ᠪᠦᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ ᠯᠢ ᠪᠢᠩ ᠷᠦᠩ ᠶᠠᠷᠢᠶ᠎ᠠ ᠲᠠᠯᠪᠢᠪᠡ
ᠨᠡᠶᠢᠲᠡᠯᠡᠭᠰᠡᠨ ᠴᠠᠭ᠄
2019/6/19
     6 ᠳ᠋ᠤᠭᠠᠷ ᠰᠠᠷ᠎ᠠ ᠶᠢᠨ 18᠎ ᠤ ᠡᠳᠦᠷ᠂ 2019 ᠣᠨ ᠤ ᠪᠦᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠂ ᠬᠤᠷᠠᠯ ᠠᠴᠠ ᠭᠤᠣᠯᠳᠠᠭᠤ ᠣᠳᠣᠬᠠᠨ ᠤ ᠪᠠᠶᠢᠳᠠᠯ ᠢ ᠵᠠᠳᠠᠯᠵᠤ᠂ ᠡᠨᠡ ᠵᠢᠯ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠪᠠᠶᠢᠷᠢᠯᠠᠭᠤᠯᠬᠤ ᠶᠢᠨ ᠬᠠᠮᠲᠤ 2018 ᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠭᠰᠡᠨ ᠠᠵᠢᠯ ᠤᠨ ᠪᠠᠶᠢᠳᠠᠯ ᠪᠣᠯᠤᠨ ᠡᠨᠡ ᠵᠢᠯ ᠤᠨ ᠦᠶᠡᠷ ᠤᠨ ᠬᠤᠭᠤᠴᠠᠭᠠᠨ ᠤ ᠠᠭᠤᠷ ᠠᠮᠢᠰᠬᠤᠯ ᠤᠨ ᠬᠠᠨᠳᠤᠰᠢ ᠶᠢᠨ ᠵᠢᠱᠢᠯᠲᠡ ᠶᠢ ᠨᠡᠶᠢᠳᠡᠯᠡᠵᠡᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃      ᠯᠢ ᠪᠢᠩ ᠷᠦᠩ ᠴᠢᠬᠤᠯᠠᠴᠢᠯᠠᠬᠤ ᠳᠤ ᠪᠠᠨ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠳ ᠭᠠᠮᠰᠢᠭ ᠤᠨ ᠴᠢᠨᠠᠷᠳᠡᠢ᠂ ᠵᠠᠩᠭᠢᠯᠠᠭ᠎ᠠ ᠶᠢᠨ ᠴᠢᠨᠠᠷᠳᠡᠢ᠂ ᠡᠷᠭᠢᠯᠲᠡ ᠶᠢᠨ ᠴᠢᠨᠠᠷᠳᠡᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠣᠯᠤᠨ ᠬᠠᠨᠳᠤᠰᠢ ᠶᠢᠨ ᠵᠢᠱᠢᠯᠳᠡ ᠶᠢ ᠰᠠᠶᠢᠲᠤᠷ ᠠᠳᠬᠤᠵᠤ᠂ ᠣᠬᠤᠷ ᠬᠤᠭᠤᠴᠠᠭᠠᠨ ᠤ ᠤᠷᠢᠳᠴᠢᠯᠠᠭᠰᠠᠨ ᠮᠡᠳᠡᠭᠡ ᠪᠣᠯᠤᠨ ᠴᠠᠭ ᠠᠭᠤᠷ ᠤᠨ ᠭᠠᠮᠰᠢᠭ ᠤᠨ ᠨᠥᠯᠥᠭᠡᠯᠡᠯ ᠤᠨ ᠵᠠᠳᠠᠯᠤᠯᠲᠠ ᠶᠢ ᠰᠠᠶᠢᠲᠤᠷ ᠬᠢᠵᠦ᠂ ᠠᠶᠤᠩᠭᠠᠲᠤ ᠪᠣᠷᠣᠭᠠᠨ᠂ ᠶᠡᠭᠡ ᠰᠠᠯᠬᠢ᠂ ᠮᠥᠨᠳᠥᠷ ᠵᠡᠷᠭᠡ ᠴᠢᠩᠭ᠎ᠠ ᠰᠣᠯᠢᠭ ᠤᠷᠤᠰᠬᠠᠯᠳᠤ ᠴᠠᠭ ᠠᠭᠤᠷ ᠪᠣᠯᠤᠨ ᠤᠨᠴᠠᠭᠠᠢ ᠠᠭᠤᠷ ᠠᠮᠢᠰᠬᠤᠯ ᠤᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠤᠷᠢᠳᠴᠢᠯᠡᠨ ᠵᠢᠱᠢᠵᠤ ᠮᠡᠳᠡᠭᠡᠯᠡᠬᠦ ᠣᠨᠣᠪᠴᠢᠳᠤ ᠨᠤᠷᠮ᠎ᠠ ᠪᠣᠯᠤᠨ ᠴᠠᠭᠳᠤ ᠴᠢᠨᠠᠷ ᠢ ᠲᠡᠭᠡᠭᠰᠢᠯᠡᠬᠦᠯᠬᠦ ᠬᠡᠷᠡᠭᠳᠡᠢ᠃ ᠡᠯ᠎ᠡ ᠱᠠᠲᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠵᠤ ᠭᠠᠮᠰᠢᠭ ᠠᠴᠠ ᠠᠪᠤᠷᠠᠬᠤ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠨᠬᠠ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠦᠷᠭᠡᠨ ᠨᠡᠶᠢᠲᠡᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠭᠠᠮᠰᠢᠭ ᠪᠣᠯᠤᠨ ᠭᠡᠨᠡᠳᠲᠡ ᠡᠭᠦᠰᠬᠦ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠳᠡᠯᠡᠵᠤ᠂ ᠲᠦᠷᠭᠡᠨ ᠲᠠᠮᠵᠢᠭᠤᠯᠵᠤ᠂ ᠪᠦᠲᠦᠮᠵᠢᠲᠡᠢ ᠠᠰᠢᠭᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠲᠡᠷᠭᠡᠨ ᠥᠷᠲᠡᠭᠡ ᠵᠡᠷᠭᠡ ᠬᠥᠮᠥᠨ ᠠᠮᠠ ᠲᠥᠪᠯᠡᠷᠡᠭᠰᠡᠨ ᠭᠠᠵᠠᠷ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠳ ᠴᠠᠭ ᠠᠭᠤᠷ ᠤᠨ ᠭᠠᠮᠰᠢᠭ ᠢ ᠰᠡᠷᠭᠡᠶᠢᠯᠡᠵᠤ ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠢ ᠴᠠᠭ ᠲᠤᠬᠠᠢ ᠳᠤ ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠳ᠋ ᠪᠣᠳᠠᠰ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠩ ᠤᠨ ᠴᠠᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠭᠠᠮᠰᠢᠭ ᠤᠨ ᠴᠢᠨᠠᠷᠳᠡᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠤᠮᠠᠭᠴᠠ᠂ ᠦᠳᠲᠡᠷ ᠲᠦᠷᠭᠡᠨ ᠲᠦᠭᠰᠢᠭᠦᠷᠢ ᠎ ᠶᠢ ᠪᠠᠶᠢᠴᠠᠭᠠᠨ ᠰᠢᠢᠳᠪᠤᠷᠢᠯᠡᠬᠦ ᠬᠡᠷᠡᠭᠲᠡᠢ ᠬᠡᠵᠡᠢ᠃      ᠯᠢ ᠪᠢᠩ ᠷᠦᠩ ᠵᠢᠭᠠᠵᠤ ᠭᠠᠷᠭᠠᠬᠤ ᠳᠤ ᠪᠠᠨ᠂ ᠣᠳᠣᠬᠠᠨ ᠳᠤ ᠨᠢᠭᠡᠨᠳᠡ ᠦᠶᠡᠷ ᠤᠨ ᠬᠤᠭᠤᠴᠠᠭᠠᠨ ᠳᠤ ᠣᠷᠣᠭᠰᠠᠨ ᠪᠣᠯᠬᠤᠷ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠤᠨ ᠠᠵᠢᠯ ᠢ ᠴᠢᠩᠭᠠᠳᠬᠠᠬᠤ ᠬᠡᠷᠡᠭᠲᠡᠶ᠂ ᠢᠯᠠᠩᠭᠤᠶ᠎ᠠ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠵᠠᠩᠭᠢᠯᠠᠭ᠎ᠠ ᠶᠢᠨ ᠬᠤᠭᠤᠴᠠᠭᠠᠨ ᠳᠤ᠂ ᠤᠳᠤᠷᠢᠳᠤᠯᠭ᠎ᠠ ᠲᠠᠭᠠᠭᠤᠯᠵᠤ᠂ ᠲᠤᠬᠠᠶᠢᠯᠠᠭᠰᠠᠨ ᠠᠵᠢᠯ ᠤᠨ ᠠᠵᠢᠯᠲᠠᠨ ᠤ 24 ᠴᠠᠭ ᠢᠶᠠᠷ ᠵᠢᠵᠢᠭᠦᠷᠯᠡᠬᠦ ᠳᠦᠷᠢᠮ ᠢ ᠡᠷᠬᠡᠪᠰᠢ ᠴᠢᠩᠭ᠎ᠠ ᠬᠡᠷᠡᠭᠵᠢᠭᠦᠯᠵᠦ᠂ ᠭᠠᠮᠰᠢᠭ ᠤᠨ ᠪᠠᠶᠢᠳᠠᠯ ᠢ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃ ᠲᠦᠭᠰᠢᠬᠦᠷᠢᠳᠤ ᠪᠠᠶᠢᠳᠠᠯ ᠡᠬᠦᠰᠦᠮᠡᠭᠴᠡ᠂ ᠡᠯ᠎ᠡ ᠱᠠᠲᠤᠨ ᠤ ᠬᠠᠷᠢᠭᠤᠴᠠᠯᠭᠠᠲᠠᠳ ᠪᠡᠶ᠎ᠡ ᠪᠠᠷ ᠢᠶᠠᠨ ᠨᠢᠭᠡᠳᠦᠭᠡᠷ ᠹᠷᠦᠨᠲ ᠳᠤ ᠬᠦᠷᠴᠦ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠪᠠ ᠭᠠᠮᠰᠢᠭ ᠠᠴᠠ ᠠᠪᠤᠷᠠᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠶ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号