ᠠᠷᠪᠠᠨ ᠭᠤᠷᠪᠠᠳᠤᠭᠠᠷ ᠬᠤᠭᠤᠴᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠤᠶᠠᠳᠤᠭᠠᠷ ᠤᠯᠠᠷᠢᠯ ᠤᠨ ᠠᠵᠢᠯᠯᠠᠭᠠᠨ ᠤ ᠭᠠᠷᠠᠭ ᠤᠳᠠᠯ ᠥᠬᠡᠶ ᠡᠬᠢᠯᠡᠬᠦ ᠭᠡᠵᠣ ᠪᠤᠢ
ᠨᠡᠶᠢᠲᠡᠯᠡᠭᠰᠡᠨ ᠴᠠᠭ᠄
2019/6/12
     6 ᠳ᠋ᠤᠭᠠᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠤᠶᠠᠳᠤᠭᠠᠷ ᠤᠯᠠᠷᠢᠯ ᠤᠨ ᠠᠵᠢᠯᠯᠠᠭᠠᠨ ᠤ ᠭᠠᠷᠠᠭ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠦᠬᠡᠬᠤᠳᠠ ᠳᠤ ᠬᠤᠷᠠᠯᠳᠣᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠭᠠᠷᠠᠭ ᠨᠢ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ — ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ︾᠎ ᠪᠠᠷ ᠭᠤᠤᠯ ᠰᠡᠳᠦᠪ ᠪᠣᠯᠭᠠᠵᠤ᠂ 6 ᠳ᠋ᠤᠭᠠᠷ ᠰᠠᠷ᠎ᠠ ᠶᠢᠨ 15᠎ ᠤ ᠡᠳᠦᠷ ᠠᠴᠠ 21᠎ ᠤ ᠡᠳᠦᠷ ᠪᠣᠯᠲᠠᠯ᠎ᠠ ᠶᠠᠪᠣᠭᠳᠠᠬᠤ ᠪᠣᠯᠣᠨ᠎ᠠ᠃ ᠡᠬᠢᠯᠡᠯᠲᠡ ᠶᠢᠨ ᠶᠣᠰᠣᠯᠠᠯ ᠢ ᠪᠤᠭᠤᠲᠤ ᠬᠤᠲᠠ ᠶᠢᠨ ᠬᠤᠲᠠ ᠶᠢᠨ ᠳᠤᠮᠳᠠᠬᠢ ᠲᠠᠯ᠎ᠠ ᠨᠤᠲᠤᠭ — ᠰᠠᠶᠢᠬᠠᠨᠲᠠᠯ᠎ᠠ ᠪᠠᠷᠠᠭᠤᠨ ᠰᠢᠨ᠎ᠡ ᠡᠬᠦᠳᠡᠨ ᠳᠤ ᠶᠠᠪᠣᠭᠳᠠᠭᠤᠯᠬᠤ ᠪᠤᠯᠤᠨ᠎ᠠ᠃      ᠲᠤᠰ ᠤᠳᠠᠭᠠᠨ ᠤ ᠠᠵᠢᠯᠯᠠᠭᠠᠨ ᠤ ᠭᠠᠷᠠᠭ ᠲᠤ ᠣᠨᠣᠯ ᠤᠨ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠮᠡᠳᠡᠯᠭᠡ ᠶᠢᠨ ᠲᠠᠶᠢᠯᠤᠮᠵᠢ ᠵᠡᠷᠭᠡ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠯᠠᠮᠵᠢᠯᠠᠯᠲᠤ ᠠᠵᠢᠯᠯᠠᠭ᠎ᠠ ᠪᠠᠷ ᠭᠤᠤᠯ ᠪᠣᠯᠭᠠᠬᠤ ᠶᠢᠨ ᠬᠠᠮᠳᠣ᠂ ᠳᠠᠭᠤᠤ ᠬᠥᠭᠵᠢᠮ ᠤᠨ ᠭᠢᠯᠪᠡᠬᠡᠨ ᠲᠣᠭᠯᠠᠯᠳᠠ᠂ ᠪᠢᠴᠢᠯ ᠬᠠᠷᠠᠭᠠᠨ ᠳᠠᠪᠲᠠᠮᠵᠢ ᠶᠢᠨ ᠦᠵᠡᠭᠦᠯᠦᠯᠭᠡ ᠵᠡᠷᠭᠡ ᠰᠢᠨ᠎ᠡ ᠬᠡᠯᠪᠡᠷᠢ ᠶᠢᠨ ᠵᠠᠭᠤᠴᠢᠯᠠᠭᠤᠷ ᠢᠶᠠᠷ ᠲᠣᠰᠠᠯᠠᠮᠵᠢ ᠪᠣᠯᠭᠠᠭᠰᠠᠨ ᠣᠯᠠᠨ ᠵᠦᠶᠯ ᠤᠨ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠨᠢᠬᠦᠯᠵᠣ᠂ ᠡᠭᠡᠯ ᠪᠣᠷᠣᠭᠵᠢᠭᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠶᠤᠨ ᠰᠠᠨᠠᠭ᠎ᠠ ᠪᠠᠨ ᠪᠠᠲᠤᠳᠬᠠᠵᠤ᠂ ᠴᠤᠭ ᠰᠦᠯᠳᠡ ᠪᠠᠨ ᠪᠠᠳᠠᠷᠠᠭᠤᠯᠤᠨ᠂ ᠪᠥᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠪᠦᠯᠬᠦᠮᠳᠡᠨ ᠲᠡᠮᠡᠴᠡᠵᠦ᠂ ᠮᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠨ᠎ᠠ᠃      ᠪᠦᠬᠦ ᠣᠷᠣᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠭᠠᠷᠠᠭ ᠢ ᠬᠠᠮᠤᠭ ᠠᠩᠬ᠎ᠠ 2007 ᠣᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠡᠶᠢᠬᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠬᠠᠮᠲᠤᠷᠠᠨ ᠡᠷᠬᠢᠯᠡᠭᠰᠡᠨ ᠠᠴᠠ ᠬᠤᠶᠢᠰᠢ᠂ ᠡᠳᠦᠭᠡ ᠪᠣᠯᠲᠠᠯ᠎ᠠ ᠵᠠᠯᠭᠠᠭ᠎ᠠ ᠪᠠᠷ 12 ᠬᠤᠭᠤᠴᠠᠭ᠎ᠠ ᠡᠷᠬᠢᠯᠡᠪᠡ᠃ ᠨᠢᠳᠤᠨᠤᠨ ᠠᠴᠠ ᠡᠬᠢᠯᠡᠨ᠂ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠠᠷᠠᠭ ᠤᠨ ᠠᠵᠢᠯᠯᠠᠭ᠎ᠠ ᠶᠢ ᠵᠢᠯ ᠪᠦᠷᠢ ᠶᠢᠨ 6 ᠳ᠋ᠤᠭᠠᠷ ᠰᠠᠷ᠎ᠠ ᠶᠢᠨ ᠬᠤᠶᠠᠳᠤᠭᠠᠷ ᠭᠠᠷᠠᠭ ᠠᠴᠠ ᠡᠬᠢᠯᠡᠨ ᠥᠷᠨᠢᠭᠦᠯᠵᠦ ᠪᠠᠶᠢᠭᠰᠠᠨ ᠢ ᠤᠯᠠᠷᠢᠯ ᠪᠦᠷᠢ ᠳᠤ ᠨᠢᠭᠡ ᠤᠳᠠᠭ᠎ᠠ ᠦᠷᠨᠢᠬᠦᠯᠬᠦ ᠪᠣᠯᠭᠠᠨ ᠦᠬᠡᠷᠡᠴᠢᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号