6 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠰᠦᠨᠢᠳ ᠪᠠᠷᠠᠭᠤᠨ ᠬᠤᠰᠢᠭᠤᠨ ᠤ | ᠤᠯᠠᠭᠠᠨᠮᠥ᠋ᠴᠢᠷ ᠪᠤᠯᠤᠨ ᠦᠤᠰᠢᠨ ᠬᠤᠰᠢᠭᠤᠨ ᠤ ᠤᠯᠠᠭᠠᠨᠮᠥ᠋ᠴᠢᠷ ᠨᠢ ᠰᠦᠨᠢᠳ ᠪᠠᠷᠠᠭᠤᠨ ᠬᠤᠰᠢᠭᠤᠨ ᠤ | ᠡᠷᠢᠶᠡᠨᠨᠠᠭᠤᠷ ᠰᠤᠮᠤᠨ ᠤ ᠷᠠᠰᠢᠶᠠᠨᠳᠦ ᠭᠠᠴᠠᠭ᠎ᠠ ᠳᠤ ᠬᠦᠷᠴᠦ᠂ ︽ᠤᠭ ᠰᠠᠨᠠᠭ᠎ᠠ ᠪᠠᠨ ᠦᠯᠦ ᠮᠠᠷᠲᠡᠨ ᠠᠭᠤᠳᠠᠮ | ᠲᠠᠯ᠎ᠠ ᠳᠤ ᠪᠠᠨ ᠦᠨᠳᠦᠰᠦᠯᠡᠶᠡ︾ ᠭᠡᠬᠦ ᠪᠦᠬᠦ ᠤᠷᠤᠨ ᠤ ᠤᠯᠠᠭᠠᠨᠮᠥ᠋ᠴᠢᠷ ᠤᠨ ᠲᠤᠭᠯᠠᠯᠲᠠ ᠵᠡᠷᠭᠡ ᠶᠡᠷᠦᠩᠬᠡᠶᠢᠯᠡᠭᠰᠡᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠸᠡᠭ ᠬᠤᠨᠭ᠌ ᠹᠠᠨ ᠠᠵᠢᠯᠯᠠᠭ᠎ᠠ ᠳᠤ ᠤᠷᠤᠯᠴᠠᠪᠠ᠃ | ᠬᠦᠬᠡ ᠲᠡᠭᠷᠢ ᠪᠠᠷ ᠬᠦᠰᠢᠭᠡ ᠪᠤᠯᠭᠠᠨ᠂ ᠬᠦᠷᠦᠰᠦᠳᠦ ᠲᠡᠯᠡᠭᠡᠢ ᠪᠠᠷ ᠲᠠᠶᠢᠰᠠ ᠪᠤᠯᠭᠠᠵᠦ᠂ ᠬᠤᠶᠠᠷ | ᠤᠯᠠᠭᠠᠨᠮᠥ᠋ᠴᠢᠷ ᠤᠨ 40 ᠭᠠᠷᠤᠢ ᠲᠤᠭᠯᠠᠭᠴᠢ ᠨᠤᠲᠤᠭ ᠤᠨ ᠮᠠᠯᠴᠢᠳ ᠲᠤ ᠦᠨᠳᠦᠰᠦᠲᠡᠨ ᠤ ᠳᠠᠭᠤᠤ ᠪᠦᠵᠢᠭ᠂ | ᠮᠤᠷᠢᠨ ᠬᠤᠭᠤᠷ᠂ ᠤᠷᠳᠤ ᠶᠢᠨ ᠳᠠᠭᠤᠤ ᠶᠢ ᠪᠠᠭᠲᠠᠭᠠᠭᠰᠠᠨ ᠡᠯᠪᠡᠭ ᠠᠭᠤᠯᠭ᠎ᠠ ᠪᠦᠬᠦᠢ ᠬᠠᠮᠳᠤᠷᠠᠭᠰᠠᠨ ᠲᠤᠭᠯᠠᠯᠲᠠ | ᠭᠠᠷᠭᠠᠵᠠᠢ᠃ ᠲᠤᠭᠯᠠᠯᠲᠠ ᠨᠢ ︽ᠡᠭᠦᠷᠢᠲᠠ ᠶᠢᠨ ᠡᠭᠡᠰᠢᠭ︾ ᠭᠡᠬᠦ ᠤᠶᠠᠩᠭᠠᠳᠤ ᠳᠠᠭᠤᠤ ᠪᠠᠷ ᠬᠦᠰᠢᠭᠡ ᠪᠠᠨ ᠢᠷᠠᠵᠦ᠂ | ᠠᠯᠳᠠᠷᠳᠦ ᠳᠠᠭᠤᠴᠢᠨ ᠵᠢᠨᠬᠤᠸᠠᠷ ᠤᠨ ᠳᠠᠭᠤᠯᠠᠭᠰᠠᠨ ︽ᠮᠠᠯᠴᠢᠨ ᠲᠦᠮᠡᠨ ᠡᠪ ᠬᠠᠮᠳᠤ ᠨᠠᠮ ᠢᠶᠠᠨ ᠮᠠᠭᠲᠠᠨ | ᠳᠠᠭᠤᠯᠠᠨ᠎ᠠ︾ ᠵᠡᠷᠭᠡ ᠤᠯᠠᠨ ᠰᠠᠶᠢᠬᠠᠨ ᠭᠤᠴᠤ ᠲᠤᠭᠯᠠᠯᠲᠠ ᠪᠠᠷ ᠢᠶᠠᠨ ᠮᠠᠯᠴᠢᠨ ᠲᠦᠮᠡᠨ ᠢᠶᠠᠨ ᠪᠠᠶᠠᠰᠬᠠᠭᠰᠠᠨ ᠪᠢᠯᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠡᠷᠡᠭᠦᠯ ᠬᠠᠮᠠᠭᠠᠯᠠᠯ᠂ ᠡᠷᠡᠭᠦᠯ ᠮᠡᠨᠳᠦ᠂ ᠮᠦᠡᠭᠭᠦᠨ ᠬᠦᠢᠯᠭᠡᠭᠡ᠂ | ᠬᠠᠤᠯᠢ ᠴᠠᠭᠠᠵᠠ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠵᠡᠷᠭᠡ ᠲᠠᠯ᠎ᠠ ᠶᠢᠨ ᠤᠬᠠᠭᠤᠯᠭ᠎ᠠ ᠪᠠ | ᠵᠦᠪᠯᠡᠯᠭᠡ ᠦᠭᠬᠦ ᠦᠢᠯᠡᠴᠢᠯᠡᠭᠡ ᠦᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠨᠠᠮ ᠤᠨ ᠲᠦᠷᠦ ᠶᠢᠨ | ᠪᠤᠳᠤᠯᠭ᠎ᠠ ᠶᠢ ᠤᠬᠠᠭᠤᠯᠪᠠ᠃ | ᠤᠶᠢᠯᠠᠭᠠᠭᠰᠠᠨ ᠢᠶᠠᠷ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠪᠤᠯᠤᠨ ᠦᠤᠰᠢᠨ ᠬᠤᠰᠢᠭᠤᠨ | ᠤ ᠤᠯᠠᠭᠠᠨᠮᠥ᠋ᠴᠢᠷ ᠤᠨ ᠰᠤᠯᠢᠯᠴᠠᠭᠠᠨ ᠤ ᠲᠤᠭᠯᠠᠯᠲᠠ ᠨᠢ 18 ᠤ ᠡᠳᠦᠷ ᠪᠤᠯᠲᠠᠯ᠎ᠠ ᠶᠠᠪᠤᠭᠳᠠᠵᠦ᠂ ᠰᠦᠨᠢᠳ | ᠪᠠᠷᠠᠭᠤᠨ ᠬᠤᠰᠢᠭᠤᠨ ᠤ ᠮᠠᠯᠵᠢᠬᠤ ᠤᠷᠤᠨ᠂ ᠠᠵᠦ ᠠᠬᠤᠶᠢᠯᠠᠯ᠂ ᠰᠤᠷᠭᠠᠭᠤᠯᠢ ᠵᠡᠷᠭᠡ ᠭᠠᠵᠠᠷ ᠲᠤ ᠦᠷᠭᠦᠯᠵᠢᠯᠡᠨ | 6 ᠲᠠᠯᠠᠪᠠᠢ ᠬᠠᠮᠲᠤᠷᠠᠭᠰᠠᠨ ᠲᠤᠭᠯᠠᠯᠲᠠ ᠭᠠᠷᠭᠠᠵᠦ᠂ ᠤᠯᠠᠭᠠᠨᠮᠥ᠋ᠴᠢᠷ ᠤᠨ ᠵᠤᠷᠢᠭ ᠰᠠᠨᠠᠭ᠎ᠠ ᠶᠢ ᠤᠯᠠᠮᠵᠢᠯᠠᠨ | ᠪᠠᠳᠠᠷᠠᠭᠤᠯᠵᠦ᠂ ᠦᠨᠳᠦᠰᠦᠨ ᠱᠠᠳᠤᠨ ᠳᠤ ᠬᠦᠨᠵᠡᠭᠡᠶᠢᠷᠡᠨ ᠤᠯᠠᠨ ᠲᠦᠮᠡᠨ ᠳᠤ ᠦᠢᠯᠡᠴᠢᠯᠡᠬᠦ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠬᠦ ᠪᠤᠯᠤᠨ᠎ᠠ᠃ |