ᠣᠳᠣᠬᠠᠨ ᠳᠤ᠂ ᠥᠷᠭᠡᠨ ᠲᠠᠯ᠎ᠠ ᠨᠣᠭᠤᠭᠠᠷᠠᠨ ᠥᠩᠭᠡᠲᠦ ᠴᠡᠴᠡᠭ ᠳᠡᠯᠭᠡᠷᠡᠬᠦ ᠶᠢ ᠳᠠᠭᠠᠯᠳᠤᠨ᠂ ᠥᠪᠥᠷ | ᠮᠣᠩᠭᠤᠯ ᠪᠦᠬᠦ ᠲᠠᠯ᠎ᠠ ᠪᠠᠷ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ ᠣᠷᠣᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠦᠯᠡᠮᠵᠢ ᠤᠯᠠᠨ ᠵᠢᠭᠤᠯᠴᠢᠯᠠᠭᠴᠢᠳ ᠲᠠᠯ᠎ᠠ ᠨᠤᠲᠤᠭ᠂ ᠤᠢ ᠰᠢᠭᠤᠢ ᠶᠢ ᠲᠣᠭᠤᠷᠢᠨ ᠦᠵᠡᠵᠦ᠂ | ᠠᠷᠠᠳ ᠤᠨ ᠵᠠᠩ ᠳᠠᠳᠬᠠᠯ ᠢ ᠪᠡᠶᠡᠴᠢᠯᠡᠨ ᠣᠶᠢᠯᠠᠭᠠᠬᠤ ᠪᠠᠷ ᠢᠷᠡᠵᠦ ᠪᠣᠢ᠃ | ᠣᠶᠢᠷ᠎ᠠ ᠶᠢᠨ ᠡᠳᠦᠷ ᠤᠳ ᠲᠤ᠂ ᠮᠠᠰᠢ ᠤᠯᠠᠨ ᠵᠢᠭᠤᠯᠴᠢᠯᠠᠭᠴᠢᠳ ᠥᠪᠥᠷ ᠮᠣᠩᠭᠤᠯ ᠤᠨ ᠱᠧᠩ ᠯᠧ ᠶᠢᠨ | ᠴᠠᠨ᠎ᠠ ᠡᠮ ᠤᠨ ᠬᠦᠷᠢᠶᠡᠯᠡᠩ ᠳᠤ ᠬᠦᠷᠴᠦ ᠨᠠᠷᠠᠲᠤ ᠴᠡᠴᠡᠭ ᠢᠶᠠᠷ ᠨᠢᠳᠦ ᠪᠠᠨ ᠬᠤᠵᠢᠷᠯᠠᠨ᠂ ᠰᠣᠶᠣᠯ ᠢ ᠨᠢ | ᠰᠣᠨᠢᠷᠬᠠᠵᠤ᠂ ᠨᠢᠭᠡᠨ ᠰᠠᠭᠤᠷᠢ ᠴᠠᠨ᠎ᠠ ᠡᠮ ᠤᠨ ᠳᠣᠲᠣᠷ᠎ᠠ ᠠᠴᠠ ᠲᠡᠤᠬᠡ ᠶᠢ ᠣᠶᠢᠯᠠᠭᠠᠵᠤ᠂ ᠲᠡᠤᠬᠡ ᠶᠢ ᠰᠡᠷᠡᠵᠦ | ᠮᠡᠳᠡᠪᠡ︔ ᠭᠠᠳᠠᠷ ᠣᠷᠣᠨ ᠤ ᠦᠯᠡᠮᠵᠢ ᠣᠯᠠᠨ ᠵᠢᠭᠤᠯᠴᠢᠯᠠᠭᠴᠢᠳ ᠰᠢᠯᠢ ᠶᠢᠨ ᠭᠤᠣᠯ ᠠᠶᠢᠮᠠᠭ ᠤᠨ ᠮᠢᠩᠭᠠᠨ | ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠵᠠᠮ᠂ ᠡᠷᠭᠦᠨ᠎ᠡ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ | ᠵᠡᠷᠭᠡ ᠭᠠᠵᠠᠷ ᠢᠶᠠᠷ ᠲᠣᠭᠤᠷᠢᠨ ᠦᠵᠡᠵᠦ᠂ ᠲᠠᠯ᠎ᠠ ᠨᠤᠲᠤᠭ ᠤᠨ ᠦᠩᠭᠡ ᠦᠵᠡᠮᠵᠢ ᠶᠢ ᠰᠣᠨᠢᠷᠬᠠᠵᠤ᠂ ᠨᠤᠭᠤ | ᠭᠠᠵᠠᠷ ᠤᠨ ᠦᠵᠡᠰᠬᠦᠯᠡᠩᠲᠦ ᠦᠵᠡᠮᠵᠢ ᠶᠢ ᠰᠡᠭᠦᠳᠡᠷᠯᠡᠨ᠂ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ | ᠪᠡᠶᠡᠴᠢᠯᠡᠨ ᠣᠶᠢᠯᠠᠭᠠᠵᠤ᠂ ᠬᠥᠮᠥᠨ ᠪᠣᠯᠤᠨ ᠡᠬᠡ ᠪᠠᠶᠢᠭᠠᠯᠢ ᠶᠢᠨ ᠡᠶ᠎ᠡ ᠵᠣᠬᠢᠴᠠᠯ ᠢ ᠮᠡᠳᠡᠷᠡᠪᠡ᠃ ᠱᠧᠩ ᠯᠧ ᠶᠢᠨ | ᠴᠠᠨ᠎ᠠ ᠡᠮ ᠤᠨ ᠬᠦᠷᠢᠶᠡᠯᠡᠩ ᠤᠨ ᠬᠠᠷᠢᠭᠤᠴᠠᠯᠭᠠᠲᠠᠨ ᠳ᠋ᠢ ᠶᠦᠩ᠄ ︽ᠣᠳᠣ ᠠᠭᠠᠷ ᠤᠨ ᠳᠤᠯᠠᠭᠠᠨ ᠲᠣᠭᠲᠠᠭᠤᠨ᠂ | ᠰᠠᠯᠬᠢ ᠨᠠᠮᠤᠭᠤᠨ ᠡᠳᠦᠷ ᠲᠤᠩᠭᠠᠯᠠᠭ᠂ ᠦᠵᠡᠮᠵᠢ ᠶᠢᠨ ᠣᠷᠣᠨ ᠤ 550 ᠮᠦ ᠴᠠᠨ᠎ᠠ ᠴᠡᠴᠡᠭ ᠦᠩᠭᠡ ᠢᠯᠭᠠᠷᠠᠨ᠂ | ᠦᠨᠦᠷ ᠰᠡᠩᠭᠢᠨᠡᠵᠦ ᠪᠠᠶᠢᠭ᠎ᠠ ᠨᠢ ᠵᠢᠭᠤᠯᠴᠢᠯᠠᠭᠴᠢᠳ ᠤᠨ ᠴᠡᠴᠡᠭ ᠰᠣᠨᠢᠷᠬᠠᠬᠤ ᠰᠠᠶᠢᠨ ᠲᠣᠬᠢᠶᠠᠯ ᠪᠣᠯᠤᠨ᠎ᠠ︾ ᠬᠡᠮᠡᠨ | ᠶᠠᠷᠢᠵᠤ ᠪᠠᠶᠢᠯ᠎ᠠ᠃ | ᠡᠭᠦᠨ ᠤ ᠬᠠᠮᠲᠤ᠂ ᠥᠷᠭᠡᠨ ᠤᠯᠠᠨ ᠵᠢᠭᠤᠯᠴᠢᠯᠠᠭᠴᠢᠳ ᠮᠠᠰᠢᠨ ᠲᠡᠷᠭᠡ ᠪᠠᠷ ᠣᠷᠳᠣᠰ᠂ ᠤᠯᠠᠭᠠᠨᠴᠠᠪ ᠤᠨ | ᠲᠠᠯ᠎ᠠ ᠨᠤᠲᠤᠭ ᠵᠡᠷᠭᠡ ᠭᠠᠵᠠᠷ ᠲᠤ ᠬᠦᠷᠴᠦ ᠲᠠᠯ᠎ᠠ ᠨᠤᠲᠤᠭ ᠤᠨ ᠭᠤᠶᠤ ᠦᠵᠡᠮᠵᠢ ᠶᠢ ᠰᠣᠨᠢᠷᠬᠠᠵᠤ᠂ ᠠᠷᠠᠳ ᠤᠨ | ᠵᠠᠩ ᠳᠠᠳᠬᠠᠯ ᠢ ᠪᠡᠶᠡᠴᠢᠯᠡᠨ ᠣᠶᠢᠯᠠᠭᠠᠵᠤ᠂ ᠣᠪᠣᠭᠠᠨ ᠲᠠᠬᠢᠯᠭ᠎ᠠ᠂ ᠲᠦᠳᠡᠭ ᠭᠠᠯ ᠤᠨ ᠨᠠᠶᠢᠷ᠂ ᠲᠠᠯ᠎ᠠ ᠨᠤᠲᠤᠭ ᠤᠨ | ᠨᠠᠷᠭᠢᠯ ᠵᠡᠷᠭᠡ ᠠᠵᠢᠯᠯᠠᠭ᠎ᠠ ᠳᠤ ᠣᠷᠣᠯᠴᠠᠵᠤ᠂ ᠦᠨᠳᠦᠰᠦᠲᠡᠨ ᠤ ᠵᠠᠩ ᠰᠤᠷᠲᠠᠯ ᠤᠨ ᠷᠢᠳᠢ ᠰᠢᠳᠢ ᠶᠢ ᠪᠡᠶᠡᠴᠢᠯᠡᠨ | ᠣᠶᠢᠯᠠᠭᠠᠪᠠ᠃ ᠵᠢᠭᠤᠯᠴᠢᠯᠠᠭᠴᠢ ᠵᠧᠦ ᠯᠦ᠄ ︽ᠵᠢᠯ ᠪᠣᠯᠭᠠᠨ ᠡᠨᠡ ᠤᠯᠠᠷᠢᠯ ᠪᠣᠯᠪᠠᠯ᠂ ᠪᠢᠳᠡ ᠲᠠᠯ᠎ᠠ ᠨᠤᠲᠤᠭ ᠲᠤ | ᠢᠷᠡᠵᠦ᠂ ᠰᠢᠨ᠎ᠡ ᠰᠣᠷᠭᠤᠭ ᠠᠭᠤᠷ ᠠᠮᠢᠰᠬᠤᠯ᠂ ᠰᠡᠷᠢᠭᠦᠨ ᠰᠠᠶᠢᠬᠠᠨ ᠠᠮᠢᠳᠤᠷᠠᠯ ᠢ ᠡᠳ᠋ᠯᠡᠵᠦ᠂ ᠡᠬᠡ ᠪᠠᠶᠢᠭᠠᠯᠢ ᠶᠢᠨ | ᠰᠣᠨᠢᠨ ᠭᠠᠶᠢᠬᠠᠮᠰᠢᠭ ᠢ ᠪᠠᠭ᠋ᠠᠷᠬᠠᠳᠠᠭ︾ ᠬᠡᠮᠡᠨ ᠶᠠᠷᠢᠵᠤ ᠪᠠᠶᠢᠪᠠ᠃ | ᠵᠢᠭᠤᠯᠴᠢᠯᠠᠯ ᠤᠨ ᠬᠥᠭᠵᠢᠶᠡᠨᠲᠦ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠥᠪᠥᠷ ᠮᠣᠩᠭᠤᠯ ᠤᠨ | 90% ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠨᠢᠭᠡᠨᠲᠡ ᠡᠵᠡᠩᠨᠡᠯᠲᠡ ᠪᠠᠨ ᠰᠡᠷᠭᠦᠭᠡᠪᠡ᠃ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠣᠷᠣᠨ ᠤ ᠬᠦᠯᠢᠶᠡᠨ | ᠠᠪᠤᠭᠰᠠᠨ ᠵᠢᠭᠤᠯᠴᠢᠯᠠᠭᠴᠢᠳ 749.63 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8% ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ ᠶᠢ 46.63 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠵᠦ᠂ ᠵᠢᠭᠤᠯᠴᠢᠯᠠᠯ ᠤᠨ | ᠦᠶᠯᠡᠰ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠯᠡᠷᠡᠪᠡ᠃ | ᠣᠶᠢᠯᠠᠭᠠᠭᠰᠠᠨ ᠢᠶᠠᠷ᠂ 6 ᠳ᠋ᠤᠭᠠᠷ ᠰᠠᠷ᠎ᠠ ᠪᠣᠯᠬᠤ ᠳᠤ᠂ ᠥᠪᠥᠷ ᠮᠣᠩᠭᠤᠯ ᠤᠨ ᠡᠯ᠎ᠡ ᠭᠠᠵᠠᠷ ᠤᠨ ᠡᠪᠡᠰᠦ | ᠪᠡᠯᠴᠢᠭᠡᠷ ᠪᠦᠬᠦᠨ ᠢᠶᠠᠷ ᠢᠶᠠᠨ ᠨᠣᠭᠤᠭᠠᠷᠠᠵᠤ᠂ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ ᠶᠡᠷᠦᠩᠬᠡᠶ ᠳᠤ ᠪᠠᠨ | ᠣᠶᠢᠷ᠎ᠠ ᠶᠢᠨ 5 ᠵᠢᠯ ᠤᠨ ᠠᠳᠠᠯᠢ ᠬᠤᠭᠤᠴᠠᠭᠠᠨ ᠤ ᠬᠢᠷᠢ ᠲᠦᠪᠰᠢᠨ ᠳᠤ ᠣᠶᠢᠷᠠᠳᠴᠤ᠂ ᠬᠥᠯᠥᠨ ᠪᠣᠶᠢᠷ ᠤᠨ ᠲᠠᠯ᠎ᠠ | ᠨᠤᠲᠤᠭ ᠵᠡᠷᠭᠡ ᠮᠠᠰᠢ ᠣᠯᠠᠨ ᠵᠢᠭᠤᠯᠴᠢᠯᠠᠯ ᠤᠨ ᠭᠠᠵᠠᠷ ᠨᠢ ᠨᠡᠷ᠎ᠡ ᠨᠢᠳᠡᠷ ᠲᠤ ᠪᠠᠨ ᠨᠡᠶᠢᠴᠡᠭᠰᠡᠨ ︽ᠲᠡᠭᠷᠢ ᠲᠠᠯ᠎ᠠ︾ | ᠪᠣᠯᠤᠭᠰᠠᠨ ᠪᠠᠶᠢᠨ᠎ᠠ᠃ | ᠣᠳᠣᠬᠠᠨ ᠳᠤ᠂ ᠥᠪᠥᠷ ᠮᠣᠩᠭᠤᠯ ᠲᠠᠯ᠎ᠠ ᠨᠤᠲᠤᠭ ᠤᠨ ᠦᠩᠭᠡ ᠦᠵᠡᠮᠵᠢ ᠪᠣᠯᠣᠨ ᠥᠨᠳᠥᠰᠥᠲᠡᠨ ᠤ ᠵᠠᠩ | ᠦᠢᠯᠡ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠲᠠᠯ᠎ᠠ ᠨᠤᠲᠤᠭ᠂ ᠡᠯᠡᠰᠦ ᠮᠠᠩᠬ᠎ᠠ᠂ ᠣᠢ | ᠰᠢᠭᠤᠶ᠂ ᠬᠢᠯᠢ ᠬᠢᠵᠠᠭᠠᠷ᠂ ᠦᠨᠳᠦᠰᠦᠲᠡᠨ ᠤ ᠵᠠᠩ ᠰᠤᠷᠲᠠᠯ᠂ ᠰᠣᠶᠣᠯ ᠤᠨ ᠦᠯᠡᠳᠡᠭᠳᠡᠯ ᠵᠡᠷᠭᠡ ᠥᠪᠡᠷᠮᠢᠴᠡ | ᠣᠨᠴᠠᠯᠢᠭ ᠪᠦᠬᠦᠢ ᠠᠮᠢ ᠠᠬᠤᠢ ᠶᠢᠨ ᠵᠢᠭᠤᠯᠴᠢᠯᠠᠯ ᠤᠨ ᠲᠦᠷᠦᠯ ᠵᠦᠢᠯ ᠢ ᠵᠠᠯᠭᠠᠭ᠎ᠠ ᠪᠠᠷ ᠭᠠᠷᠭᠠᠵᠤ᠂ ᠮᠠᠰᠢ ᠣᠯᠠᠨ | ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠤᠤᠯᠳᠠᠯᠭ᠎ᠠ ᠲᠠᠢ ᠨᠡᠬᠡᠬᠡᠪᠡ᠃ |