ᠪᠥ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠵᠡᠷᠭᠡ ᠠᠵᠢᠯ ᠢ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2019/6/17
     6 ᠳ᠋ᠤᠭᠠᠷ ᠰᠠᠷ᠎ᠠ ᠶᠢᠨ 14᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠎ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠎ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠵᠡᠷᠭᠡ ᠠᠵᠢᠯ ᠢ ᠪᠠᠶᠢᠷᠢᠯᠠᠭᠤᠯᠵᠠᠢ᠃      ᠬᠤᠷᠠᠯ ᠠᠴᠠ ᠵᠢᠭᠠᠭᠰᠠᠨ ᠨᠢ᠂ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠦᠷᠨᠢᠬᠦᠯᠬᠦ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠪᠠᠶᠢᠷᠢᠯᠠᠭᠤᠯᠤᠭᠰᠠᠨ ᠴᠢᠬᠤᠯᠠ ᠶᠡᠭᠡ ᠡᠬᠦᠷᠭᠡ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠬᠦᠳᠦ ᠶᠢᠨ ᠪᠦᠬᠦ ᠲᠠᠯ᠎ᠠ ᠶᠢ ᠪᠤᠳᠤᠯᠬᠢᠯᠠᠵᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠳᠠ ᠮᠦᠨ᠂ ᠭᠤᠤᠯ ᠰᠡᠳᠦᠪᠳᠦ ᠬᠦᠮᠦᠵᠢᠯ ᠢ ᠰᠠᠶᠢᠳᠤᠷ ᠦᠷᠨᠢᠬᠦᠯᠬᠦ ᠪᠠᠷ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠠᠨ ᠪᠤᠯᠭᠠᠵᠦ᠂ ᠦᠵᠡᠯ ᠰᠠᠨᠠᠭ᠎ᠠ ᠪᠠᠨ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠪ ᠎ ᠤᠨ ᠱᠠᠭᠠᠷᠳᠠᠯᠭ᠎ᠠ ᠪᠠᠶᠢᠷᠢᠯᠠᠭᠤᠯᠤᠯᠳᠠ ᠳᠡᠭᠡᠷ᠎ᠠ ᠦᠨᠡᠨ ᠬᠦ ᠨᠢᠭᠡᠳᠭᠡᠵᠦ᠂ ᠭᠡᠯᠪᠡᠷᠢᠴᠢ ᠦᠵᠡᠯ ᠤᠨ ᠠᠰᠠᠭᠤᠳᠠᠯ ᠢ ᠡᠷᠡᠰ ᠲᠡᠪᠴᠢᠨ᠂ ᠭᠤᠤᠯ ᠰᠡᠳᠦᠪᠳᠦ ᠬᠦᠮᠦᠵᠢᠯ ᠢ ᠴᠢᠨᠠᠷ ᠰᠠᠶᠢᠳᠠᠢ ᠦᠷᠨᠢᠬᠦᠯᠵᠦ᠂ ᠦᠨᠡᠨ ᠪᠤᠳᠠᠳᠠᠢ ᠦᠷ᠎ᠠ ᠪᠦᠳᠦᠮᠵᠢ ᠤᠯᠬᠤ ᠶᠢ ᠪᠠᠳᠤᠯᠠᠬᠤ ᠭᠡᠷᠡᠭᠲᠡᠢ ᠭᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠪ ᠤᠨ ᠭᠤᠤᠯ ᠰᠡᠳᠦᠪᠳᠦ ᠬᠦᠮᠦᠵᠢᠯ ᠦᠷᠨᠢᠭᠦᠯᠬᠦ ᠱᠠᠭᠠᠷᠳᠠᠯᠭ᠎ᠠ ᠪᠠᠷ ᠴᠢᠩᠭ᠎ᠠ ᠪᠠᠷᠢᠮᠵᠢᠶᠠᠯᠠᠵᠤ ᠴᠢᠩᠭ᠎ᠠ ᠬᠠᠷᠭᠤᠭᠤᠯᠵᠦ᠂ ᠭᠤᠤᠯ ᠰᠡᠳᠦᠪᠳᠦ ᠬᠦᠮᠦᠵᠢᠯ ᠤᠨ ᠦᠨᠳᠦᠰᠦᠨ ᠡᠬᠦᠷᠭᠡ ᠶᠢ ᠪᠠᠳᠤ ᠡᠵᠡᠮᠳᠡᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠳᠤᠷ ᠤᠶᠢᠯᠠᠭᠠᠨ ᠲᠤᠭᠤᠷᠠᠳᠠᠯ᠎ᠠ ᠮᠡᠳᠡᠵᠤ ᠪᠤᠲᠠᠳᠠᠶᠢᠵᠢᠭᠤᠯᠬᠤ ᠪᠠᠷ ᠬᠦᠴᠦᠯᠡᠨ ᠴᠢᠷᠮᠠᠶᠢᠵᠤ ᠦᠯᠢᠭᠡᠷ ᠳᠠᠭᠤᠷᠢᠶᠠᠯ ᠪᠤᠯᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠨ ︽ᠲᠦᠷᠪᠡᠨ ᠢᠳᠡᠭᠡᠯ︾᠎ ᠢᠶᠠᠨ ᠪᠠᠳᠤᠳᠬᠠᠵᠦ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠬᠦ ᠭᠡᠷᠡᠭᠲᠡᠢ᠃ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠬᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠤᠤᠯ ᠰᠡᠳᠦᠪᠳᠦ ᠬᠦᠮᠦᠵᠢᠯ ᠤᠨ ᠠᠵᠢᠯ ᠤᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠭᠤᠤᠯ ᠰᠡᠳᠦᠪᠳᠦ ᠬᠦᠮᠦᠵᠢᠯ ᠢ ᠵᠠᠰᠠᠭ ᠤᠨ ᠤᠷᠳᠤᠨ ᠤ ᠭᠤᠤᠯ ᠠᠵᠢᠯ ᠢ ᠠᠬᠢᠭᠤᠯᠬᠤ ᠲᠠᠢ ᠨᠢᠬᠳᠠ ᠤᠶᠠᠯᠳᠤᠭᠤᠯᠤᠨ ᠬᠠᠷᠢᠯᠴᠠᠨ ᠠᠬᠢᠭᠤᠯᠵᠦ᠂ ︽ᠬᠤᠶᠠᠷ ᠨᠢᠭᠤᠷᠳᠠᠨ︾᠎ ᠤ ᠠᠰᠠᠭᠤᠳᠠᠯ ᠢ ᠡᠷᠡᠰ ᠰᠡᠷᠭᠡᠶᠢᠯᠡᠬᠦ ᠭᠡᠷᠡᠭᠲᠡᠢ᠃ ᠵᠤᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠂ ᠲᠦᠷᠦᠬᠦᠯᠡᠨ ᠰᠤᠷᠤᠯᠴᠠᠵᠦ᠂ ᠲᠦᠷᠦᠬᠦᠯᠡᠨ ᠪᠠᠶᠢᠴᠠᠭᠠᠨ ᠰᠤᠳᠤᠯᠵᠦ᠂ ᠲᠦᠷᠦᠬᠦᠯᠡᠨ ᠠᠰᠠᠭᠤᠳᠠᠯ ᠢ ᠪᠠᠶᠢᠴᠠᠭᠠᠨ ᠦᠵᠡᠵᠦ᠂ ᠲᠦᠷᠦᠬᠦᠯᠡᠨ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠭᠡᠷᠡᠭᠲᠡᠢ ᠭᠡᠪᠠ᠃      ᠬᠤᠷᠠᠯ ᠳᠡᠭᠡᠷ᠎ᠠ ᠪᠠᠰᠠ ᠨᠠᠮ ᠤᠨ ᠲᠦᠪ ᠬᠤᠷᠢᠶᠠᠨ ᠤ ︽ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠦᠳᠦᠯᠪᠦᠷᠢ︾᠎ ᠶᠢ ᠳᠠᠷᠤᠮᠠᠯᠯᠠᠨ ᠳᠠᠷᠬᠠᠭᠠᠬᠤ ᠲᠤᠬᠠᠢ ᠮᠡᠳᠡᠭᠳᠡᠯ ᠵᠢᠴᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ ᠲᠤᠬᠠᠢ ᠰᠢ ᠶᠢᠨ ᠫᠢᠩ ᠨᠦᠬᠦᠷ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠦᠪ ᠤᠨ 15 ᠳ᠋ᠤᠭᠠᠷ ᠰᠢᠮᠳᠠᠭᠤᠯᠤᠨ ᠵᠢᠯᠤᠭᠤᠳᠬᠤ ᠲᠤᠭᠤᠶᠢᠯᠠᠩ ᠤᠨ ᠵᠠᠷᠯᠠᠨ ᠮᠡᠳᠡᠭᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠪᠠ᠃ ᠬᠤᠷᠠᠯ ᠠᠴᠠ᠂ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠤᠷᠤᠰᠢᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠲᠤᠶᠢᠯᠪᠤᠷᠢᠳᠠᠢ ᠴᠡᠭᠴᠡᠯᠡᠨ ᠰᠠᠶᠢᠵᠢᠷᠠᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠠᠳᠠᠭᠤ ᠲᠠᠶᠢᠯᠠᠯᠳᠤᠭᠠᠨ ᠢ ᠰᠠᠶᠢᠳᠤᠷ ᠬᠢᠬᠦ ᠶᠢ ᠪᠠᠳᠤᠯᠠᠬᠤ ᠭᠡᠷᠡᠭᠲᠡᠢ ᠭᠡᠪᠠ᠃      ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ᠂ ᠨᠠᠮ ᠤᠨ ᠭᠡᠰᠢᠭᠦᠨ ᠪᠣᠰᠤ ᠳᠡᠳ᠋ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠡᠨ ᠲᠢᠩᠬᠢᠮ ᠤᠨ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠨᠠᠷ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号