ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ 6 . 59 ᠳ᠋ᠦᠩᠰᠢᠭᠤᠷ ᠲᠥᠭᠦᠷᠢᠭ ᠪᠠᠯᠠ ᠮᠥᠩᠭᠦ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2019/6/13
     ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠣᠶᠢᠯᠠᠭᠠᠭᠰᠠᠨ ᠢᠶᠠᠷ᠂ 2019 ᠣᠨ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠠᠯᠠ ᠮᠥᠩᠭᠦ ᠶᠢ ᠨᠡᠶᠢᠲᠡ 6 . 59 ᠳ᠋ᠦᠩᠰᠢᠭᠤᠷ ᠲᠥᠭᠦᠷᠢᠭ ᠪᠠᠭᠤᠯᠭᠠᠪᠠ᠃ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠦᠬᠦ ᠣᠷᠣᠨ ᠤ ᠤᠯᠤᠰ ᠤᠨ ᠲᠡᠰ ᠤᠨ ᠶᠠᠳᠠᠭᠤ ᠬᠦᠴᠢᠷᠳᠡᠯᠲᠡᠢ 31 ᠬᠤᠰᠢᠭᠤ ᠰᠢᠶᠠᠨ ᠪᠣᠯᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠶᠠᠳᠠᠭᠤ ᠬᠦᠴᠢᠷᠳᠡᠯᠲᠡᠢ 26 ᠬᠤᠰᠢᠭᠤ ᠰᠢᠶᠠᠨ ᠳᠤ ᠲᠤᠰ ᠲᠤᠰ ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ 3 . 22 ᠳ᠋ᠦᠩᠰᠢᠭᠤᠷ ᠲᠥᠭᠦᠷᠢᠭ ᠪᠣᠯᠤᠨ 1 . 66 ᠳ᠋ᠦᠩᠰᠢᠭᠤᠷ ᠲᠥᠭᠦᠷᠢᠭ ᠪᠠᠭᠤᠯᠭᠠᠵᠤ᠂ ᠪᠦᠬᠦ ᠵᠢᠯ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢᠨ ᠶᠡᠷᠦᠩᠬᠡᠢ ᠲᠣᠭᠠᠨ ᠤ 74 . 05 %᠎ ᠢ ᠡᠵᠡᠯᠡᠪᠡ᠃      ᠣᠶᠢᠯᠠᠭᠠᠭᠰᠠᠨ ᠢᠶᠠᠷ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠣᠭᠲᠠᠭᠰᠠᠨ ᠬᠤᠭᠤᠴᠠᠭᠠᠨ ᠳᠤ ᠴᠥᠭᠡᠨ ᠲᠣᠭᠠᠲᠤ ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ︽ᠬᠦᠴᠢᠷ ᠠᠰᠠᠭᠤᠳᠠᠯ︾᠎ ᠢ ᠰᠶᠢᠳᠪᠦᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠣᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠬᠡᠷᠡᠭᠲᠡᠢ ᠭᠡᠰᠡᠨ ᠵᠢᠭᠠᠪᠤᠷᠢ ᠶᠢᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠢᠮᠠᠭᠲᠠ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠬᠦ ᠶᠢ ᠲᠡᠷᠢᠭᠦᠨ ᠴᠢᠬᠤᠯᠠ ᠶᠡᠭᠡ ᠶᠠᠪᠤᠳᠠᠯ ᠪᠠ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠲᠤᠶᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ᠂ ᠲᠤᠶᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠬᠤᠰᠢᠭᠤ᠂ ᠬᠢᠯᠢ ᠶᠢᠨ ᠬᠤᠰᠢᠭᠤ ᠬᠤᠲᠠ᠂ ᠮᠠᠯ ᠠᠵᠤ ᠠᠬᠤᠢ ᠶᠢᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠬᠤᠰᠢᠭᠤ ᠬᠤᠲᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠣᠯ ᠳᠠᠶᠢᠨ ᠤ ᠲᠠᠯᠠᠪᠤᠷ ᠪᠣᠯᠭᠠᠪᠠ᠃ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠵᠤ ᠪᠠᠶᠢᠭ᠎ᠠ ᠶᠠᠳᠠᠭᠤ ᠬᠦᠴᠢᠷᠳᠡᠯᠲᠡᠢ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠬᠥᠭᠵᠢᠭᠦᠯᠦᠯᠲᠡ ᠶᠢᠨ ᠪᠣᠭᠤᠮᠢ ᠶᠢ ᠰᠶᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠥᠪ ᠴᠢᠭᠯᠡᠯ ᠢ ᠡᠵᠡᠮᠳᠡᠵᠦ᠂ ᠬᠠᠷᠠᠯᠲᠠ ᠬᠤᠪᠢᠷᠠᠬᠤ ᠦᠭᠡᠢ᠂ ᠵᠣᠷᠢᠭ ᠮᠣᠬᠤᠬᠤ ᠦᠭᠡᠢ ᠪᠠᠶᠢᠬᠤ ᠶᠢ ᠪᠠᠲᠤᠯᠠᠵᠤ᠂ ᠬᠦᠴᠦᠨ ᠢᠶᠠᠨ ᠲᠥᠪᠯᠡᠷᠡᠭᠦᠯᠦᠨ ᠡᠳᠡᠭᠡᠷ ᠭᠠᠵᠠᠷ ᠣᠷᠣᠨ ᠤ ᠶᠠᠳᠠᠭᠤ ᠬᠦᠴᠢᠷᠳᠡᠯᠲᠡᠢ ᠠᠰᠠᠭᠤᠳᠠᠯ ᠢ ᠰᠶᠢᠳᠪᠦᠷᠢᠯᠡᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾᠎ ᠶᠢ ᠲᠣᠭᠲᠠᠭᠤᠨ ᠢᠶᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号