ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2019 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/6/19
     6 ᠳ᠋ᠤᠭᠠᠷ ᠰᠠᠷ᠎ᠠ ᠶᠢᠨ 17᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠤᠷᠤᠨ ᠪᠦᠰᠡ ᠶᠢᠨ ᠬᠠᠮᠵᠢᠯᠴᠠᠨ ᠬᠦᠭᠵᠢᠬᠦ ᠨᠡᠩ ᠪᠦᠳᠦᠮᠵᠢᠳᠠᠢ ᠰᠢᠨ᠎ᠠ ᠲᠤᠭᠳᠠᠴᠠ ᠶᠢ ᠪᠠᠶᠢᠭᠤᠯᠤᠨ ᠨᠠᠶᠢᠳᠠᠪᠤᠷᠢᠵᠢᠭᠤᠯᠬᠤ ᠰᠠᠨᠠᠯ ᠪᠠ ᠴᠡᠷᠢᠭ ᠤᠨ ᠠᠯᠪᠠ ᠠᠴᠠ ᠪᠠᠭᠤᠭᠰᠠᠨ ᠭᠡᠰᠡᠭ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠤᠷᠢᠯᠡᠬᠦ ᠲᠤᠬᠠᠢ ᠭᠡᠷᠡᠭᠵᠢᠬᠦᠯᠬᠦ ᠰᠠᠨᠠᠯ ᠵᠡᠷᠭᠡ ᠵᠦᠢᠯ ᠢ ᠰᠤᠳᠤᠯᠵᠦ᠂ ᠲᠠᠷᠢᠶᠠᠯᠠᠩ ᠳᠤ ᠬᠤᠯᠪᠤᠭᠳᠠᠬᠤ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠠᠢ᠃      ᠬᠤᠷᠠᠯ ᠠᠴᠠ ᠵᠢᠭᠠᠵᠣ ᠭᠠᠷᠭᠠᠭᠰᠠᠨ ᠨᠢ᠂ ᠤᠷᠤᠨ ᠪᠦᠰᠡ ᠶᠢᠨ ᠬᠠᠮᠵᠢᠯᠴᠠᠨ ᠬᠦᠭᠵᠢᠬᠦ ᠨᠡᠩ ᠪᠦᠳᠦᠮᠵᠢᠳᠠᠢ ᠰᠢᠨ᠎ᠠ ᠲᠤᠭᠳᠠᠴᠠ ᠶᠢ ᠪᠠᠶᠢᠭᠤᠯᠬᠤ ᠨᠢ ᠤᠷᠤᠨ ᠪᠦᠰᠡ ᠶᠢᠨ ᠬᠦᠭᠵᠢᠯᠳᠠ ᠶᠢᠨ ᠲᠡᠩᠴᠡᠬᠦᠷᠢ ᠦᠭᠡᠢ ᠬᠦᠢᠴᠡᠳ ᠦᠭᠡᠢ ᠠᠰᠠᠭᠤᠳᠠᠯ ᠢ ᠰᠢᠢᠳᠪᠤᠷᠢᠯᠡᠬᠦ᠂ ᠤᠳᠤ ᠦᠶ᠎ᠠ ᠶᠢᠨ ᠠᠵᠤ ᠠᠬᠤᠢ ᠶᠢᠨ ᠰᠢᠰᠲ᠋ᠧᠮ ᠢ ᠰᠢᠮᠳᠠᠨ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃ ᠰᠢᠨ᠎ᠠ ᠬᠦᠭᠵᠢᠯᠳᠠ ᠶᠢᠨ ᠤᠨᠤᠯᠵᠠᠬᠤᠨ ᠢ ᠪᠠᠷᠢᠮᠳᠠᠯᠠᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠴᠢᠷᠮᠠᠶᠢᠨ ᠰᠦᠪᠡᠭᠴᠢᠯᠡᠵᠦ᠂ ᠨᠢᠭᠡᠳᠦᠯᠳᠠᠢ ᠲᠦᠯᠦᠪᠵᠢᠬᠦᠯᠬᠡ ᠨᠢ ᠡᠷᠴᠢᠮᠳᠠᠢ᠂ ᠦᠷᠢᠰᠦᠯᠳᠦᠭᠡᠨ ᠨᠢ ᠡᠮᠬᠢ ᠴᠡᠭᠴᠡ ᠲᠠᠢ᠂ ᠪᠤᠬᠢᠷᠳᠤᠯ ᠦᠭᠡᠢ ᠡᠶ᠎ᠡ ᠵᠤᠬᠢᠴᠠᠩᠭᠤᠢ᠂ ᠬᠠᠮᠳᠤ ᠪᠠᠷ ᠬᠦᠷᠳᠡᠵᠣ ᠬᠠᠮᠳᠤ ᠪᠠᠷ ᠠᠰᠢᠬ ᠬᠦᠷᠳᠡᠭᠰᠡᠨ ᠤᠷᠤᠨ ᠪᠦᠰᠡ ᠶᠢᠨ ᠬᠠᠮᠵᠢᠯᠴᠠᠨ ᠬᠦᠭᠵᠢᠬᠦ ᠰᠢᠨ᠎ᠠ ᠲᠤᠭᠳᠠᠴᠠ ᠪᠦᠷᠢᠯᠳᠦᠬᠦ ᠶᠢ ᠲᠦᠷᠭᠡᠳᠭᠡᠨ ᠠᠬᠢᠭᠤᠯᠬᠤ ᠭᠡᠷᠡᠭᠲᠡᠢ ᠭᠡᠵᠡᠢ᠃      ᠬᠤᠷᠠᠯ ᠠᠴᠠ ᠵᠢᠭᠠᠵᠣ ᠭᠠᠷᠭᠠᠭᠰᠠᠨ ᠨᠢ᠂ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠬᠦ ᠪᠤᠯ ᠲᠦᠪ ᠠᠴᠠ ᠪᠠᠶᠢᠷᠢᠯᠠᠭᠤᠯᠤᠬᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠤᠨ᠎ᠠ᠃ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠤᠲᠠᠲᠠᠢ ᠶᠢ ᠡᠷᠬᠢᠮᠯᠡᠭᠰᠡᠨ ᠪᠦᠭᠡᠳ ᠲᠤᠰᠠᠲᠠᠢ ᠪᠤᠲᠠᠲᠤ ᠠᠷᠭ᠎ᠠ ᠬᠡᠮᠵᠢᠶ᠎ᠡ ᠲᠤᠬᠲᠠᠭᠠᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠬᠳᠠᠯ ᠪᠦᠬᠦᠢ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠳᠤᠷ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ ᠳᠤ ᠨᠠᠮ ᠪᠤᠯᠤᠨ ᠵᠠᠰᠠᠬ ᠤᠨ ᠤᠷᠳᠤᠨ ᠤ ᠬᠠᠶᠢᠷ᠎ᠠ ᠬᠠᠯᠠᠮᠵᠢ᠂ ᠤᠨᠴᠠᠭᠠᠢ ᠬᠠᠷᠠᠭᠠᠯᠵᠠᠯ ᠬᠢᠭᠡᠳ ᠨᠡᠶᠢᠭᠡᠮ ᠤᠨ ᠬᠦᠨᠳᠦᠳᠬᠡᠯ ᠪᠢᠰᠢᠷᠡᠯ ᠢ ᠦᠨᠡᠨ ᠬᠦ ᠮᠡᠳᠡᠷᠡᠭᠦᠯᠬᠦ ᠬᠡᠷᠡᠭᠲᠡᠢ᠃ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠳ ᠨᠢᠬᠲᠠ ᠬᠠᠮᠵᠢᠯᠴᠠᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠪᠤᠯᠤᠨ ᠬᠤᠯᠪᠤᠬᠳᠠᠯ ᠪᠦᠬᠦᠢ ᠠᠵᠢᠯ ᠤᠨ ᠵᠤᠯᠭᠠᠯᠴᠠᠭ᠎ᠠ ᠶᠢ ᠴᠢᠩᠭᠠᠳᠬᠠᠵᠤ᠂ ᠲᠤᠰ ᠠᠵᠢᠯ ᠤᠨ ᠤᠷᠤᠬᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠲᠠᠷᠢᠶᠠᠯᠠᠩ ᠳᠤ ᠬᠤᠯᠪᠤᠬᠳᠠᠬᠤ ᠭᠤᠤᠯ ᠠᠵᠢᠯ ᠡᠭᠦᠷᠭᠡ ᠳᠤ ᠳᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠷᠠᠯ ᠠᠴᠠ᠂ ᠡᠨᠡ ᠵᠢᠯ ᠤᠨ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾᠎ ᠤ ᠲᠠᠯ᠎ᠠ ᠶᠢᠨ ᠠᠵᠢᠯ ᠤᠨ ᠡᠭᠦᠷᠭᠡ ᠮᠠᠰᠢ ᠬᠦᠨᠳᠦ ᠪᠠᠶᠢᠨ᠎ᠠ᠂ ᠤᠳᠤᠬᠠᠨ ᠳᠤ ᠡᠯ᠎ᠡ ᠵᠦᠢᠯ ᠤᠨ ᠠᠵᠢᠯ ᠤᠷᠤᠬᠰᠢᠲᠠᠢ ᠠᠬᠢᠵᠤ᠂ ᠵᠠᠷᠢᠮ ᠠᠵᠢᠯ ᠰᠢᠪᠲᠤᠯᠤᠯᠲᠠ ᠲᠠᠢ ᠪᠤᠯᠵᠤ ᠪᠤᠢ᠃ ᠡᠯ᠎ᠡ ᠭᠠᠵᠠᠷ ᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠳ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾᠎ ᠤ ᠠᠵᠢᠯ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠭᠤᠤᠯᠳᠠᠯᠭ᠎ᠠ ᠲᠠᠢ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠨᠠᠷᠢᠨ ᠬᠢᠨᠠᠮᠠᠭᠠᠢ ᠡᠮᠬᠢᠯᠡᠵᠦ᠂ ᠦᠨᠡᠨ ᠬᠦ ᠭᠡᠷᠡᠭᠵᠢᠬᠦᠯᠵᠦ ᠪᠤᠯᠬᠤᠢᠢᠴᠠ ᠰᠢᠢᠳᠪᠦᠷᠢᠯᠡᠬᠦ ᠲᠦᠰᠦᠯ ᠪᠠ ᠪᠤᠲᠠᠲᠠᠢ ᠠᠷᠭ᠎ᠠ ᠬᠡᠮᠵᠢᠶ᠎ᠡ ᠲᠤᠬᠲᠠᠭᠠᠵᠤ᠂ ᠨᠢᠭᠡ ᠨᠢᠭᠡ ᠪᠠᠷ ᠠᠬᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠳᠤ ᠬᠤᠯᠪᠤᠬᠳᠠᠬᠤ ᠰᠠᠯᠠᠭ᠎ᠠ ᠮᠦᠴᠢᠷ ᠤᠳ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠠᠨ ᠲᠦᠷᠭᠡᠨ ᠵᠤᠬᠢᠴᠠᠭᠤᠯᠵᠤ᠂ ᠠᠵᠢᠯ ᠤᠨ ᠳᠤᠮᠳᠠ ᠵᠤᠬᠰᠤᠩᠭᠤᠢᠢᠷᠠᠯ ᠦᠭᠡᠢ ᠪᠠᠶᠢᠬᠤ ᠶᠢ ᠪᠠᠲᠤᠯᠠᠵᠤ᠂ ᠭᠤᠤᠯ ᠬᠠᠷᠢᠭᠤᠴᠠᠯᠭᠠᠲᠠᠨ ᠨᠦᠬᠦᠷ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠵᠦ᠂ ︽ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠲᠠᠢ ᠤᠶᠠᠯᠳᠤᠭᠤᠯᠵᠤ᠂ ᠠᠵᠢᠯ ᠤᠨ ᠰᠤᠷᠲᠠᠯ ᠢᠶᠠᠨ ᠲᠦᠷᠦᠭᠦᠯᠡᠨ ᠬᠤᠪᠢᠷᠠᠭᠤᠯᠵᠤ᠂ ᠪᠡᠶ᠎ᠡ ᠪᠠᠷ ᠢᠶᠠᠨ ᠠᠰᠠᠭᠤᠳᠠᠯ ᠢ ᠰᠤᠳᠤᠯᠤᠨ᠂ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠦᠨᠡᠨ ᠬᠦ ᠰᠠᠶᠢᠳᠤᠷ ᠨᠠᠶᠢᠳᠠᠪᠤᠷᠢᠵᠢᠭᠤᠯᠵᠤ᠂ ᠰᠠᠶᠢᠳᠤᠷ ᠪᠡᠶᠡᠯᠡᠭᠦᠯᠬᠦ ᠬᠡᠷᠡᠭᠲᠡᠢ ᠭᠡᠪᠡ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号