| | | | ᠰᠤᠷᠪᠤᠯᠵᠢᠯᠠᠭᠰᠠᠨ ᠴᠠᠭ᠄ | 2019 ᠣᠨ ᠤ 05 ᠳ᠋ᠤᠭᠠᠷ ᠰᠠᠷ᠎ᠠ ᠶᠢᠨ 21 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ | ᠲᠣᠭᠤᠷᠢᠨ ᠪᠠᠶᠢᠴᠠᠭᠠᠭᠴᠢ ᠳ᠋ᠦᠩ ᠱᠦ ᠬᠤᠸᠠ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠥᠪᠥᠷ ᠮᠣᠩᠭᠤᠯ ᠪᠣᠯ ᠪᠦᠬᠦ ᠤᠯᠤᠰ ᠤᠨ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠭᠤᠣᠯ | ᠳᠠᠶᠢᠯᠠᠯᠳᠤᠭᠠᠨ ᠤ ᠲᠠᠯᠠᠪᠤᠷ ᠪᠠᠶᠢᠵᠤ᠂ ᠵᠢᠯ ᠪᠦᠷᠢ ᠶᠢᠨ ᠡᠯᠡᠰᠦ ᠶᠢ ᠵᠠᠰᠠᠵᠤ ᠣᠶᠢᠵᠢᠭᠤᠯᠤᠯᠲᠠ ᠬᠢᠬᠦ ᠡᠭᠦᠷᠭᠡ ᠨᠢ | ᠮᠢᠩᠭᠠᠨ ᠲᠦᠮᠡᠨ ᠮᠦ ᠠᠴᠠ ᠳᠡᠭᠡᠭᠰᠢ ᠬᠦᠷᠴᠦ᠂ ᠪᠦᠬᠦ ᠤᠯᠤᠰ ᠤᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ | ᠬᠤᠪᠢ ᠶᠢ ᠡᠵᠡᠯᠡᠵᠦ ᠪᠠᠶᠢᠨ᠎ᠠ᠃ ᠡᠳᠡᠭᠡᠷ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ ᠠᠮᠢ ᠠᠬᠤᠢ ᠶᠢᠨ ᠪᠠᠶᠢᠭᠤᠯᠤᠯᠲᠠ ᠳᠤ | ᠢᠯᠡᠳᠲᠡ ᠦᠷ᠎ᠡ ᠪᠦᠲᠦᠮᠵᠢ ᠣᠯᠪᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠳ᠋ᠦᠩ ᠱᠦ ᠬᠤᠸᠠ ᠶᠢ ᠤᠷᠢᠵᠤ᠂ | ᠣᠶᠢᠷ᠎ᠠ ᠶᠢᠨ ᠵᠢᠯ ᠤᠳ ᠠᠴᠠ ᠨᠠᠭᠠᠰᠢᠬᠢ ᠥᠪᠥᠷ ᠮᠣᠩᠭᠤᠯ ᠤᠨ ᠡᠯᠡᠰᠦ ᠵᠢᠵᠠᠰᠠᠵᠤ ᠣᠶᠢᠵᠢᠭᠤᠯᠤᠯᠲᠠ ᠬᠢᠭᠰᠡᠨ | ᠠᠵᠢᠯ ᠤᠨ ᠬᠠᠮᠢᠶ᠎ᠠ ᠪᠦᠬᠦᠢ ᠪᠠᠶᠢᠳᠠᠯ ᠳᠤ ᠲᠠᠶᠢᠯᠤᠮᠵᠢ ᠬᠢᠯᠭᠡᠬᠦ ᠪᠠᠷ ᠪᠣᠯᠣᠯ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ | ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠪᠥᠷ ᠮᠣᠩᠭᠤᠯ ᠪᠣᠯ ᠪᠦᠬᠦ ᠤᠯᠤᠰ ᠤᠨ ᠣᠢ | ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠭᠤᠣᠯ ᠳᠠᠶᠢᠯᠠᠯᠳᠤᠭᠠᠨ ᠤ ᠲᠠᠯᠠᠪᠤᠷ ᠪᠠᠶᠢᠵᠤ᠂ ᠵᠢᠯ ᠪᠦᠷᠢ ᠶᠢᠨ | ᠡᠯᠡᠰᠦ ᠶᠢ ᠵᠠᠰᠠᠵᠤ ᠣᠶᠢᠵᠢᠭᠤᠯᠤᠯᠲᠠ ᠬᠢᠬᠦ ᠡᠭᠦᠷᠭᠡ ᠨᠢ ᠮᠢᠩᠭᠠᠨ ᠲᠦᠮᠡᠨ ᠮᠦ ᠠᠴᠠ ᠳᠡᠭᠡᠭᠰᠢ ᠬᠦᠷᠴᠦ᠂ ᠪᠦᠬᠦ | ᠤᠯᠤᠰ ᠤᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ ᠬᠤᠪᠢ ᠶᠢ ᠡᠵᠡᠯᠡᠵᠦ ᠪᠠᠶᠢᠨ᠎ᠠ᠃ ᠡᠳᠡᠭᠡᠷ ᠵᠢᠯ ᠤᠳ ᠲᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ | ᠳᠣᠣᠷ᠎ᠠ᠂ ᠠᠮᠢ ᠠᠬᠤᠢ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠪᠠ᠃ ᠥᠨᠥᠳᠥᠷ ᠪᠢᠳᠡ | ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠣᠭᠤᠷᠢᠨ | ᠪᠠᠶᠢᠴᠠᠭᠠᠭᠴᠢ ᠳ᠋ᠦᠩ ᠱᠦ ᠬᠤᠸᠠ ᠶᠢ ᠤᠷᠢᠵᠤ᠂ ᠣᠶᠢᠷ᠎ᠠ ᠶᠢᠨ ᠵᠢᠯ ᠤᠳ ᠠᠴᠠ ᠨᠠᠭᠠᠰᠢᠬᠢ ᠥᠪᠥᠷ ᠮᠣᠩᠭᠤᠯ ᠤᠨ | ᠡᠯᠡᠰᠦ ᠶᠢ ᠵᠠᠰᠠᠵᠤ ᠣᠶᠢᠵᠢᠭᠤᠯᠤᠯᠲᠠ ᠬᠢᠭᠰᠡᠨ ᠠᠵᠢᠯ ᠤᠨ ᠬᠠᠮᠢᠶ᠎ᠠ ᠪᠦᠬᠦᠢ ᠪᠠᠶᠢᠳᠠᠯ ᠳᠤ ᠲᠠᠶᠢᠯᠤᠮᠵᠢ ᠬᠢᠯᠭᠡᠬᠦ ᠪᠠᠷ | ᠪᠣᠯᠣᠯ᠎ᠠ᠃ ᠳ᠋ᠦᠩ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠳ᠋ᠦᠩ ᠱᠦ ᠬᠤᠸᠠ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ | ᠡᠩ ᠲᠡᠷᠢᠭᠦᠨ ᠳᠤ ᠮᠠᠨ ᠤ ᠣᠷᠣᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ | ᠥᠷᠨᠢᠭᠦᠯᠦᠭᠰᠡᠨ ᠪᠠᠶᠢᠳᠠᠯ ᠨᠢ ᠶᠠᠮᠠᠷ ᠪᠣᠢ︖ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ ᠶᠠᠮᠠᠷ ᠶᠠᠮᠠᠷ | ᠦᠷ᠎ᠡ ᠪᠦᠲᠦᠮᠵᠢ ᠣᠯᠣᠭᠰᠠᠨ ᠪᠣᠢ︖ ᠵᠡᠷᠭᠡ ᠶᠢ ᠳ᠋ᠦᠩ ᠲᠣᠪᠴᠢᠶᠠᠨ ᠳᠠᠷᠤᠭ᠎ᠠ ᠠᠴᠠ ᠪᠢᠳᠡᠨ ᠳᠤ ᠶᠠᠷᠢᠭᠠᠳ | ᠥᠭᠭᠦᠨ᠎ᠡ ᠦᠦ︖ | ᠳ᠋ᠦᠩ ᠱᠦ ᠬᠤᠸᠠ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠲᠠᠯᠠᠪᠠᠢ ᠨᠢ 118 ᠲᠦᠮᠡᠨ ᠺᠦᠸᠠᠳ᠋ | ᠺᠢᠯᠣᠮᠧᠲᠷ ᠪᠠᠶᠢᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ | ᠠᠯᠤᠰᠯᠠᠭᠰᠠᠨ᠂ ᠪᠦᠬᠦ ᠤᠯᠤᠰ ᠤᠨ ᠣᠢ ᠰᠢᠭᠤᠢ ᠶᠢᠨ ᠡᠬᠢ ᠪᠠᠶᠠᠯᠢᠭ ᠤᠨ ᠲᠣᠮᠣ ᠣᠷᠣᠨ᠂ ᠡᠯᠡᠰᠦᠷᠬᠡᠭᠵᠢᠯ ᠤᠨ | ᠲᠣᠮᠣ ᠣᠷᠣᠨ᠂ ᠨᠣᠶᠢᠲᠠᠨ ᠭᠠᠵᠠᠷ ᠤᠨ ᠲᠣᠮᠣ ᠣᠷᠣᠨ᠂ ᠠᠮᠢ ᠠᠬᠤᠢ ᠶᠢᠨ ᠪᠠᠶᠢᠭᠤᠯᠤᠯᠲᠠ ᠶᠢᠨ ᠲᠣᠮᠣ ᠣᠷᠣᠨ | ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠪᠠᠶᠢᠷᠢ | ᠰᠠᠭᠤᠷᠢ ᠨᠢ ᠮᠠᠰᠢ ᠴᠢᠬᠤᠯᠠ ᠪᠠᠶᠢᠳᠠᠭ᠃ ᠡᠶᠢᠮᠦ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠠᠮᠢ ᠠᠬᠤᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠮᠢ ᠠᠬᠤᠢ ᠶᠢᠨ ᠪᠣᠯᠪᠠᠰᠤᠨ ᠢ | ᠪᠠᠶᠢᠭᠤᠯᠬᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ᠂ ᠡᠬᠡ ᠤᠯᠤᠰ ᠤᠨ | ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ | ᠴᠢᠩᠭ᠎ᠠ ᠨᠢᠭᠲᠠᠷᠠᠨ᠂ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠯᠠᠪᠳᠠᠭᠤᠨ ᠪᠠᠲᠤᠲᠠᠢ ᠪᠠᠷ ᠠᠵᠢᠯᠯᠠᠵᠤ᠂ | ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠲᠠᠰᠤᠷᠠᠯᠲᠠ ᠦᠭᠡᠢ ᠠᠬᠢᠭᠤᠯᠪᠠ᠃ ︽13 · 5︾ | ᠶᠢᠨ ᠬᠤᠭᠤᠴᠠᠭᠠᠨ ᠳᠤ ᠤᠯᠤᠰ ᠠᠴᠠ ᠲᠥᠯᠥᠪᠵᠢᠭᠦᠯᠦᠭᠰᠡᠨ ᠮᠠᠨ ᠤ ᠣᠷᠣᠨ ᠤ ᠡᠯᠡᠰᠦᠷᠬᠡᠭᠵᠢᠯ ᠢ ᠵᠠᠰᠠᠬᠤ ᠭᠠᠵᠠᠷ | ᠰᠢᠷᠣᠢ ᠶᠢᠨ ᠲᠠᠯᠠᠪᠠᠢ ᠨᠢ 6136.8 