ᠪᠦ᠋ ᠰᠢᠶᠤᠤ ᠯᠢᠨ ᠲᠤᠮᠳᠠᠳᠤ ᠤᠯᠤᠰ ᠲᠤ ᠰᠠᠭᠤᠭ᠎ᠠ ᠪᠧᠯᠦᠷᠦ᠋ᠰᠢᠶ᠎ᠡ ᠶᠢᠨ ᠡᠯᠴᠢᠨ ᠰᠠᠶᠢᠳ ᠷᠥᠳᠢ ᠨᠠᠷ ᠲᠠᠢ ᠠᠭᠤᠯᠵᠠᠪᠠ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠯᠤᠨ ᠭᠤᠮᠧᠯ ᠵᠸᠥ ᠶᠢᠨ ᠬᠦᠢᠴᠡᠳᠬᠡᠬᠦ ᠵᠦᠪᠯᠡᠯ ᠬᠠᠮᠳᠤᠷᠠᠯᠴᠠᠭᠠᠨ ᠤ ᠬᠦᠳᠦᠯᠪᠤᠷᠢ ᠲᠤᠬᠢᠷᠠᠯᠴᠠᠵᠠᠢ
ᠨᠡᠶᠢᠲᠡᠯᠡᠭᠰᠡᠨ ᠴᠠᠭ᠄
2019/6/19
     6 ᠳ᠋ᠤᠭᠠᠷ ᠰᠠᠷ᠎ᠠ ᠶᠢᠨ 17᠎ ᠤ ᠡᠳᠤᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠲᠤᠮᠳᠠᠳᠤ ᠤᠯᠤᠰ ᠲᠤ ᠰᠠᠭᠤᠭ᠎ᠠ ᠪᠧᠯᠦᠷᠦ᠋ᠰᠢᠶ᠎ᠡ ᠶᠢᠨ ᠡᠯᠴᠢᠨ ᠰᠠᠶᠢᠳ ᠷᠥᠳᠢ ᠪᠠᠷ ᠪᠦᠯᠬᠦᠮ ᠤᠨ ᠲᠠᠷᠤᠭ᠎ᠠ ᠪᠤᠯᠭᠠᠭᠰᠠᠠ ᠪᠧᠯᠦᠷᠦ᠋ᠰᠢᠶ᠎ᠡ ᠶᠢᠨ ᠲᠦᠯᠥᠬᠡᠯᠡᠭᠴᠢᠳ ᠤᠨ ᠪᠦᠯᠬᠦᠮ ᠲᠠᠢ ᠠᠭᠤᠯᠵᠠᠪᠠ᠃      ᠪᠦ᠋ ᠰᠢᠶᠤᠤ ᠯᠢᠨ ᠬᠡᠯᠡᠬᠦ ᠳᠤ ᠪᠠᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠤᠯᠤᠨ ᠪᠧᠯᠦᠷᠦ᠋ᠰᠢᠶ᠎ᠡ ᠶᠢᠨ ᠨᠦᠬᠦᠷᠰᠡᠭ ᠶᠠᠪᠤᠯᠴᠠᠭ᠎ᠠ ᠲᠠᠰᠤᠷᠠᠯᠳᠡ ᠦᠭᠡᠢ ᠬᠦᠨᠵᠡᠬᠡᠶᠢᠷᠡᠵᠥ᠂ ᠲᠤᠮᠳᠠᠳᠤ ᠪᠧᠯᠦᠷᠦ᠋ᠰᠢᠶ᠎ᠡ ᠬᠤᠶᠠᠷ ᠤᠯᠤᠰ ᠤᠨ ᠤᠷᠤᠨ ᠨᠤᠳᠤᠭ ᠤᠨ ᠬᠠᠮᠳᠤᠷᠠᠯᠴᠠᠭ᠎ᠠ ᠦᠷᠨᠢᠬᠦᠯᠬᠦ ᠳᠤ ᠰᠢᠨ᠎ᠡ ᠠᠮᠢᠵᠢᠷᠡᠯ ᠤᠨ ᠬᠦᠴᠦᠨ ᠨᠡᠮᠡᠷᠢᠯᠡᠪᠡ᠃ ᠭᠤᠮᠧᠯ ᠵᠸᠥ ᠪᠤᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠤᠯᠤᠨ ᠪᠧᠯᠦᠷᠦ᠋ᠰᠢᠶ᠎ᠡ ᠶᠢᠨ ᠶᠠᠪᠤᠯᠴᠠᠭ᠎ᠠ ᠬᠠᠮᠤᠭ ᠤᠨ ᠨᠢᠬᠳᠠ ᠭᠠᠵᠠᠷ ᠤᠷᠤᠨ ᠪᠤᠯᠤᠨ᠎ᠠ᠂ ᠪᠢᠳᠡ ᠲᠤᠷᠠᠳᠠᠶ᠎ᠠ ᠭᠤᠮᠧᠯ ᠵᠸᠥ ᠯᠦᠭᠡ ᠤᠷᠤᠨ ᠨᠤᠳᠤᠭ ᠤᠨ ᠵᠠᠰᠠᠭ ᠤᠨ ᠤᠷᠳᠤᠨ ᠪᠤᠯᠤᠨ ᠠᠵᠥ ᠠᠬᠤᠶᠢᠯᠠᠯ ᠤᠨ ᠠᠶᠢᠯᠴᠢᠯᠠᠯᠳᠡ ᠪᠠᠨ ᠴᠢᠩᠭᠠᠳᠬᠠᠵᠥ᠂ ᠬᠤᠶᠠᠷ ᠭᠠᠵᠠᠷ ᠤᠷᠤᠨ ᠤ ᠨᠦᠬᠦᠷᠰᠡᠭ ᠬᠤᠳᠠ ᠶᠢᠨ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠥ᠂ ᠨᠦᠬᠦᠷᠯᠡᠯ ᠤᠨ ᠰᠠᠭᠤᠷᠢ ᠪᠠᠨ ᠤᠯᠠᠮ ᠴᠢᠨᠠᠬᠰᠢᠳᠠ ᠪᠠᠬᠢᠵᠢᠬᠦᠯᠵᠤ᠂ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠪᠠᠨ ᠲᠠᠰᠤᠷᠠᠯᠳᠡ ᠦᠭᠡᠢ ᠬᠦᠨᠵᠡᠬᠡᠶᠢᠷᠡᠬᠦᠯᠵᠥ᠂ ᠲᠤᠮᠳᠠᠳᠤ ᠪᠧᠯᠦᠷᠦ᠋ᠰᠢᠶ᠎ᠡ ᠶᠢᠨ ᠤᠷᠤᠨ ᠨᠤᠳᠤᠭ ᠤᠨ ᠬᠠᠮᠳᠤᠷᠠᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠨ᠎ᠠ᠃ ᠲᠤᠰ ᠤᠳᠠᠭ᠎ᠠ ᠶᠢᠨ ᠲᠦᠯᠦᠭᠡᠯᠡᠭᠴᠢᠳ ᠤᠨ ᠪᠦᠯᠬᠦᠮ ᠤᠨ ᠠᠶᠢᠯᠴᠢᠯᠠᠯᠳᠠ ᠯᠠᠪᠳᠠᠢ ᠬᠤᠶᠠᠷ ᠲᠠᠯ᠎ᠡ ᠶᠢᠨ ᠨᠡᠩ ᠦᠷᠭᠡᠨ ᠲᠡᠯᠭᠡᠷ᠂ ᠬᠦᠨᠵᠡᠭᠡᠢ ᠬᠠᠮᠳᠤᠷᠠᠯᠴᠠᠭ᠎ᠠ ᠶᠢ ᠤᠯᠠᠮ ᠴᠢᠨᠠᠬᠰᠢᠳᠠ ᠠᠬᠢᠭᠤᠯᠵᠤ᠂ ᠬᠤᠶᠠᠷ ᠲᠠᠯ᠎ᠡ ᠶᠢᠨ ᠬᠠᠮᠳᠤᠷᠠᠯᠴᠠᠭ᠎ᠠ ᠶᠢᠨ ᠬᠠᠷᠢᠯᠴᠠᠨ ᠠᠰᠢᠬᠳᠠᠢ ᠬᠠᠮᠳᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠠᠬᠢᠭᠤᠯᠵᠤ᠂ ᠬᠤᠶᠠᠷ ᠤᠯᠤᠰ ᠤᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠰᠢᠨ᠎ᠡ ᠲᠡᠭᠳᠡᠷ ᠲᠤ ᠭᠠᠷᠬᠤ ᠳᠤ ᠬᠦᠴᠦᠨ ᠨᠠᠮᠠᠷᠢᠯᠠᠬᠦ ᠪᠤᠯᠤᠨ᠎ᠡ ᠭᠡᠪᠡ᠃      ᠷᠥᠳᠢ ᠪᠧᠯᠦᠷᠦ᠋ᠰᠢᠶ᠎ᠡ ᠪᠤᠯᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠠᠶᠢᠨ ᠰᠠᠶᠢᠬᠠᠨ ᠬᠠᠮᠳᠤᠷᠠᠯᠴᠠᠭ᠎ᠠ ᠶᠢ ᠲᠡᠭᠡᠳᠤ ᠬᠡᠮᠵᠢᠶ᠎ᠡ ᠪᠠᠷ ᠦᠨᠡᠯᠡᠪᠠ᠂ ᠲᠡᠷᠡ᠂ ᠬᠤᠶᠠᠷ ᠲᠡᠯ᠎ᠡ ᠪᠠᠷ ᠢᠶᠠᠨ ᠬᠤᠶᠢᠰᠢᠳᠠ ᠦᠢᠯᠡᠳᠬᠦ ᠦᠢᠯᠡᠰ᠂ ᠲᠠᠷᠢᠶᠠᠯᠠᠩ ᠮᠠᠯ ᠠᠵᠤ ᠠᠬᠤᠢ᠂ ᠠᠵᠤ ᠠᠬᠤᠢ ᠠᠷᠠᠯᠵᠢᠶ᠎ᠡ ᠵᠡᠷᠭᠡ ᠬᠦᠷᠢᠶᠠᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠪᠠᠨ ᠤᠯᠠᠮ ᠴᠢᠨᠠᠬᠰᠢᠳᠠ ᠬᠦᠨᠵᠡᠭᠡᠶᠢᠷᠠᠬᠦᠯᠵᠤ᠂ ᠤᠷᠤᠨ ᠨᠤᠳᠤᠭ ᠤᠨ ᠶᠠᠪᠤᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠡ ᠶᠢᠨ ᠬᠠᠮᠳᠤᠷᠠᠯᠴᠠᠭ᠎ᠠ ᠦᠨᠡᠨ ᠪᠣᠳᠠᠲᠠᠢ ᠦᠷ᠎ᠡ ᠪᠦᠳᠦᠭᠡᠯ ᠤᠯᠬᠤ ᠶᠢ ᠠᠬᠢᠭᠤᠯᠬᠤ ᠶᠢ ᠬᠦᠰᠡᠪᠠ᠃      ᠠᠭᠤᠯᠵᠠᠯᠳᠠ ᠲᠡᠬᠦᠰᠦᠭᠰᠡᠨ ᠤ ᠲᠠᠷᠠᠭ᠎ᠠ᠂ ᠲᠤᠮᠳᠠᠳᠤ ᠤᠯᠤᠰ ᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠪᠦᠬᠦᠳᠠ ᠨᠠᠶᠢᠷᠠᠮᠳᠠᠬᠤ ᠪᠧᠯᠦᠷᠦ᠋ᠰᠢᠶ᠎ᠡ ᠤᠯᠤᠰ ᠤᠨ ᠭᠤᠮᠧᠯ ᠵᠸᠤ ᠶᠢᠨ ᠬᠦᠢᠴᠡᠳᠬᠡᠬᠦ ᠵᠦᠪᠯᠡᠯ 2020 ᠣᠨ ᠤ ᠠᠵᠤ ᠠᠬᠤᠢ ᠠᠷᠠᠯᠵᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠪᠤᠯᠤᠨ ᠰᠤᠶᠤᠯ ᠤᠨ ᠬᠠᠮᠳᠤᠷᠠᠯᠴᠠᠭᠠᠨ ᠤ ᠬᠦᠳᠦᠯᠪᠤᠷᠢ ᠲᠤᠬᠢᠷᠠᠯᠴᠠᠵᠤ᠂ ᠪᠦ᠋ ᠰᠢᠶᠤᠤ ᠯᠢᠨ ᠪᠤᠯᠤᠨ ᠭᠤᠮᠧᠯ ᠵᠸᠤ ᠶᠢᠨ ᠬᠦᠢᠴᠡᠳᠭᠡᠬᠦ ᠵᠦᠪᠯᠡᠯ ᠤᠨ ᠤᠷᠤᠯᠠᠬᠴᠢ ᠲᠡᠷᠢᠬᠦᠯᠡᠭᠴᠢ ᠰᠦᠷᠦᠸᠧᠢ ᠬᠤᠶᠠᠷ ᠲᠠᠯ᠎ᠡ ᠶᠢ ᠲᠦᠯᠦᠭᠡᠯᠡᠨ ᠭᠠᠷ ᠤᠨ ᠦᠰᠦᠭ ᠵᠢᠷᠤᠪᠠ᠃ ᠬᠠᠮᠳᠤᠷᠠᠯᠴᠠᠭᠠᠨ ᠤ ᠬᠦᠳᠦᠯᠪᠤᠷᠢ ᠶᠢ ᠦᠨᠳᠦᠰᠦᠯᠡᠪᠠᠯ᠂ ᠬᠤᠶᠠᠷ ᠲᠠᠯ᠎ᠡ ᠪᠠᠷ ᠢᠶᠠᠨ ᠠᠵᠤ ᠠᠬᠤᠢ ᠠᠷᠠᠯᠵᠢᠶ᠎ᠡ᠂ ᠰᠤᠶᠤᠯ ᠢᠷᠭᠡᠨᠰᠢᠯ᠂ ᠨᠡᠶᠢᠭᠡᠮ ᠵᠡᠷᠭᠡ ᠬᠦᠷᠢᠶᠠᠨ ᠳᠤ ᠤᠷᠤᠨ ᠪᠦᠰᠡ ᠶᠢᠨ ᠬᠠᠮᠳᠤᠷᠠᠯᠴᠠᠭ᠎ᠠ ᠦᠷᠨᠢᠬᠦᠯᠵᠤ᠂ ︽ᠨᠢᠭᠡ ᠪᠦᠰᠡ ᠨᠢᠭᠡ ᠵᠠᠮ︾᠎ ᠢ ᠪᠦᠳᠦᠭᠡᠨ ᠪᠠᠶᠢᠭᠤᠯᠬᠤ ᠳᠤ ᠬᠠᠮᠳᠤ ᠪᠠᠷ ᠤᠷᠤᠯᠴᠠᠬᠤ ᠪᠤᠯᠤᠨ᠎ᠡ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸ᠋ᠨ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号