ᠬᠤᠷᠢᠨ ᠳᠠᠪᠤᠳᠡᠬᠢ ᠲᠡᠯᠡᠬᠡᠢ ᠶᠢᠨ ᠴᠦᠯᠯᠡᠷᠭᠡᠭᠵᠢᠯ ᠪᠤᠯᠤᠨ ᠭᠠᠩ ᠬᠠᠭᠰᠠᠷᠠᠭᠠᠨ ᠢ ᠰᠡᠷᠬᠡᠶᠢᠯᠠᠨ ᠵᠠᠰᠠᠬᠤ ᠡᠳᠤᠷ ᠢ ᠲᠤᠷᠠᠰᠬᠠᠬᠤ ᠶᠡᠭᠡ ᠬᠤᠷᠠᠯ ᠬᠢᠭᠡᠳ ᠴᠦᠯᠯᠡᠷᠭᠡᠭᠵᠢᠯ ᠢ ᠰᠡᠷᠬᠡᠶᠢᠯᠠᠨ ᠵᠠᠰᠠᠬᠤ ᠤᠯᠠᠨ ᠤᠯᠤᠰ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ  ᠪᠦ᠋ ᠰᠢᠶᠤᠤ ᠯᠢᠨ ᠪᠠᠶᠠᠷ ᠤᠨ ᠦᠭᠡ ᠭᠡᠯᠡᠪᠡ
ᠨᠡᠶᠢᠲᠡᠯᠡᠭᠰᠡᠨ ᠴᠠᠭ᠄
2019/6/18
     6 ᠳ᠋ᠤᠭᠠᠷ ᠰᠠᠷ᠎ᠠ ᠶᠢᠨ 17᠎ ᠤ ᠡᠳᠤᠷ᠂ ᠬᠤᠷᠢᠨ ᠳᠠᠪᠤᠳᠡᠬᠢ ᠲᠡᠯᠡᠬᠡᠢ ᠶᠢᠨ ᠴᠦᠯᠯᠡᠷᠭᠡᠭᠵᠢᠯ ᠪᠤᠯᠤᠨ ᠭᠠᠩ ᠬᠠᠭᠰᠠᠷᠠᠭᠠᠨ ᠢ ᠰᠡᠷᠬᠡᠶᠢᠯᠠᠨ ᠵᠠᠰᠠᠬᠤ ᠡᠳᠤᠷ ᠢ ᠲᠤᠷᠠᠰᠬᠠᠬᠤ ᠶᠡᠭᠡ ᠬᠤᠷᠠᠯ ᠬᠢᠭᠡᠳ ᠴᠦᠯᠯᠡᠷᠭᠡᠭᠵᠢᠯ ᠢ ᠰᠡᠷᠬᠡᠶᠢᠯᠠᠨ ᠵᠠᠰᠠᠬᠤ ᠤᠯᠠᠨ ᠤᠯᠤᠰ ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ᠃ ᠶᠡᠭᠡ ᠬᠤᠷᠠᠯ ᠨᠢ ︽ᠴᠢᠳᠠᠪᠤᠷᠢᠳᠠᠨ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠂ ᠪᠤᠬᠢᠷᠳᠤᠯ ᠦᠬᠡᠢ᠂ ᠬᠠᠮᠳᠤ ᠪᠠᠷ ᠬᠦᠷᠲᠡᠬᠦ︾᠎ ᠪᠠᠷ ᠭᠤᠤᠯ ᠰᠡᠳᠤᠪ ᠪᠣᠯᠭᠠᠵᠠᠢ᠂ ᠬᠤᠷᠠᠯ ᠳᠤ ᠤᠷᠤᠯᠴᠠᠬᠰᠠᠳ ᠲᠡᠯᠡᠬᠡᠢ ᠶᠢᠨ ᠴᠦᠯᠯᠡᠷᠭᠡᠭᠵᠢᠯ ᠤᠨ ᠤᠳᠤᠬᠢ ᠪᠠᠶᠢᠳᠠᠯ᠂ ᠬᠠᠨᠳᠤᠰᠢ ᠵᠢᠴᠢ ᠰᠡᠷᠬᠡᠶᠢᠯᠡᠨ ᠵᠠᠰᠠᠬᠰᠠᠨ ᠠᠮᠵᠢᠯᠳᠠ ᠪᠦᠳᠤᠮᠵᠢ ᠶᠢᠨ ᠲᠤᠬᠠᠢ ᠰᠤᠯᠢᠯᠴᠠᠭ᠎ᠠ ᠬᠢᠵᠤ᠂ ᠳᠤᠮᠳᠠᠳᠤ ᠤᠯᠤᠰ ᠤᠨ ᠴᠦᠯᠯᠡᠷᠭᠡᠭᠵᠢᠯ ᠢ ᠰᠡᠷᠬᠡᠶᠢᠯᠠᠨ ᠵᠠᠰᠠᠬᠰᠠᠨ ᠠᠮᠵᠢᠯᠳᠠ ᠪᠦᠳᠤᠮᠵᠢ ᠶᠢ ᠬᠦᠢᠴᠡᠳ ᠨᠤᠳᠠᠯᠠᠪᠠ᠃      ᠤᠯᠤᠰ ᠤᠨ ᠤᠢ ᠰᠢᠭᠤᠢ ᠪᠠ ᠲᠠᠯ᠎ᠠ ᠨᠤᠳᠤᠬ ᠤᠨ ᠲᠤᠪᠴᠢᠶᠠᠨ ᠤ ᠲᠠᠷᠤᠭ᠎ᠠ ᠵᠠᠩ ᠵᠢᠶᠠᠨ ᠯᠦᠩ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠴᠦᠯᠯᠡᠷᠭᠡᠭᠵᠢᠯ ᠢ ᠰᠡᠷᠬᠡᠶᠢᠯᠠᠨ ᠵᠠᠰᠠᠬᠤ ᠨᠡᠶᠢᠳᠠ ᠶᠢᠨ ᠭᠡᠷ᠎ᠠ ᠶᠢᠨ ᠲᠡᠳ᠋ ᠬᠦᠢᠴᠡᠳᠭᠡᠬᠦ ᠨᠠᠷᠢᠨ ᠪᠢᠴᠢᠭᠡᠴᠢ ᠫᠷᠠᠳᠢᠫ · ᠮᠤᠩᠭ᠎ᠠ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠶᠡᠭᠡ ᠬᠤᠷᠠᠯ ᠤᠨ ᠡᠬᠢᠯᠡᠬᠦ ᠶᠤᠰᠤᠯᠠᠯ ᠲᠡᠭᠡᠷ᠎ᠠ ᠪᠠᠶᠠᠷ ᠤᠨ ᠦᠭᠡ ᠭᠡᠯᠡᠵᠡᠢ᠃      ᠵᠠᠩ ᠵᠢᠶᠠᠨ ᠯᠦᠩ ᠵᠢᠭᠠᠵᠤ ᠭᠠᠷᠭᠠᠬᠤ ᠳᠤ ᠪᠠᠨ᠂ ᠳᠤᠮᠳᠠᠳᠤ ᠤᠯᠤᠰ ᠴᠦᠯᠯᠡᠷᠭᠡᠭᠵᠢᠯ ᠢ ᠰᠡᠷᠬᠡᠶᠢᠯᠠᠨ ᠵᠠᠰᠠᠬᠤ ᠨᠡᠶᠢᠳᠠ ᠶᠢᠨ ᠬᠡᠷ᠎ᠠ ᠶᠢᠨ ᠭᠡᠷ᠎ᠡ ᠪᠠᠶᠢᠭᠤᠯᠤᠭᠰᠠᠨ ᠤᠯᠤᠰ ᠤᠨ ᠬᠤᠪᠢ ᠳᠤ᠂ ᠦᠩᠬᠡᠷᠡᠭᠰᠠᠨ ᠲᠠᠢ ᠪᠠᠨ ᠠᠳᠠᠯᠢ ᠪᠠᠷ ᠬᠠᠮᠢᠶ᠎ᠠ ᠪᠦᠬᠦᠢ ᠡᠬᠦᠷᠬᠡ ᠪᠠᠨ ᠬᠦᠢᠴᠡᠳᠬᠡᠵᠤ᠂ ᠢᠷᠡᠬᠡᠳᠤᠢ ᠳᠤ ᠪᠠᠰᠠ ᠤᠨᠴᠠ ᠵᠠᠷᠢᠮ ᠤᠯᠤᠰ ᠪᠤᠯᠤᠨ ᠤᠷᠤᠨ ᠪᠦᠰᠠ ᠳᠤ ᠨᠢᠭᠡ ᠪᠦᠯᠦᠭ ᠮᠡᠷᠬᠡᠵᠢᠯ ᠤᠨ ᠴᠢᠨᠠᠷᠳᠠᠢ ᠪᠠ ᠵᠢᠱᠢᠶ᠎ᠡ ᠦᠵᠡᠬᠦᠯᠬᠦ ᠴᠢᠨᠠᠷᠳᠠᠢ ᠴᠦᠯᠯᠡᠷᠭᠡᠭᠵᠢᠯ ᠢ ᠰᠡᠷᠬᠡᠶᠢᠯᠠᠨ ᠵᠠᠰᠠᠬᠤ ᠬᠠᠮᠳᠤᠷᠠᠯᠴᠠᠭᠠᠨ ᠤ ᠲᠦᠷᠤᠯ ᠵᠤᠶᠢᠯ ᠢ ᠰᠤᠳᠤᠯᠤᠨ ᠪᠠᠶᠢᠭᠤᠯᠬᠤ ᠪᠠᠷ ᠲᠦᠯᠦᠪᠯᠡᠵᠦ᠂ ᠳᠤᠮᠳᠠᠳᠤ ᠤᠯᠤᠰ ᠤᠨ ᠴᠦᠯᠯᠡᠷᠬᠡᠭᠵᠢᠯ ᠢ ᠰᠡᠷᠭᠡᠶᠢᠯᠡᠵᠦ ᠵᠠᠰᠠᠭᠰᠠᠨ ᠲᠤᠷᠰᠢᠯᠭ᠎ᠠ ᠶᠢ ᠦᠨᠡᠨ ᠬᠦ ᠪᠦᠬᠦ ᠪᠦᠮᠪᠦᠷᠴᠡᠭ ᠢᠶᠠᠷ ᠢᠶᠠᠨ ᠬᠠᠮᠳᠤ ᠪᠠᠷ ᠬᠦᠷᠲᠡᠬᠦ ᠶᠢ ᠪᠡᠶᠡᠯᠡᠬᠦᠯᠤᠨ᠎ᠠ ᠬᠡᠪᠠ᠃      ᠯᠢ ᠪᠢᠩ ᠷᠦᠩ ᠬᠡᠯᠡᠬᠦ ᠳᠤ ᠪᠠᠨ᠂ ᠦᠪᠤᠷ ᠮᠤᠩᠭᠤᠯ ᠴᠦᠯᠯᠠᠷᠭᠡᠭᠵᠢᠯ ᠢ ᠰᠡᠷᠭᠡᠶᠢᠯᠡᠨ ᠵᠠᠰᠠᠬᠤ ᠶᠢ ᠢᠮᠠᠭᠳᠠ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠶᠢᠭᠤᠯᠬᠤ᠂ ᠠᠵᠤ ᠠᠬᠤᠢ ᠨᠡᠶᠢᠭᠡᠮ ᠤᠨ ᠦᠷᠭᠦᠯᠵᠢᠯᠡᠬᠦᠶᠢᠴᠡ ᠬᠦᠭᠵᠢᠯᠳᠠ ᠶᠢ ᠠᠬᠢᠭᠤᠯᠬᠤ ᠴᠢᠬᠤᠯᠠ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠤᠯᠭᠠᠨ ᠠᠳᠬᠤᠭᠰᠠᠭᠠᠷ ᠢᠷᠡᠪᠡ᠂ ᠬᠤᠶᠢᠰᠢᠳᠠ ᠵᠠᠰᠠᠭ ᠤᠨ ᠤᠷᠳᠤᠨ ᠭᠤᠤᠯᠯᠠᠨ ᠤᠳᠤᠷᠢᠳᠤᠭᠰᠠᠨ᠂ ᠨᠡᠶᠢᠭᠡᠮ ᠲᠠᠶᠠᠭᠠᠷ ᠤᠷᠤᠯᠴᠠᠬᠰᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠳᠦᠯᠤᠨ ᠲᠠᠭᠠᠭᠤᠯᠤᠬᠰᠡᠨ᠂ ᠠᠵᠤ ᠦᠢᠯᠡᠰ ᠢᠶᠠᠷ ᠲᠠᠶᠢᠴᠢᠯᠠᠬᠰᠡᠨ᠂ ᠴᠢᠳᠠᠪᠤᠷᠢᠳᠠᠨ ᠢᠶᠠᠷ ᠲᠤᠯᠭᠠᠭᠤᠷᠢᠯᠠᠬᠰᠡᠨ᠂ ᠭᠠᠳᠠᠭᠰᠢ ᠪᠠᠨ ᠨᠡᠭᠡᠭᠡᠯᠳᠠ ᠬᠢᠭᠰᠡᠨ ᠰᠢᠨ᠎ᠡ ᠪᠠᠶᠢᠳᠠᠯ ᠢ ᠲᠦᠷᠭᠡᠳᠭᠡᠨ ᠪᠠᠶᠢᠭᠤᠯᠵᠤ᠂ ᠦᠢᠯᠡᠳᠪᠤᠷᠢᠯᠡᠯ ᠬᠦᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠰᠠᠶᠢᠬᠠᠨ ᠤᠷᠭᠠᠨᠢᠭ ᠨᠢᠭᠡᠳᠦᠯ ᠢ ᠪᠡᠶᠠᠯᠡᠬᠦᠯᠬᠦ ᠪᠤᠯᠤᠨ᠎ᠡ ᠭᠡᠪᠡ᠃      ᠬᠤᠷᠠᠯ ᠲᠡᠭᠡᠷ᠎ᠡ᠂ ᠲᠤᠮᠳᠠᠳᠤ ᠤᠯᠤᠰ ᠤᠨ ᠨᠤᠭᠤᠭᠠᠷᠠᠭᠤᠯᠤᠯᠳᠠ ᠶᠢᠨ ᠰᠠᠭᠤᠷᠢ ᠮᠦᠡᠭᠭᠦᠨ ᠤ ᠨᠡᠶᠢᠭᠡᠮᠯᠢᠭ ᠪᠤᠯᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠡ ︽ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠤᠨ ᠪᠢᠴᠢᠭ︾᠎ ᠲᠤ ᠭᠠᠷ ᠤᠨ ᠦᠰᠦᠭ ᠵᠢᠷᠤᠵᠤ᠂ 5 ᠵᠢᠯ ᠤᠨ ᠲᠤᠳᠤᠷ᠎ᠡ ᠨᠡᠶᠢᠳᠠ 5 ᠳ᠋ᠦᠡᠭᠰᠢᠭᠤᠷ ᠲᠦᠬᠦᠷᠢᠭ ᠬᠠᠨᠳᠢᠪᠯᠠᠵᠤ᠂ ᠦᠪᠤᠷ ᠮᠤᠩᠭᠤᠯ ᠤᠨ ᠮᠤᠳᠤ ᠲᠠᠷᠢᠵᠤ ᠤᠶᠢᠵᠢᠭᠤᠯᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠲᠦᠷᠦᠯ ᠵᠦᠢᠯ ᠳᠤ ᠬᠡᠷᠡᠭᠯᠡᠬᠦ ᠪᠤᠯᠤᠨ᠎ᠠ᠃      6 ᠳ᠋ᠤᠭᠠᠷ ᠰᠠᠷ᠎ᠡ ᠶᠢᠨ 16᠎ ᠤ ᠤᠷᠤᠢ᠂ ᠬᠤᠷᠠᠯ ᠠᠴᠠ ᠡᠮᠤᠨᠡᠬᠢ ᠰᠤᠯᠢᠯᠴᠠᠭᠠᠨ ᠤ ᠠᠵᠢᠯᠯᠠᠭ᠎ᠠ ᠦᠷᠨᠢᠬᠦᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠪᠠᠶᠠᠷ ᠤᠨ ᠦᠭᠡ ᠳᠤ ᠪᠠᠨ ᠦᠪᠤᠷ ᠮᠤᠩᠭᠤᠯ ᠤᠨ ᠠᠮᠢ ᠠᠬᠤᠢ ᠶᠢᠨ ᠵᠠᠰᠠᠯᠳᠠ ᠶᠢᠨ ᠪᠠᠶᠢᠳᠠᠯ ᠢ ᠲᠠᠨᠢᠯᠴᠠᠭᠤᠯᠪᠠ᠂ ᠲᠡᠷᠨ ᠬᠡᠯᠡᠬᠦ ᠳᠤ ᠪᠠᠨ᠂ ᠲᠡᠷᠢᠬᠦᠯᠡᠭᠴᠢ ᠰᠢ ᠶᠢᠨ ᠫᠢᠩ ᠤᠨ ᠱᠠᠭᠠᠷᠳᠠᠯᠭ᠎ᠠ ᠶᠤᠰᠤᠭᠠᠷ᠂ ᠪᠢᠳᠠ ᠶᠠᠭ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠤ ᠪᠠᠶᠢᠨ᠎ᠡ᠃ ᠪᠢᠳᠠ ᠡᠯ᠎ᠡ ᠤᠯᠤᠰ ᠤᠨ ᠨᠡᠶᠢᠵᠠ ᠨᠠᠷ ᠲᠠᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠲᠤᠷᠰᠢᠯᠭ᠎ᠠ ᠪᠠᠨ ᠰᠤᠯᠢᠯᠴᠠᠬᠤ ᠪᠤᠯᠤᠬᠰᠡᠨ ᠳᠤ ᠮᠠᠰᠢ ᠪᠠᠶᠠᠷ ᠲᠠᠢ ᠪᠠᠶᠢᠨ᠎ᠡ᠂ ᠪᠠᠰᠠ ᠲᠤᠷᠠᠳᠠᠶ᠎ᠡ ᠡᠯ᠎ᠡ ᠤᠯᠤᠰ ᠲᠠᠢ ᠬᠠᠮᠳᠤᠷᠠᠯᠴᠠᠭ᠎ᠠ ᠦᠷᠨᠢᠬᠦᠯᠵᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠬᠦᠮᠦᠨ ᠲᠦᠷᠦᠯᠬᠢᠳᠠᠨ ᠤ ᠠᠵᠠ ᠵᠢᠷᠭᠠᠯ ᠢ ᠨᠡᠮᠡᠭᠳᠡᠬᠦᠯᠬᠦ ᠳᠤ ᠪᠢᠳᠠᠨ ᠤ ᠬᠦᠴᠦᠨ ᠴᠢᠳᠠᠯ ᠢᠶᠠᠨ ᠡᠷᠭᠦᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号