ᠤᠨ ᠤᠳᠤᠷᠢᠳᠤᠯᠭ᠎ᠠ᠂ ᠦᠪᠡᠷᠲᠡᠭᠡᠨ ᠵᠠᠰᠠᠬᠤ ᠤᠷᠤᠨ ᠎ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶᠠᠨ ᠤ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠠᠷᠠᠳ ᠎ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠰᠤᠷᠤᠯᠴᠠᠯᠭ᠎ᠠ ᠳᠤ ᠤᠷᠤᠯᠴᠠᠪᠠ᠃      ᠳᠠᠶᠢᠯᠤᠮᠵᠢ ᠳᠤ᠂ ᠳᠦᠪ ᠤᠨ ᠨᠠᠮ ᠤᠨ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠬᠡᠳᠦ ᠰᠤᠷᠭᠠᠭᠤᠯᠢ ᠶᠢᠨ ᠫᠷᠦᠹᠧᠰᠰᠤᠷ ᠸᠠᠩ ᠬᠤ᠋ ᠰᠢᠤᠸᠠᠢ ᠳᠡᠬᠡᠳᠦ ᠬᠡᠮᠵᠢᠶᠡᠨ ᠤ ᠤᠯᠤᠰ ᠳᠦᠷᠦ ᠶᠢᠨ ᠵᠤᠬᠰᠤᠴᠠ᠂ ᠦᠷᠬᠡᠨ ᠳᠡᠯᠬᠡᠷ ᠤᠨᠤᠯ ᠤᠨ ᠬᠠᠷᠠᠭᠠᠰᠤ᠂ ᠬᠦᠨ ᠬᠦᠨᠵᠡᠬᠡᠢ ᠦᠢᠯᠡᠳᠦᠯᠬᠡ ᠶᠢᠨ ᠰᠡᠳᠬᠢᠮᠵᠢ ᠪᠠᠷ ᠮᠠᠨ ᠤ ᠤᠯᠤᠰ ᠎ ᠤᠨ ᠬᠦᠭᠵᠢᠯᠳᠡ ᠶᠢᠨ ᠰᠢᠨ᠎ᠠ ᠳᠡᠤᠬᠡᠨ ᠤᠷᠤᠨ ᠪᠠᠶᠢᠷᠢ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠰᠠᠨ ᠬᠠᠮᠤᠬ ᠤᠨ ᠰᠢᠨ᠎ᠠ ᠦᠷ᠎ᠠ ᠪᠦᠳᠦᠬᠡᠯ᠂ ︽ᠳᠦᠷᠪᠡᠨ ᠠᠭᠤᠤ ᠶᠡᠭᠡ︾᠎ ᠶᠢᠨ ᠡᠬᠦᠷᠬᠡᠯᠡᠵᠦ ᠪᠠᠶᠢᠭ᠎ᠠ ᠳᠡᠤᠬᠡᠨ ᠡᠬᠦᠷᠬᠡ ᠵᠡᠷᠬᠡ ᠭᠤᠷᠪᠠᠨ ᠳᠠᠯ᠎ᠠ ᠠᠴᠠ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠨᠤᠯ ᠤᠨ ᠢᠷᠡᠯᠳᠡ᠂ ᠭᠤᠤᠯ ᠴᠢᠬᠤᠯᠠ ᠠᠭᠤᠯᠭ᠎ᠠ᠂ ᠦᠢᠯᠡᠳᠦᠯᠬᠡ ᠶᠢᠨ ᠵᠠᠮ ᠵᠡᠷᠬᠡ ᠳᠤ ᠪᠦᠬᠦ ᠳᠠᠯ᠎ᠠ ᠪᠠᠷ ᠬᠦᠨᠵᠡᠬᠡᠢ ᠳᠠᠶᠢᠯᠪᠤᠷᠢᠯᠠᠯᠳᠠ ᠬᠢᠵᠠᠢ᠃ ᠳᠠᠶᠢᠯᠤᠮᠵᠢ ᠨᠢ ᠬᠦᠨᠵᠡᠬᠡᠢ ᠪᠦᠬᠡᠳ ᠤᠶᠢᠯᠠᠭᠠᠮᠵᠢᠳᠡᠢ᠂ ᠠᠭᠤᠯᠭ᠎ᠠ ᠪᠠᠷ ᠡᠯᠪᠡᠭ ᠪᠠᠶᠠᠯᠢᠬ ᠪᠠᠶᠢᠵᠤ᠂ ᠠᠮᠢᠳᠤ ᠳᠦᠷᠰᠦᠯᠢᠭ ᠬᠦᠨ ᠬᠦᠨᠵᠡᠬᠡᠢ ᠬᠡᠷᠡᠭ ᠢᠶᠠᠷ ᠵᠢᠱᠢᠶ᠎ᠠ ᠪᠤᠯᠭᠠᠨ᠂ ᠤᠨᠤᠯ ᠢ ᠦᠢᠯᠡᠳᠦᠯᠬᠡ ᠲᠠᠢ ᠨᠢᠬᠳᠠ ᠤᠶᠠᠯᠳᠤᠭᠤᠯᠤᠬᠰᠠᠨ ᠠᠴᠠ ᠮᠠᠰᠢ ᠴᠢᠩᠭ᠎ᠠ ᠵᠢᠯᠤᠭᠤᠳᠬᠤ ᠴᠢᠨᠠᠷ᠂ ᠬᠠᠨᠲᠤᠯᠭᠠᠳᠤ ᠴᠢᠨᠠᠷ ᠪᠠ ᠦᠢᠯᠡᠳᠦᠯᠭᠡᠲᠦ ᠴᠢᠨᠠᠷ ᠲᠠᠢ ᠪᠠᠶᠢᠵᠤ᠂ ᠮᠠᠨ ᠤ ᠤᠷᠤᠨ ᠤ ︽ᠤᠬ ᠰᠠᠨᠠᠭ᠎ᠠ ᠪᠠᠨ ᠦᠯᠦ ᠮᠡᠷᠳᠠᠵᠦ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠦ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠬᠦ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠢ ᠵᠢᠯᠤᠭᠤᠳᠴᠤ ᠨᠠᠮ ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠶᠢ ᠦᠢᠯᠡᠳᠦᠯᠬᠡᠵᠢᠬᠦᠯᠬᠦ᠂ ᠦᠪᠦᠷ ᠮᠤᠩᠭᠤᠯ ᠤᠨ ᠡᠯ᠎ᠡ ᠳᠦᠷᠦᠯ ᠤᠨ ᠦᠢᠯᠡᠰ ᠢ ᠨᠡᠩ ᠰᠠᠶᠢᠨ ᠠᠬᠢᠭᠤᠯᠬᠤ ᠳᠤ ᠠᠰᠢᠬᠳᠠᠢ ᠰᠡᠩᠬᠡᠷᠡᠬᠦᠯᠦᠯ ᠤᠯᠭᠤᠵᠠᠢ᠃      ᠨᠤᠮ ᠤᠩᠰᠢᠬᠤ ᠠᠩᠬᠢ ᠨᠢ 5 ᠡᠳᠦᠷ ᠤᠨ ᠬᠤᠭᠤᠴᠠᠭ᠎ᠠ ᠲᠠᠢ ᠶᠠᠪᠤᠬᠳᠠᠵᠦ᠂ ᠬᠤᠪᠢ ᠪᠠᠷ ᠢᠶᠠᠨ ᠰᠤᠷᠤᠯᠴᠠᠬᠤ᠂ ᠳᠤᠰᠬᠠᠢ ᠰᠡᠳᠦᠪ ᠢᠶᠠᠷ ᠵᠢᠯᠤᠭᠤᠳᠤᠮᠵᠢ ᠬᠢᠯᠬᠡᠬᠦ᠂ ᠰᠤᠳᠤᠯᠤᠨ ᠶᠠᠷᠢᠯᠴᠠᠵᠦ ᠰᠠᠨᠠᠯ ᠢᠶᠠᠨ ᠰᠤᠯᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠬᠳᠠᠨ᠎ᠠ᠃ ᠤᠯᠠᠨ ᠢᠶᠠᠷ ᠢᠶᠠᠨ ᠳᠦᠪᠯᠡᠷᠡᠩᠬᠦᠢ ᠪᠦᠬᠡᠳ ᠪᠢᠳᠡᠬᠦᠮᠵᠢᠯᠡᠭᠰᠡᠡ ᠬᠡᠯᠪᠡᠷᠢ ᠪᠠᠷ ᠶᠠᠪᠤᠭᠲᠠᠭᠤᠯᠤᠭᠰᠠᠠ ᠡᠨᠡ ᠬᠦ ᠰᠤᠷᠤᠯᠴᠠᠭ᠎ᠠ ᠪᠠᠷ ᠳᠠᠮᠵᠢᠨ ᠨᠠᠮ ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠶᠢᠨ ᠳᠠᠯ᠎ᠠ ᠪᠠᠷ ᠬᠢ ᠳᠠᠨᠢᠯᠳᠠ ᠪᠠᠨ ᠴᠢᠨᠠᠬᠰᠢᠳᠠ ᠳᠡᠬᠡᠭᠰᠢᠯᠡᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号