6 ᠳ᠋ᠤᠭᠠᠷ ᠰᠠᠷ᠎ᠠ ᠶᠢᠨ 18 ᠤ ᠤᠷᠤᠢ᠂ ᠦᠨᠳᠦᠰᠦᠲᠡᠨ ᠤ ᠪᠦᠵᠢᠭᠳᠦ ᠵᠦᠴᠦᠭᠡ ︽ᠳᠠᠯ᠎ᠠ ᠨᠤᠳᠤᠭ ᠤᠨ | ᠪᠢᠴᠢᠬᠠᠨ ᠪᠠᠭᠠᠳᠤᠷ ᠡᠭᠡᠴᠢ ᠦᠬᠢᠨ ᠳᠡᠭᠦᠦ︾ ᠶᠢᠨ ᠪᠦᠬᠦ ᠳᠤᠭᠯᠠᠭᠴᠢᠳ ᠠᠷᠪᠠᠨ ᠵᠢᠷᠭᠤᠳᠤᠭᠠᠷ ᠬᠤᠭᠤᠴᠠᠭᠠᠨ ᠤ | ᠳᠤᠮᠳᠠᠳᠦ ᠤᠯᠤᠰ ᠤᠨ ᠰᠤᠶᠤᠯ ᠤᠷᠠᠯᠢᠭ ᠤᠨ ᠵᠠᠰᠠᠭ ᠤᠨ ᠤᠷᠳᠤᠨ ᠤ ᠱᠠᠩᠨᠠᠯ ᠪᠤᠯᠬᠤ ︽ᠸᠧᠨ ᠬᠤᠸᠠ ᠲᠤᠮᠤ | ᠱᠠᠩᠨᠠᠯ︾ ᠬᠦᠷᠳᠡᠭᠰᠡᠨ ᠰᠠᠶᠢᠬᠠᠨ ᠰᠤᠷᠠᠭ ᠢᠶᠠᠨ ᠡᠪᠦᠷᠯᠡᠨ ᠬᠦᠬᠡᠬᠤᠳᠠ ᠳᠤ ᠪᠠᠨ ᠪᠤᠴᠠᠵᠤ᠂ ᠤᠯᠠᠭᠠᠨ ᠲᠢᠶᠠᠲᠷ | ᠶᠡᠭᠡ ᠵᠦᠴᠦᠭᠡ ᠶᠢᠨ ᠬᠦᠷᠢᠶᠡᠯᠡᠩ ᠳᠤ ᠨᠤᠳᠤᠭ ᠤᠨ ᠠᠷᠠᠳ ᠲᠦᠮᠡᠨ ᠤ ᠪᠠᠨ ᠨᠢᠳᠦ ᠶᠢ ᠳᠤᠭᠯᠠᠯᠳᠠ ᠭᠠᠷᠭᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ᠂ ᠦᠪᠡᠷᠳᠡᠭᠡᠨ ᠵᠠᠰᠠᠬᠤ ᠤᠷᠤᠨ ᠤ | ᠤᠳᠤᠷᠢᠳᠤᠯᠭ᠎ᠠ ᠯᠢᠨ ᠱᠤᠤ ᠴᠦᠨ᠂ ᠸᠠᠩ ᠯᠢ ᠰᠢᠶᠠ᠂ ᠪᠠᠢ ᠢᠦᠢ ᠭᠠᠩ᠂ ᠵᠠᠩ ᠱᠤᠤ ᠴᠦᠨ᠂ ᠦ᠋ ᠲᠤᠸᠠᠨ | ᠶᠢᠩ᠂ ᠵᠧᠩ ᠬᠤᠩ ᠹᠠᠨ᠂ ᠴᠡᠴᠡᠭ᠂ ᠯᠢ ᠴᠢ ᠯᠢᠨ ᠨᠠᠷ ᠬᠦᠬᠡᠬᠤᠳᠠ ᠶᠢᠨ ᠦᠨᠳᠦᠰᠦᠲᠡᠨ ᠨᠦᠭᠦᠳ ᠤᠨ ᠡᠯ᠎ᠡ | ᠡᠳᠡᠭᠡᠳ ᠤᠨ ᠤᠯᠠᠨ ᠲᠦᠮᠡᠨ ᠲᠠᠢ ᠬᠠᠮᠳᠤ ᠵᠦᠴᠦᠭᠡ ᠶᠢ ᠰᠤᠨᠢᠷᠬᠠᠪᠠ᠃ | ᠪᠦᠵᠢᠭᠳᠦ ᠵᠦᠴᠦᠭᠡ ᠨᠢ ᠤᠳᠤ ᠦᠶ᠎ᠡ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠠᠩᠬᠢ ᠶᠢᠨ ᠬᠡᠷ ᠲᠤ | ᠪᠠᠨ ︽ᠳᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠳᠡᠭᠦᠦ︾ ᠬᠡᠬᠦ ᠬᠢᠴᠢᠶᠡᠯ ᠢ ᠤᠩᠰᠢᠵᠤ ᠪᠠᠶᠢᠭ᠎ᠠ | ᠦᠵᠡᠭᠳᠡᠯ ᠢᠶᠠᠷ ᠬᠦᠰᠢᠭᠡ ᠪᠠᠨ ᠨᠡᠭᠡᠭᠡᠵᠦ᠂ ᠬᠦᠡᠭᠭᠡᠨ ᠴᠤᠪᠤᠭᠤᠯᠢᠭ ᠠᠶ᠎ᠠ ᠪᠠᠷ ᠡᠷᠭᠡᠯᠡᠨ ᠳᠤᠭᠯᠠᠵᠤ ᠪᠠᠶᠢᠭᠰᠠᠨ | ᠦᠵᠡᠭᠳᠡᠯ ᠨᠢ ᠦᠵᠡᠭᠴᠢ ᠤᠯᠠᠨ ᠢ 55 ᠵᠢᠯ ᠤᠨ ᠡᠮᠦᠨᠡᠬᠢ ᠦᠪᠦᠷ ᠮᠤᠩᠭᠤᠯ ᠤᠨ ᠳᠠᠯ᠎ᠠ ᠨᠤᠳᠤᠭ ᠲᠤ ᠬᠦᠳᠦᠯᠦᠨ | ᠤᠷᠤᠭᠤᠯᠪᠠ᠃ ᠨᠢᠭᠡᠳᠦᠭᠡᠷ ᠬᠢᠴᠢᠶᠠᠯ᠂ ᠬᠤᠶᠠᠳᠤᠭᠠᠷ ᠬᠢᠴᠢᠶᠠᠯ ᠬᠡᠬᠦ ᠲᠡᠰ ᠳᠠᠷᠠᠭᠠᠯᠠᠯ᠂ ᠤᠳᠤ ᠦᠶ᠎ᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠬᠢᠬᠡᠳ ᠴᠤ᠋ ᠰᠢᠨ᠎ᠡ ᠢᠯᠡᠳᠭᠡᠬᠦ ᠬᠡᠯᠪᠡᠷᠢ ᠪᠠᠷ ᠯᠦᠩ ᠮᠸᠢ ᠢᠦᠢ | ᠷᠦᠩ ᠤᠨ ᠴᠠᠰᠤ ᠰᠢᠭᠤᠷᠭᠠᠨ ᠲᠠᠢ 24 ᠴᠠᠭ ᠡᠷᠡᠯᠭᠡᠭᠯᠡᠨ ᠳᠡᠮᠡᠴᠡᠭᠰᠡᠨ ᠶᠠᠪᠤᠴᠠ ᠶᠢ ᠪᠦᠵᠢᠭ ᠤᠨ ᠳᠠᠶᠢᠰᠠᠨ᠎ᠠ | ᠠᠮᠢᠯᠠᠭᠤᠯᠵᠤ᠂ ᠬᠦᠮᠦᠰ ᠤᠨ ᠰᠠᠶᠢᠨ ᠮᠡᠳᠡᠳᠡᠭ ᠳᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ | ᠳᠡᠭᠦᠦ ᠶᠢᠨ ᠪᠠᠭᠠᠳᠤᠷᠯᠢᠭ ᠦᠢᠯᠡ ᠠᠵᠢᠯᠯᠠᠭ᠎ᠠ ᠬᠢᠬᠡᠳ ᠵᠤᠷᠢᠭ ᠰᠠᠨᠠᠭ᠎ᠠ ᠶᠢ ᠭᠤᠶᠢᠳᠠ ᠰᠠᠶᠢᠬᠠᠨ ᠪᠦᠵᠢᠭ ᠤᠨ | ᠬᠡᠯᠪᠡᠷᠢ ᠪᠠᠷ ᠢᠯᠡᠷᠡᠭᠦᠯᠦᠭᠰᠡᠨ ᠪᠠᠶᠢᠨ᠎ᠠ᠃ ᠲᠤᠰ ᠪᠦᠵᠢᠭᠳᠦ ᠵᠦᠴᠦᠭᠡ ᠨᠢ ᠪᠦᠵᠢᠭ ᠤᠨ ᠬᠡᠯᠡᠯᠭᠡ᠂ ᠠᠭᠤᠯᠭ᠎ᠠ ᠶᠢᠨ | ᠪᠦᠳᠦᠴᠡ᠂ ᠠᠶ᠎ᠠ ᠬᠦᠭᠵᠢᠮ᠂ ᠳᠠᠶᠢᠰᠠᠨ ᠤ ᠦᠵᠡᠭᠳᠡᠯ᠂ ᠬᠤᠪᠴᠠᠰᠤ ᠵᠠᠰᠠᠯ᠂ ᠦᠩᠬᠡ ᠪᠤᠳᠤᠭ᠂ ᠬᠡᠷᠡᠯ ᠵᠡᠷᠭᠡ | ᠤᠯᠠᠨ ᠳᠠᠯ᠎ᠠ ᠪᠠᠷ ᠰᠢᠨ᠎ᠡ ᠡᠭᠦᠳᠦᠯᠳᠡ ᠶᠢᠨ ᠬᠠᠶᠢᠨ ᠰᠦᠪᠡᠭᠴᠢᠯᠡᠯᠳᠡ ᠬᠢᠵᠤ᠂ ᠮᠠᠰᠢ ᠴᠢᠩᠭ᠎ᠠ ᠦᠵᠡᠯ ᠰᠠᠨᠠᠭᠠᠴᠢ | ᠴᠢᠨᠠᠷ᠂ ᠤᠷᠠᠯᠢᠭᠴᠢ ᠴᠢᠨᠠᠷ᠂ ᠰᠤᠨᠢᠷᠬᠠᠯᠳᠤ ᠰᠢᠨᠵᠢ᠂ ᠴᠠᠭ ᠦᠶᠡᠴᠢ ᠰᠢᠨᠵᠢ ᠲᠠᠢ ᠪᠤᠯᠵᠤ᠂ ᠦᠵᠡᠭᠴᠢ ᠤᠯᠠᠨ ᠳᠤ | ᠭᠤᠸ᠎ᠠ ᠰᠠᠶᠢᠬᠠᠨ ᠤ ᠳᠠᠭᠠᠰᠢᠶᠠᠯ ᠬᠢᠬᠡᠳ ᠤᠶᠤᠨ ᠰᠠᠨᠠᠭᠠᠨ ᠤ ᠬᠦᠷᠳᠡᠭᠡᠯ ᠣᠯᠭᠤᠵᠤ ᠴᠢᠳᠠᠪᠠ᠃ |