6 ᠳ᠋ᠤᠭᠠᠷ ᠰᠠᠷ᠎ᠠ ᠶᠢᠨ 13 ᠤ ᠡᠳᠦᠷ ᠶᠠᠪᠤᠭᠳᠠᠭᠰᠠᠨ ᠪᠥᠬᠦ ᠤᠯᠤᠰ ᠤᠨ ᠵᠠᠬ᠎ᠠ ᠳᠡᠯᠭᠡᠭᠦᠷᠴᠢᠯᠡᠭᠰᠡᠨ ᠥᠷᠢ | ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ | ᠲᠥᠷᠥᠯ ᠵᠦᠶᠯ ᠢ ᠵᠣᠯᠭᠠᠭᠤᠯᠬᠤ ᠬᠤᠷᠠᠯ ᠤᠨ ᠥᠪᠥᠷ ᠮᠣᠩᠭᠤᠯ ᠤᠨ ᠲᠤᠰᠬᠠᠶ ᠲᠠᠯᠠᠪᠠᠢ ᠠᠴᠠ ᠣᠶᠢᠯᠠᠭᠠᠭᠰᠠᠨ ᠢᠶᠠᠷ᠂ | ᠮᠠᠨ ᠤ ᠣᠷᠣᠨ ᠤ ᠵᠠᠬ᠎ᠠ ᠳᠡᠯᠭᠡᠭᠦᠷᠴᠢᠯᠡᠭᠰᠡᠨ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠠᠵᠢᠯ | ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ | ᠶᠡᠷᠣ ᠠᠴᠠ᠂ ᠮᠠᠨ ᠤ ᠣᠷᠣᠨ ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠶᠢ ᠪᠠᠭᠤᠷᠠᠭᠤᠯᠬᠤ ᠠᠵᠢᠯ | ᠢ ᠳᠡᠭᠡᠳᠣ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠶᠢ | ᠪᠠᠭᠤᠷᠠᠭᠤᠯᠬᠤ ᠠᠵᠢᠯ ᠤᠨ ᠬᠤᠪᠢᠶᠠᠷᠢᠯᠠᠯ ᠤᠨ ᠲᠥᠰᠦᠯ︾ ᠢ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠥᠩᠭᠦᠨ ᠭᠦᠶᠯᠭᠡᠭᠡᠨ ᠤ ᠠᠵᠢᠯ ᠤᠨ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠪᠠᠩᠬᠢ ᠶᠢᠨ ᠬᠥᠬᠡᠬᠤᠲᠠ | ᠲᠥᠪ ᠰᠠᠯᠪᠤᠷᠢ ᠪᠠᠩᠬᠢ ᠪᠠ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ 14 ᠰᠠᠯᠠᠭ᠎ᠠ ᠮᠥᠴᠢᠷ ᠢᠶᠠᠷ ᠪᠦᠷᠢᠯᠳᠦᠭᠰᠡᠨ ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠶᠢ | ᠪᠠᠭᠤᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠣ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠪᠥᠬᠦ ᠣᠷᠣᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ | ᠬᠥᠰᠢᠭᠦᠷᠭᠡ ᠶᠢ ᠪᠠᠭᠤᠷᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠥᠷᠢ | ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ 5 | ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠨᠢᠭᠡᠨᠲᠡ 5 ᠠᠵᠤ ᠠᠬᠤᠶᠢᠯᠠᠯ ᠲᠠᠢ ᠥᠷᠢ | ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠲᠥᠷᠥᠯ ᠵᠦᠢᠯ ᠤᠨ ᠭᠡᠷ᠎ᠠ ᠪᠠᠶᠢᠭᠤᠯᠵᠣ᠂ ᠰᠲ᠋ᠣᠺ ᠤᠨ ᠡᠷᠬᠡ | ᠪᠣᠯᠭᠠᠨ ᠰᠢᠯᠵᠢᠭᠦᠯᠦᠭᠰᠡᠨ ᠵᠣᠭᠤᠰ ᠤᠨ ᠲᠤᠭ᠎ᠠ ᠨᠢ ᠨᠡᠶᠢᠲᠡ 126.72 ᠳ᠋ᠦᠩᠰᠢᠭᠤᠷ ᠲᠥᠭᠦᠷᠢᠭ ᠲᠤ ᠬᠦᠷᠴᠡᠶ᠃ | ᠣᠳᠣᠬᠠᠨ ᠳᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠵᠠᠬ᠎ᠠ ᠳᠡᠯᠭᠡᠭᠦᠷᠴᠢᠯᠡᠭᠰᠡᠨ ᠥᠷᠢ ᠥᠭᠴᠡᠭᠡ | ᠶᠢ ᠰᠲ᠋ᠣᠺ ᠪᠣᠯᠭᠠᠨ ᠬᠤᠪᠢᠷᠠᠭᠤᠯᠬᠤ ᠲᠥᠷᠥᠯ ᠵᠦᠢᠯ ᠢ ᠶᠠᠭ ᠢᠳᠡᠪᠬᠢᠲᠡᠢ ᠠᠬᠢᠭᠤᠯᠵᠤ ᠪᠠᠶᠢᠨ᠎ᠠ᠃ |