6 ᠳ᠋ᠤᠭᠠᠷ ᠰᠠᠷ᠎ᠠ ᠶᠢᠨ 11 ᠤ ᠡᠳᠦᠷ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠵᠡᠷᠭᠡ 67 ᠪᠠᠶᠢᠭᠤᠯᠭ᠎ᠠ ᠨᠢᠭᠡᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠣᠭᠤᠷᠢᠨ ᠵᠢᠯᠣᠭᠤᠳᠬᠤ | ᠲᠣᠭᠤᠶᠢᠯᠠᠩ ᠤᠨ ᠵᠢᠯᠣᠭᠤᠳᠣᠯᠭ᠎ᠠ ᠳᠣᠤᠷ᠎ᠠ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ | ᠤᠳᠤᠷᠢᠳᠬᠤ ᠪᠠᠭ ᠳᠡᠭᠡᠳᠣ ᠬᠡᠮᠵᠢᠶ᠎ᠡ ᠪᠠᠷ ᠴᠢᠬᠤᠯᠠᠴᠢᠯᠠᠨ᠂ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠣᠯᠳᠠ | ᠨᠠᠷᠢᠨ ᠬᠢᠨᠠᠮᠠᠭᠠᠶ ᠪᠡᠯᠡᠳᠬᠡᠨ᠂ ᠪᠥᠬᠦ ᠨᠠᠮ ᠤᠨ ᠭᠡᠰᠢᠭᠦᠨ ᠺᠠᠳ᠋ᠷᠴᠤᠳ ᠢᠳᠡᠪᠬᠢᠲᠡᠶ ᠣᠷᠣᠯᠴᠠᠵᠤ᠂ ᠤᠷᠢᠳ | ᠬᠤᠵᠢᠳ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠢ ᠡᠬᠢᠯᠡᠭᠦᠯᠪᠡ᠃ | ᠣᠯᠠᠨ ᠢᠶᠠᠷ ᠢᠶᠠᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ | ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠵᠦ | ᠦᠬᠡᠷᠡᠴᠢᠯᠡᠬᠦ ᠵᠡᠷᠭᠡ ᠡᠭᠦᠷᠭᠡ ᠶᠢ ᠴᠢᠩᠭ᠎ᠠ ᠨᠠᠶᠢᠳᠠᠪᠣᠷᠢᠵᠢᠭᠤᠯᠣᠨ᠂ ︽ᠲᠠᠪᠤᠨ ᠥᠭᠦᠯᠡᠪᠦᠷᠢ︾ ᠶᠢᠨ ᠪᠣᠳᠠᠲᠠᠢ | ᠬᠠᠷᠠᠯᠲᠠ ᠶᠢ ᠪᠠᠲᠤ ᠡᠵᠡᠮᠳᠡᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠳᠣᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠭᠤᠣᠯ ᠰᠡᠳᠦᠪᠲᠦ ᠬᠥᠮᠦᠵᠢᠯ ᠥᠷᠨᠢᠭᠦᠯᠬᠦ ᠬᠦᠴᠦᠷᠬᠡᠭ ᠶᠡᠭᠡ ᠦᠵᠡᠯ | ᠰᠠᠨᠠᠭᠠᠨ ᠤ ᠵᠡᠪᠰᠡᠭ ᠢᠶᠠᠨ ᠪᠣᠯᠭᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠣ᠂ | ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠳᠣ ᠪᠠᠷ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠬᠦᠨ᠎ᠠ | ᠭᠡᠵᠦ ᠢᠯᠡᠳᠬᠡᠵᠡᠭᠡᠪᠡ᠃ |