ᠮᠠᠨ ᠤ ᠣᠷᠣᠨ ︽ᠬᠠᠰᠤᠬᠤ ᠪᠠᠭᠤᠷᠠᠭᠤᠯᠬᠤ ᠨᠥᠬᠦᠪᠥᠷᠢᠯᠡᠬᠦ︾ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019/6/12
     ᠡᠨᠡ ᠵᠢᠯ᠂ ᠮᠠᠨ ᠤ ᠣᠷᠣᠨ ᠤ ︽ᠬᠠᠰᠤᠬᠤ ᠪᠠᠭᠤᠷᠠᠭᠤᠯᠬᠤ ᠨᠥᠬᠦᠪᠥᠷᠢᠯᠡᠬᠦ︾᠎ ᠪᠠᠷ ᠭᠤᠣᠯ ᠪᠣᠯᠭᠠᠭᠰᠠᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠲᠣᠭᠲᠠᠭᠤᠨ ᠢᠶᠠᠷ ᠠᠬᠢᠵᠤ᠂ ᠢᠯᠡᠳᠲᠡ ᠦᠷ᠎ᠡ ᠪᠦᠲᠦᠮᠵᠢ ᠣᠯᠪᠠ᠃      ᠡᠨᠡ ᠬᠦ ᠦᠷ᠎ᠡ ᠪᠦᠲᠦᠮᠵᠢ ᠨᠢ ᠭᠤᠤᠯᠳᠠᠭᠤ ᠳᠣᠣᠷᠠᠬᠢ ᠲᠠᠯ᠎ᠠ ᠪᠠᠷ ᠢᠯᠡᠷᠡᠵᠡᠢ᠃ ᠪᠢᠴᠢᠯ ᠬᠥᠰᠢᠭᠦᠷᠭᠡ ᠶᠢᠨ ᠨᠣᠷᠮ᠎ᠠ ᠪᠠᠭᠤᠷᠠᠪᠠ — ᠨᠢᠭᠡᠳᠦᠭᠡᠷ ᠤᠯᠠᠷᠢᠯ ᠤᠨ ᠡᠴᠦᠰ ᠪᠣᠯᠲᠠᠯ᠎ᠠ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ 62 . 2 % ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1 . 8 ᠵᠠᠭᠤᠨ ᠤ ᠨᠢᠭᠡᠴᠢ ᠪᠠᠭᠤᠷᠠᠪᠠ︔ ᠲᠠᠸᠠᠷ ᠤᠨ ᠭᠡᠷ ᠪᠠᠶᠢᠰᠢᠩ ᠤᠨ ᠬᠥᠮᠥᠷᠭᠡ ᠶᠢᠨ ᠬᠠᠳᠠᠭᠠᠯᠠᠯᠲᠠ ᠬᠠᠰᠤᠭᠳᠠᠪᠠ — 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠬᠤ ᠪᠠᠷ ᠪᠠᠶᠢᠭ᠎ᠠ ᠲᠠᠯᠠᠪᠠᠢ ᠠᠳᠠᠯᠢ ᠬᠤᠭᠤᠴᠠᠭᠠᠨ ᠤ ᠬᠢ ᠠᠴᠠ 14 . 9 %᠎ ᠪᠠᠷ ᠪᠠᠭᠤᠷᠠᠪᠠ︔ ᠠᠵᠤ ᠠᠬᠤᠶᠢᠯᠠᠯ ᠤᠨ ᠥᠪᠡᠷ ᠤᠨ ᠥᠷᠲᠡᠭ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠤᠷ᠎ᠠ ᠪᠣᠯᠵᠠᠢ — ᠨᠢᠭᠡᠳᠦᠭᠡᠷ ᠤᠯᠠᠷᠢᠯ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢᠯᠠᠯ ᠤᠨ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠠᠬᠢ ᠥᠪᠡᠷ ᠤᠨ ᠥᠷᠲᠡᠭ ᠨᠢ 79 . 8 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 4 . 6 ᠲᠥᠭᠦᠷᠢᠭ ᠳᠣᠤᠷ᠎ᠠ ᠪᠣᠯᠪᠠ︔ ᠳᠤᠲᠠᠭᠤᠳᠠᠯ ᠤᠨ ᠬᠦᠷᠢᠶᠡᠨ ᠳᠠᠬᠢ ᠠᠵᠢᠯ ᠲᠥᠷᠥᠯ ᠤᠨ ᠪᠠᠯᠠ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ — ᠲᠦᠷᠦᠭᠦᠦ 4 ᠰᠠᠷ᠎ᠠ ᠳᠤ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠪᠠᠯᠠ ᠣᠷᠣᠭᠤᠯᠤᠯᠲᠠ 18 . 7 % ᠨᠡᠮᠡᠭᠳᠡᠵᠦ᠂ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠪᠠᠯᠠ ᠣᠷᠣᠭᠤᠯᠤᠯᠲᠠ 39 . 2 % ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号