ᠯᠢ ᠵᠢᠢ ᠾᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠨᠤᠮ ᠤᠩᠰᠢᠬᠤ ᠠᠩᠬᠢ ᠳᠡᠭᠡᠷ᠎ᠠ ᠴᠢᠬᠤᠯᠠᠴᠢᠯᠠᠬᠰᠠᠨ ᠨᠢ ᠮᠤᠵᠢ ᠶᠢᠨ ᠲᠡᠰ ᠤᠨ ᠤᠳᠤᠷᠢᠳᠬᠤ ᠨᠦᠬᠦᠳ ᠤᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠦ ᠪᠦᠬᠦ ᠤᠷᠤᠨ ᠤ ᠭᠤᠤᠯ ᠰᠡᠳᠦᠪᠳᠦ ᠬᠦᠮᠦᠵᠢᠯ ᠢ ᠲᠠᠰᠣᠷᠠᠯᠳᠠ ᠦᠬᠡᠢ ᠬᠦᠨᠵᠡᠭᠡᠶᠢᠷᠡᠬᠦᠯᠦᠨ ᠠᠬᠢᠭᠤᠯᠬᠤ ᠶᠢ ᠬᠦᠳᠦᠯᠦᠨ ᠵᠢᠯᠤᠭᠤᠳᠬᠤ ᠭᠡᠷᠡᠭᠲᠡᠢ ᠭᠡᠵᠡᠢ
ᠨᠡᠶᠢᠲᠡᠯᠡᠭᠰᠡᠨ ᠴᠠᠭ᠄
2019/6/17
     6 ᠳ᠋ᠤᠭᠠᠷ ᠰᠠᠷ᠎ᠠ ᠶᠢᠨ 10᠎ ᠠᠴᠠ 14᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠨᠤᠮ ᠤᠩᠰᠢᠬᠤ ᠠᠩᠬᠢ ᠶᠢᠨ ᠰᠣᠷᠣᠯᠴᠠᠯᠭ᠎ᠠ ᠥᠪᠦᠷ ᠮᠤᠩᠭᠤᠯ ᠤᠨ ᠨᠠᠮ ᠤᠨ ᠰᠤᠷᠭᠠᠭᠤᠯᠢ ᠳᠤ ᠶᠠᠪᠤᠭᠳᠠᠪᠠ᠃ 14᠎ ᠤ ᠡᠳᠣᠷ ᠤᠨ ᠦᠳᠡ ᠶᠢᠨ ᠬᠤᠶᠢᠨ᠎ᠠ᠂ ᠨᠤᠮ ᠤᠩᠰᠢᠬᠤ ᠠᠩᠬᠢ ᠶᠢᠨ ᠬᠢᠨ ᠲᠦᠪᠯᠡᠷᠡᠩᠬᠦᠢ ᠪᠠᠷ ᠰᠤᠳᠤᠯᠤᠨ ᠶᠠᠷᠢᠯᠴᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠤᠳᠤᠷᠢᠳᠬᠤ ᠲᠤᠭᠤᠢᠢᠯᠠᠩ ᠤᠨ ᠳᠠᠷᠤᠭ᠎ᠠ ᠯᠢ ᠵᠢᠢ ᠾᠧᠩ ᠡᠷᠬᠢᠯᠡᠬᠦ ᠶᠢᠨ ᠬᠠᠮᠳᠦ ᠶᠠᠷᠢᠶ᠎ᠠ ᠲᠠᠯᠪᠢᠵᠦ᠂ ᠲᠦᠪ ᠤᠨ ᠭᠤᠤᠯ ᠰᠡᠳᠦᠪᠳᠦ ᠬᠦᠮᠦᠵᠢᠯ ᠤᠨ ᠬᠤᠶᠠᠳᠤᠭᠠᠷ ᠵᠢᠯᠤᠭᠤᠳᠬᠤ ᠲᠤᠭᠤᠢᠢᠯᠠᠩ ᠤᠨ ᠳᠠᠷᠤᠭ᠎ᠠ ᠴᠧᠨ ᠵᠢᠢ ᠸᠠ᠂ ᠳᠡᠳ᠋ ᠳᠠᠷᠤᠭ᠎ᠠ ᠯᠦᠩ ᠰᠢᠨ ᠨᠠᠨ ᠬᠤᠷᠠᠯ ᠳᠤ ᠤᠷᠤᠯᠴᠠᠨ ᠵᠢᠭᠠᠨ ᠵᠢᠯᠤᠭᠤᠳᠴᠠᠢ᠃      ᠨᠤᠮ ᠤᠩᠰᠢᠬᠤ ᠠᠩᠬᠢ ᠳᠤ ᠦᠪᠡᠷᠲᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠨᠦᠬᠦᠳ ᠲᠤᠭᠳᠠᠭᠰᠠᠨ ᠰᠤᠷᠤᠯᠴᠠᠯᠭ᠎ᠠ ᠶᠢᠨ ᠭᠠᠷᠴᠠᠭ ᠢᠶᠠᠷ ᠦᠪᠡᠰᠦᠪᠡᠨ ᠰᠤᠷᠤᠯᠴᠠᠵᠦ᠂ ᠲᠠᠪᠤᠨ ᠲᠤᠰᠬᠠᠢ ᠰᠡᠳᠦᠪ ᠤᠨ ᠲᠤᠭᠤᠷᠢᠨ ᠳᠤ ᠭᠦᠨᠵᠡᠭᠡᠢ ᠰᠤᠷᠤᠯᠴᠠᠭᠰᠠᠨ ᠪᠠ ᠰᠤᠳᠤᠯᠵᠦ ᠶᠠᠷᠢᠯᠴᠠᠵᠤ᠂ ᠲᠦᠪ ᠤᠨ ᠨᠠᠮ ᠤᠨ ᠰᠤᠷᠭᠠᠭᠤᠯᠢ ᠶᠢᠨ ᠸᠠᠩ ᠬᠤ᠋ ᠰᠢᠤᠸᠠᠢ᠂ ᠸᠠᠩ ᠳ᠋ᠤᠤ ᠶᠦᠩ ᠫᠷᠦᠹᠧᠰᠰᠤᠷ ᠪᠤᠯᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠡᠭᠡ ᠰᠤᠷᠭᠠᠭᠤᠯᠢ ᠶᠢᠨ ᠰᠢᠤᠢ ᠶᠠᠨ ᠫᠷᠦᠹᠧᠰᠰᠤᠷ ᠤᠨ ᠬᠢᠭᠰᠡᠨ ᠬᠠᠪᠰᠤᠷᠤᠨ ᠵᠢᠯᠤᠭᠤᠳᠬᠤ ᠮᠡᠳᠡᠬᠦᠯᠦᠯᠳᠠ ᠶᠢ ᠨᠠᠷᠢᠨ ᠬᠢᠨᠠᠮᠠᠭᠠᠢ ᠰᠤᠨᠤᠰᠴᠦ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠷᠡᠯ ᠰᠠᠴᠤᠷᠠᠩᠭᠤᠢ ᠲᠡᠦᠭᠡᠨ ᠦᠩᠭᠡᠷᠡᠯᠳᠡ ᠶᠢ ᠡᠷᠬᠢᠴᠡᠬᠦᠯᠤᠨ᠂ ᠡᠪ ᠬᠠᠮᠳᠤᠴᠤᠳ ᠤᠨ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠶᠢ ᠮᠦᠷᠳᠡᠨ ᠡᠷᠢᠯᠬᠢᠯᠡᠪᠡ᠃ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠯᠢᠨ ᠱᠤᠤ ᠴᠦᠨ᠂ ᠸᠠᠩ ᠯᠢ ᠰᠢᠶᠠ᠂ ᠵᠠᠩ ᠶᠤᠸᠠᠨ ᠵᠦᠩ᠂ ᠨᠠᠰᠤᠨᠮᠦ᠋ᠩᠭᠡ᠂ ᠡᠤ ᠲᠤᠸᠠᠨ ᠶᠢᠩ᠂ ᠡᠸᠤ ᠶᠠᠩ ᠰᠢᠶᠤᠤ ᠬᠤᠢ᠂ ᠸᠠᠩ ᠵᠦᠩ ᠾᠧ᠂ ᠴᠠᠩ ᠵᠢᠶᠦ᠋ᠨ ᠵᠧᠩ ᠲᠦᠪᠯᠡᠷᠡᠩᠬᠦᠢ ᠪᠠᠷ ᠰᠤᠳᠤᠯᠤᠨ ᠶᠠᠷᠢᠯᠴᠠᠬᠤ ᠦᠶᠡᠰ ᠦᠬᠡ ᠬᠡᠯᠡᠵᠤ᠂  ᠤᠯᠤᠯᠳᠠ ᠲᠦᠷᠦᠭᠳᠡᠯ ᠢᠶᠠᠨ ᠶᠠᠷᠢᠵᠡᠢ᠃ ᠤᠯᠠᠨ ᠢᠶᠠᠷ ᠢᠶᠠᠨ᠂ ᠰᠤᠷᠤᠯᠴᠠᠨ ᠰᠤᠯᠢᠯᠴᠠᠬᠤ ᠪᠠᠷ ᠳᠠᠮᠵᠢᠨ ᠨᠠᠮ ᠤᠨ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠶᠢᠨ ᠲᠤᠬᠠᠢ ᠲᠠᠨᠢᠯᠳᠠ ᠴᠢᠨᠠᠬᠰᠢᠳᠠ ᠬᠦᠨᠵᠡᠭᠡᠶᠢᠷᠡᠵᠦ᠂ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠶᠢ ᠪᠠᠳᠤ ᠰᠠᠬᠢᠬᠤ ᠤᠬᠠᠮᠰᠠᠷ ᠴᠢᠩᠭᠠᠷᠠᠨ᠂ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠬᠦᠯᠬᠦ ᠴᠢᠭᠯᠡᠯ ᠳᠤᠳᠤᠷᠬᠠᠢ ᠪᠤᠯᠵᠡᠢ ᠭᠡᠵᠦ ᠦᠵᠡᠵᠡᠭᠡᠨ᠂ ᠪᠡᠶ᠎ᠠ ᠪᠠᠷ ᠢᠶᠠᠨ ᠬᠡᠪ ᠳᠠᠭᠤᠷᠢᠶᠠᠯ ᠪᠤᠯᠵᠦ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠢ ᠳᠠᠭᠠᠭᠤᠯᠤᠨ ᠨᠠᠮ ᠤᠨ ᠰᠢᠨ᠎ᠠ ᠶᠢ ᠡᠬᠦᠳᠬᠦ ᠤᠨᠤᠯ ᠢᠶᠠᠷ ᠣᠶᠣᠨ ᠰᠠᠨᠠᠭ᠎ᠠ ᠪᠠᠨ ᠨᠡᠩ ᠰᠠᠶᠢᠳᠤᠷ ᠵᠡᠪᠰᠡᠭᠯᠡᠵᠤ᠂ ᠦᠢᠯᠡᠳᠦᠯᠭᠡ ᠪᠠᠨ ᠨᠡᠩ ᠰᠠᠶᠢᠳᠤᠷ ᠵᠢᠯᠤᠭᠤᠳᠤᠭᠤᠯᠵᠦ᠂ ᠠᠵᠢᠯ ᠢᠶᠠᠨ ᠨᠡᠩ ᠰᠠᠶᠢᠳᠤᠷ ᠠᠬᠢᠭᠤᠯᠤᠨ᠎ᠠ ᠭᠡᠵᠦ ᠢᠯᠡᠳᠭᠡᠵᠡᠭᠡᠵᠠᠢ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠤᠬ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠳᠤ ᠮᠠᠨ ᠤ ᠨᠠᠮ ᠤᠨ ᠡᠬᠦᠷᠢᠳᠡ ᠶᠢᠨ ᠬᠤᠪᠢᠷᠠᠰᠢ ᠦᠭᠡᠢ ᠬᠦᠰᠡᠯ ᠡᠷᠡᠮᠡᠯᠵᠡᠯ ᠪᠤᠯᠤᠨ ᠢᠲᠡᠭᠡᠯ ᠪᠢᠰᠢᠷᠡᠯ᠂ ᠬᠠᠷᠢᠭᠤᠴᠠᠯᠭ᠎ᠠ ᠪᠤᠯᠤᠨ ᠡᠭᠦᠷᠭᠡᠯᠡᠯ ᠢ ᠠᠴᠢᠶᠠᠯᠠᠵᠤ ᠪᠤᠢ᠃ ᠪᠢᠳᠠ ᠨᠠᠮ ᠤᠨ ᠲᠦᠪ ᠬᠤᠷᠢᠶᠠᠨ ᠤ ᠭᠤᠤᠯ ᠰᠡᠳᠦᠪᠲᠤ ᠬᠦᠮᠦᠵᠢᠯ ᠦᠷᠨᠢᠬᠦᠯᠦᠭᠰᠡᠨ ᠠᠯᠤᠰ ᠬᠡᠳᠦ ᠶᠢᠨ ᠤᠳᠬ᠎ᠠ ᠰᠠᠨᠠᠭ᠎ᠠ ᠶᠢ ᠭᠦᠨᠵᠡᠭᠡᠢ ᠤᠢᠢᠯᠠᠭᠠᠵᠤ᠂ ᠶᠡᠷᠦᠩᠬᠡᠢ ᠱᠠᠭᠠᠷᠳᠠᠯᠭ᠎ᠠ᠂ ᠦᠨᠳᠦᠰᠦᠨ ᠡᠭᠦᠷᠭᠡ ᠪᠠ ᠪᠤᠲᠠᠲᠠᠢ ᠬᠠᠷᠠᠯᠲᠠ ᠶᠢ ᠤᠨᠤᠪᠴᠢᠲᠠᠢ ᠡᠵᠡᠮᠳᠡᠨ᠂ ᠮᠠᠨ ᠤ ᠨᠠᠮ ᠤᠨ ᠤᠬ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠦᠨᠡᠨ ᠬᠦ ᠨᠡᠩ ᠭᠦᠨᠵᠡᠭᠡᠢ ᠤᠢᠢᠯᠠᠭᠠᠵᠤ᠂ ᠨᠡᠩ ᠤᠬᠠᠮᠰᠠᠷ ᠠᠴᠠ ᠪᠠᠨ ᠦᠢᠯᠡᠳᠦᠯᠭᠡᠵᠢᠬᠦᠯᠵᠦ᠂ ᠤᠳᠤᠷᠢᠳᠤᠯᠭ᠎ᠠ ᠶᠢᠨ ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠦᠬᠦ ᠤᠷᠤᠨ ᠤ ᠭᠤᠤᠯ ᠰᠡᠳᠦᠪᠲᠤ ᠬᠦᠮᠦᠵᠢᠯ ᠤᠨ ᠲᠠᠰᠤᠷᠠᠯᠲᠠ ᠦᠭᠡᠢ  ᠬᠦᠨᠵᠡᠭᠡᠶᠢᠷᠡᠨ ᠠᠬᠢᠬᠤ ᠶᠢ ᠬᠦᠳᠦᠯᠦᠨ ᠵᠢᠯᠤᠭᠤᠳᠴᠦ᠂ ᠪᠦᠬᠦ ᠲᠠᠯ᠎ᠠ ᠪᠠᠷ ᠴᠢᠨᠡᠭᠡᠯᠢᠭᠵᠢᠬᠦ ᠰᠢᠢᠳᠪᠤᠷᠢᠲᠤ ᠢᠯᠠᠯᠲᠠ ᠶᠢ ᠤᠯᠬᠤ᠂ ᠦᠵᠡᠰᠬᠦᠯᠡᠩᠲᠤ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠡᠯ᠎ᠡ ᠲᠦᠷᠦᠯ ᠤᠨ ᠠᠵᠢᠯ ᠢ ᠨᠡᠩ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ ᠭᠡᠪᠡ᠃      ᠯᠢ ᠵᠢᠢ ᠾᠧᠩ ᠴᠢᠬᠤᠯᠠᠴᠢᠯᠠᠭᠰᠠᠨ ᠨᠢ᠂ ︽ᠤᠨᠤᠯ ᠤᠨ ᠰᠤᠷᠤᠯᠴᠠᠯᠭ᠎ᠠ ᠳᠤ ᠪᠠᠨ ᠤᠯᠤᠯᠲᠠ ᠲᠠᠢ ᠪᠠᠶᠢᠬᠤ︾ ᠬᠠᠷᠠᠯᠲᠠ ᠳᠤ ᠴᠢᠭᠯᠡᠭᠦᠯᠵᠤ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠤᠢᠢᠯᠠᠭᠠᠵᠤ᠂ ᠢᠯᠡᠬᠦᠭᠡᠨ ᠪᠤᠳᠤᠵᠦ ᠰᠡᠳᠬᠢᠨ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠤᠢᠢᠯᠠᠭᠠᠬᠤ ᠳᠡᠭᠡᠷ᠎ᠡ ᠬᠦᠴᠦ ᠲᠡᠯᠪᠢᠵᠤ᠂ ᠰᠢᠰᠲ᠋ᠧᠮ ᠲᠠᠢ ᠪᠦᠬᠦ ᠲᠠᠯ᠎ᠠ ᠪᠠᠷ ᠨᠡᠪᠲᠡᠷᠡᠲᠡᠯ᠎ᠡ ᠤᠢᠢᠯᠠᠭᠠᠬᠤ ᠳᠡᠭᠡᠷ᠎ᠡ ᠬᠦᠴᠦ ᠲᠠᠯᠪᠢᠵᠤ᠂ ᠮᠡᠳᠡᠬᠦᠢ ᠬᠢᠬᠦᠢ ᠶᠢ ᠨᠢᠭᠡᠳᠬᠡᠬᠦ ᠪᠠ ᠰᠤᠷᠤᠬᠰᠠᠨ ᠢᠶᠠᠨ ᠬᠡᠷᠡᠭᠯᠡᠬᠦ ᠳᠡᠭᠡᠷ᠎ᠡ ᠬᠦᠴᠦ ᠲᠠᠯᠪᠢᠵᠤ᠂ ᠰᠤᠷᠤᠯᠴᠠᠵᠤ ᠲᠤᠭᠤᠰᠢᠯᠠᠭᠤᠯᠬᠤ ᠶᠢ ᠭᠦᠨᠵᠡᠭᠡᠶᠢᠷᠡᠬᠦᠯᠬᠦ᠂ ᠬᠠᠳᠠᠩᠰᠢᠭᠤᠯᠬᠤ᠂ ᠪᠤᠲᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ︽ᠦᠵᠡᠯ ᠰᠠᠨᠠᠭ᠎ᠠ ᠤᠯᠤᠰ ᠲᠦᠷᠦ ᠶᠢᠨ ᠤᠬᠢᠶᠠᠯ ᠬᠦᠷᠲᠡᠬᠦ︾ ᠬᠠᠷᠠᠯᠲᠠ ᠳᠤ ᠴᠢᠭᠯᠡᠭᠦᠯᠵᠤ᠂ ︽ᠳᠦᠷᠪᠡᠨ ᠤᠬᠠᠮᠰᠠᠷ︾᠎ ᠢᠶᠠᠨ ᠴᠢᠩᠭᠠᠳᠬᠠᠵᠤ ︽ᠳᠦᠷᠪᠡᠨ ᠢᠲᠡᠭᠡᠯ︾᠎ ᠢᠶᠠᠨ ᠪᠠᠲᠤᠳᠬᠠᠨ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠮᠠᠷᠺᠰ ᠎ ᠤᠨ ᠦᠵᠡᠯ ᠳᠤ ᠦᠨᠡᠨᠴᠢ ᠰᠢᠳᠤᠷᠭᠤ ᠪᠠᠶᠢᠬᠤ ᠶᠢᠨ ᠵᠢᠱᠢᠶ᠎ᠠ ᠦᠵᠡᠭᠦᠯᠦᠭᠴᠢ᠂ ᠳᠠᠭᠠᠭᠤᠯᠤᠬᠴᠢ ᠪᠠ ᠠᠬᠢᠭᠤᠯᠤᠬᠴᠢ ᠪᠤᠯᠬᠤ ᠬᠡᠷᠡᠭᠲᠡᠢ᠃ ︽ᠠᠵᠢᠯ ᠬᠢᠵᠦ ᠦᠢᠯᠡᠰ ᠪᠤᠰᠬᠠᠵᠤ ᠵᠤᠷᠢᠬᠲᠡᠢ ᠪᠠᠷ ᠡᠭᠦᠷᠭᠡ ᠡᠭᠦᠷᠭᠡᠯᠡᠬᠦ︾ ᠬᠠᠷᠠᠯᠲᠠ ᠳᠤ ᠴᠢᠭᠯᠡᠭᠦᠯᠵᠤ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠪᠠᠳᠤ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠬᠡ ᠪᠠ ᠲᠡᠤᠬᠡᠨ ᠡᠭᠦᠷᠭᠡᠳᠤ ᠪᠤᠳᠤᠯ ᠢᠶᠠᠷ ᠦᠪᠦᠷ ᠮᠤᠩᠭᠤᠯ ᠤᠨ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ ᠨᠡᠩ ᠰᠠᠶᠢᠳᠤᠷ ᠡᠭᠦᠷᠭᠡᠯᠡᠬᠦ ᠳᠤ ᠵᠢᠱᠢᠶ᠎ᠠ ᠦᠵᠡᠬᠦᠯᠵᠤ ᠬᠦᠲᠦᠯᠦᠨ ᠵᠢᠯᠤᠭᠤᠳᠬᠤ ᠬᠡᠷᠡᠭᠲᠡᠢ᠃ ︽ᠠᠷᠠᠳ ᠲᠦᠮᠡᠨ ᠳᠤ ᠦᠢᠯᠡᠴᠢᠯᠡᠨ ᠬᠦᠴᠢᠷ ᠠᠰᠠᠭᠤᠳᠠᠯ ᠢ ᠎ ᠨᠢ ᠰᠢᠢᠳᠪᠦᠷᠢᠯᠡᠬᠦ︾ ᠬᠠᠷᠠᠯᠲᠠ ᠳᠤ ᠴᠢᠭᠯᠡᠭᠦᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ᠂ ᠠᠷᠠᠳ ᠲᠤ ᠠᠰᠢᠭ ᠬᠦᠷᠳᠡᠭᠡᠵᠦ ᠠᠷᠠᠳ ᠤᠨ ᠲᠦᠯᠦᠭᠡ ᠬᠠᠷᠢᠭᠤᠴᠠᠯᠭ᠎ᠠ ᠭᠦᠢᠴᠡᠳᠬᠡᠬᠦ ᠪᠤᠲᠠᠲᠤ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠦᠨᠡᠨ ᠬᠦ ᠤᠯᠬᠤ ᠬᠡᠷᠡᠭᠲᠡᠢ᠃ ︽ᠠᠷᠢᠭᠤᠨ ᠴᠢᠭᠡᠴᠢ ᠶᠢᠨ ᠳᠠᠭᠤᠷᠢᠶᠠᠯ ᠪᠤᠯᠬᠤ︾ ᠬᠠᠷᠠᠯᠲᠠ ᠳᠤ ᠴᠢᠭᠯᠡᠭᠦᠯᠵᠤ᠂ ᠪᠢᠰᠢᠷᠡᠬᠦ ᠵᠢᠷᠦᠬᠡᠰᠢᠬᠦ᠂ ᠴᠡᠭᠡᠷᠯᠡᠬᠦ ᠬᠢᠴᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠲᠦᠷᠦᠭᠦᠯᠡᠨ ᠪᠡᠶᠡᠯᠡᠭᠦᠯᠵᠦ᠂ ᠰᠤᠷᠲᠠᠯ ᠴᠢᠭᠡᠴᠢ ᠤᠪᠤᠷ ᠲᠦᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠤᠯᠭᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号