ᠲᠦᠮᠡᠨ ᠮᠦ ᠪᠠᠶᠢᠵᠤ᠂ ᠪᠢᠳᠡ ᠵᠢᠯ ᠪᠦᠷᠢ ᠪᠦᠬᠦ ᠤᠯᠤᠰ ᠤᠨ 1000 | ᠲᠦᠮᠡᠨ ᠮᠦ ᠠᠴᠠ ᠳᠡᠭᠡᠭᠰᠢᠬᠢ ᠡᠯᠡᠰᠦ ᠶᠢ ᠵᠠᠰᠠᠵᠤ ᠣᠶᠢᠵᠢᠭᠤᠯᠤᠯᠲᠠ ᠬᠢᠬᠦ ᠡᠭᠦᠷᠭᠡ ᠶᠢ ᠡᠭᠦᠷᠭᠡᠯᠡᠨ᠂ ᠪᠦᠬᠦ | ᠤᠯᠤᠰ ᠤᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ ᠶᠢ ᠡᠵᠡᠯᠡᠵᠦ᠂ ᠮᠠᠨ ᠤ ᠣᠷᠣᠨ ᠪᠣᠯ ᠪᠦᠬᠦ ᠤᠯᠤᠰ ᠤᠨ | ᠣᠶᠢᠵᠢᠭᠤᠯᠤᠯᠲᠠ ᠬᠢᠬᠦ ᠡᠭᠦᠷᠭᠡ ᠶᠢ ᠬᠠᠮᠤᠭ ᠠᠴᠠ ᠣᠯᠠᠨ ᠡᠭᠦᠷᠭᠡᠯᠡᠵᠦ ᠪᠠᠶᠢᠭ᠎ᠠ ᠮᠤᠵᠢ ᠣᠷᠣᠨ ᠮᠥᠨ ᠭᠡᠵᠦ | ᠬᠡᠯᠡᠵᠦ ᠪᠣᠯᠣᠨ᠎ᠠ᠃ | ᠬᠥᠲᠥᠯᠥᠭᠴᠢ᠄ | ᠲᠡᠭᠡᠪᠡᠯ ᠪᠢᠳᠡ ᠴᠣᠬᠤᠮ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠳ᠋ᠦᠩ ᠱᠦ ᠬᠤᠸᠠ᠄ | ᠮᠠᠨ ᠤ ᠠᠮᠢ ᠠᠬᠤᠢ ᠶᠢᠨ ᠪᠠᠶᠢᠭᠤᠯᠤᠯᠲᠠ ᠳᠤ ᠠᠪᠤᠭᠰᠠᠨ ᠠᠷᠭ᠎ᠠ ᠬᠡᠮᠵᠢᠶ᠎ᠡ ᠪᠣᠯ ᠭᠤᠣᠯᠳᠠᠭᠤ | ᠣᠨᠣᠯᠵᠢᠬᠤᠨ ᠤ ᠲᠠᠯ᠎ᠠ ᠪᠠᠷ ᠪᠢᠳᠡ ᠠᠮᠢ ᠠᠬᠤᠢ ᠪᠠᠷ ᠦᠨᠳᠦᠰᠦ ᠪᠣᠯᠭᠠᠬᠤ ᠵᠠᠷᠴᠢᠮ ᠢ ᠪᠠᠷᠢᠮᠲᠠᠯᠠᠨ᠂ ᠠᠮᠢ | ᠠᠬᠤᠢ ᠪᠠᠷ ᠦᠨᠳᠦᠰᠦ ᠪᠣᠯᠭᠠᠬᠤ ᠪᠠᠷ ᠣᠢ ᠰᠢᠭᠤᠢ ᠶᠢᠨ ᠣᠳᠣᠬᠢᠴᠢᠯᠠᠯᠲᠠ ᠶᠢ ᠠᠬᠢᠭᠤᠯᠬᠤ ᠭᠤᠣᠯ ᠣᠨᠣᠯᠵᠢᠬᠤᠨ | ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠤᠴᠢᠷ ᠨᠢ ᠣᠯᠠᠨ ᠤ ᠮᠡᠳᠡᠭᠡᠵᠢ ᠪᠠᠷ᠂ ᠣᠢ ᠰᠢᠭᠤᠢ ᠪᠣᠯ ᠬᠠᠭᠤᠷᠠᠢ | ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠭᠤᠣᠯ ᠴᠣᠭᠴᠠ᠂ ᠤᠯᠤᠰ ᠪᠠ ᠦᠨᠳᠦᠰᠦᠲᠡᠨ ᠤ ᠣᠷᠣᠰᠢᠨ | ᠲᠣᠭᠲᠠᠨᠢᠬᠤ ᠬᠠᠮᠤᠭ ᠤᠨ ᠶᠡᠭᠡ ᠡᠳ᠋ ᠬᠥᠷᠥᠩᠭᠡ ᠪᠠ ᠰᠠᠭᠤᠷᠢ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠬᠠᠮᠠᠭᠠᠯᠠᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠰᠠᠶᠢᠵᠢᠷᠠᠭᠤᠯᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠣᠨ᠎ᠠ᠃ ᠨᠡᠩ | ᠢᠯᠠᠩᠭᠤᠶ᠎ᠠ ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠂ ᠪᠢᠳᠡ ᠨᠣᠮᠢᠨ ᠤᠰᠤ ᠬᠥᠬᠡᠮᠳᠦᠭ ᠠᠭᠤᠯᠠ ᠶᠢ | ᠠᠪᠬᠤ ᠪᠠᠷ ᠪᠠᠷᠠᠬᠤ ᠦᠭᠡᠢ ᠠᠯᠲᠠ ᠮᠥᠩᠭᠦᠨ ᠠᠭᠤᠯᠠ ᠶᠢ ᠴᠤ ᠠᠪᠬᠤ ᠬᠡᠷᠡᠭᠲᠡᠢ᠂ ᠬᠤᠶᠠᠭᠤᠯᠠ ᠪᠠᠨ ᠨᠢᠭᠡᠳᠦᠯ | ᠦᠭᠡᠢ ᠦᠶ᠎ᠡ ᠳᠤ᠂ ᠪᠢᠳᠡ ᠨᠣᠮᠢᠨ ᠤᠰᠤ ᠬᠥᠬᠡᠮᠳᠦᠭ ᠠᠭᠤᠯᠠ ᠶᠢ ᠠᠪᠬᠤ ᠠᠴᠠ ᠪᠢᠰᠢ᠂ ᠠᠯᠳᠠ ᠮᠥᠩᠭᠦᠨ | ᠠᠭᠤᠯᠠ ᠶᠢ ᠠᠪᠬᠤ ᠦᠭᠡᠢ᠂ ᠡᠰᠡᠷᠭᠦ ᠪᠠᠷ ᠬᠡᠯᠡᠪᠡᠯ᠂ ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ | ᠮᠥᠩᠭᠦᠨ ᠠᠭᠤᠯᠠ ᠮᠥᠨ ᠭᠡᠵᠡᠢ᠃ ᠡᠶᠢᠮᠦ ᠠᠴᠠ ᠪᠢᠳᠡ ᠶᠡᠷᠦ ᠠᠴᠠ ᠠᠮᠢ ᠠᠬᠤᠢ ᠪᠠᠷ ᠦᠨᠳᠦᠰᠦ ᠪᠣᠯᠭᠠᠬᠤ | ᠣᠨᠣᠯᠵᠢᠬᠤᠨ ᠢ ᠪᠠᠷᠢᠮᠲᠠᠯᠠᠭᠰᠠᠭᠠᠷ ᠢᠷᠡᠵᠡᠢ᠃ | ᠬᠤᠶᠠᠷ ᠲᠤ᠂ ᠪᠢᠳᠡ ᠰᠢᠰᠲ᠋ᠧᠮ ᠲᠠᠢ ᠪᠠᠷ ᠵᠠᠰᠠᠯᠲᠠ ᠬᠢᠬᠦ ᠵᠠᠷᠴᠢᠮ ᠢ ᠪᠠᠷᠢᠮᠲᠠᠯᠠᠨ᠂ ᠰᠢᠰᠲ᠋ᠧᠮ ᠲᠠᠢ ᠪᠠᠷ | ᠵᠠᠰᠠᠯᠲᠠ ᠬᠢᠬᠦ ᠪᠠᠷ ᠣᠢ ᠰᠢᠭᠤᠢ ᠶᠢᠨ ᠦᠢᠯᠡᠰ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠠᠷᠭ᠎ᠠ | ᠪᠣᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠥᠮᠥᠨ ᠤ ᠠᠮᠢᠨ ᠰᠤᠳᠠᠰᠤ ᠨᠢ ᠲᠠᠷᠢᠶᠠᠨ ᠳᠤ ᠪᠣᠢ᠂ ᠲᠠᠷᠢᠶᠠᠨ ᠤ ᠠᠮᠢᠨ | ᠰᠤᠳᠠᠰᠤ ᠨᠢ ᠤᠰᠤᠨ ᠳᠤ ᠪᠣᠢ᠂ ᠤᠰᠤᠨ ᠤ ᠠᠮᠢᠨ ᠰᠤᠳᠠᠰᠤ ᠨᠢ ᠠᠭᠤᠯᠠᠨ ᠳᠤ ᠪᠣᠢ᠂ ᠠᠭᠤᠯᠠᠨ ᠤ ᠠᠮᠢᠨ | ᠰᠤᠳᠠᠰᠤ ᠨᠢ ᠭᠠᠵᠠᠷ ᠰᠢᠷᠣᠢ ᠳᠤ ᠪᠣᠢ᠂ ᠭᠠᠵᠠᠷ ᠰᠢᠷᠣᠢ ᠶᠢᠨ ᠠᠮᠢᠨ ᠰᠤᠳᠠᠰᠤ ᠨᠢ ᠣᠢ ᠰᠢᠭᠤᠢ ᠳᠤ ᠪᠣᠢ ᠭᠡᠬᠦ | ᠣᠯᠠᠨ ᠢᠶᠠᠷ ᠢᠶᠠᠨ ᠪᠦᠷ ᠲᠣᠳᠣᠷᠬᠠᠢ ᠮᠡᠳᠡᠳᠡᠭ ᠪᠠᠶᠢᠭᠠᠯᠢ ᠶᠢᠨ ᠵᠢᠮ᠎ᠡ ᠬᠠᠤᠯᠢ ᠶᠣᠰᠣᠭᠠᠷ᠂ ᠠᠭᠤᠯᠠ ᠤᠰᠤ ᠣᠢ | ᠲᠠᠷᠢᠶ᠎ᠠ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢ ᠬᠡᠷᠡᠭᠵᠢᠭᠦᠯᠬᠦ ᠳᠤ᠂ ᠮᠠᠨ ᠤ ᠠᠪᠤᠭᠰᠠᠨ | ᠭᠤᠣᠯ ᠠᠷᠭ᠎ᠠ ᠬᠡᠮᠵᠢᠶ᠎ᠡ ᠪᠣᠯ ᠳᠠᠷᠤᠢ ᠰᠠᠯᠬᠢ ᠶᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ᠂ ᠤᠰᠤᠨ | ᠰᠤᠷᠪᠤᠯᠵᠢ ᠶᠢ ᠲᠡᠵᠢᠭᠡᠨ ᠨᠥᠬᠦᠪᠦᠷᠢᠯᠡᠬᠦ᠂ ᠤᠰᠤ ᠬᠥᠷᠥᠰᠥ ᠶᠢ ᠪᠠᠲᠤᠯᠠᠬᠤ᠂ ᠲᠠᠷᠢᠶᠠᠨ ᠭᠠᠵᠠᠷ ᠤᠨ | ᠰᠡᠷᠭᠡᠶᠢᠯᠡᠯᠲᠡ ᠶᠢᠨ ᠣᠢ ᠶᠢ ᠪᠠᠶᠢᠭᠤᠯᠬᠤ ᠵᠡᠷᠭᠡ ᠣᠷᠣᠨ ᠬᠡᠪᠴᠢᠶᠡᠨ ᠤ ᠴᠢᠨᠠᠷᠲᠠᠢ ᠰᠡᠷᠭᠡᠶᠢᠯᠡᠯᠲᠡ ᠶᠢᠨ ᠣᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ ᠪᠠᠶᠢᠭᠠᠳ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ | ᠪᠦᠷᠢᠨ ᠪᠦᠲᠦᠨ ᠴᠢᠨᠠᠷ ᠪᠠ ᠲᠣᠭᠲᠠᠭᠤᠨ ᠴᠢᠨᠠᠷ ᠢ ᠰᠡᠷᠭᠦᠭᠡᠪᠡ᠃ | ᠭᠤᠷᠪᠠ ᠳᠤ᠂ ᠪᠢᠳᠡ ᠪᠠᠶᠢᠭᠠᠯᠢᠯᠢᠭ ᠰᠡᠷᠭᠦᠭᠡᠯᠲᠡ ᠪᠠᠷ ᠭᠤᠣᠯ ᠪᠣᠯᠭᠠᠬᠤ ᠵᠠᠷᠴᠢᠮ ᠢ ᠪᠠᠷᠢᠮᠲᠠᠯᠠᠪᠠ᠂ | ᠶᠡᠷᠦᠩᠬᠡᠢ ᠱᠦᠵᠢ ᠴᠤ ᠪᠢᠳᠡ ᠡᠷᠬᠡᠪᠰᠢ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠠᠶᠠᠯᠳᠠᠨ ᠳᠠᠭᠠᠬᠤ᠂ | ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠵᠤ ᠥᠩᠭᠡᠷᠡᠪᠡ᠃ ᠡᠶᠢᠮᠦ ᠠᠴᠠ ᠪᠢᠳᠡ | ᠶᠡᠷᠦ ᠠᠴᠠ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠪᠠᠶᠢᠭᠠᠯᠢᠯᠢᠭ ᠵᠠᠰᠠᠨ ᠰᠡᠷᠭᠦᠭᠡᠯᠲᠡ ᠪᠠᠷ ᠭᠤᠣᠯ | ᠪᠣᠯᠭᠠᠨ᠂ ᠪᠠᠶᠢᠭᠠᠯᠢᠯᠢᠭ ᠰᠡᠷᠭᠦᠭᠡᠯᠲᠡ ᠬᠢᠭᠡᠳ ᠬᠥᠮᠥᠨ ᠤ ᠬᠦᠴᠦ ᠪᠠᠷ ᠵᠠᠰᠠᠨ ᠰᠡᠷᠭᠦᠭᠡᠬᠦ ᠶᠢ ᠬᠠᠷᠢᠯᠴᠠᠨ | ᠤᠶᠠᠯᠳᠤᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠣᠢ ᠰᠢᠭᠤᠢ᠂ ᠨᠣᠶᠢᠲᠠᠨ | ᠭᠠᠵᠠᠷ᠂ ᠲᠠᠴᠢᠷ ᠴᠥᠯ ᠵᠡᠷᠭᠡ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠲᠣᠭᠲᠠᠭᠤᠨ ᠴᠢᠨᠠᠷ ᠪᠠ ᠠᠮᠢ | ᠠᠬᠤᠢ ᠶᠢᠨ ᠦᠢᠯᠡᠴᠢᠯᠡᠭᠡ ᠶᠢᠨ ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠭᠡᠷ ᠢᠷᠡᠵᠡᠢ᠃ | ᠳᠥᠷᠪᠡ ᠳᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠠᠷᠴᠢᠮ ᠢ ᠪᠠᠷᠢᠮᠲᠠᠯᠠᠨ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠠᠷ ᠣᠢ ᠰᠢᠭᠤᠢ ᠶᠢᠨ ᠦᠢᠯᠡᠰ ᠢ ᠬᠥᠭᠵᠢᠭᠦᠯᠬᠦ ᠶᠢᠨ ᠲᠡᠷᠢᠭᠦᠨ ᠴᠢᠬᠤᠯᠠ ᠡᠭᠦᠷᠭᠡ | ᠪᠣᠯᠭᠠᠬᠤ ᠶᠢ ᠪᠠᠷᠢᠮᠲᠠᠯᠠᠵᠤ᠂ ᠨᠡᠩ ᠡᠯᠪᠡᠭ ᠠᠮᠢ ᠠᠬᠤᠢ ᠶᠢᠨ ᠪᠦᠲᠦᠭᠡᠭᠳᠡᠬᠦᠨ ᠢ ᠡᠭᠦᠳᠦᠨ ᠪᠦᠲᠦᠭᠡᠵᠦ᠂ ᠪᠣᠬᠢᠷᠲᠤᠯ | ᠦᠭᠡᠢ ᠪᠥᠭᠡᠳ ᠠᠷᠠᠳ ᠢ ᠴᠢᠨᠡᠭᠡᠯᠢᠭᠵᠢᠭᠦᠯᠬᠦ ᠠᠵᠤ ᠦᠢᠯᠡᠰ ᠢ ᠬᠥᠭᠵᠢᠭᠦᠯᠦᠨ᠂ ᠲᠤᠶᠢᠯ ᠤᠨ ᠣᠨᠣᠪᠴᠢᠲᠠᠢ ᠪᠠᠷ | ᠶᠠᠳᠠᠭᠤ ᠶᠢ ᠲᠡᠳᠬᠦᠬᠦ ᠶᠢ ᠶᠡᠭᠡ ᠬᠦᠴᠦᠨ ᠢᠶᠠᠷ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠥᠰ ᠲᠤ ᠠᠵᠢᠯ | ᠣᠯᠭᠤᠬᠤ ᠬᠢᠭᠡᠳ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠤᠨ᠂ ᠬᠥᠮᠥᠰ ᠤᠨ ᠦᠢᠯᠡᠳᠪᠦᠷᠢᠯᠡᠯ ᠠᠮᠢᠳᠤᠷᠠᠯ ᠤᠨ | ᠨᠥᠬᠦᠴᠡᠯ ᠢ ᠰᠠᠶᠢᠵᠢᠷᠠᠭᠤᠯᠵᠤ᠂ ᠨᠡᠶᠢᠭᠡᠮ ᠤᠨ ᠡᠶ᠎ᠡ ᠵᠣᠬᠢᠴᠠᠯᠳᠤ ᠬᠥᠭᠵᠢᠯᠲᠡ ᠶᠢ ᠠᠬᠢᠭᠤᠯᠪᠠ᠃ | ᠲᠠᠪᠤ ᠳᠤ᠂ ᠳᠦᠷᠢᠮ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠪᠠᠶᠢᠭᠤᠯᠤᠯᠲᠠ ᠶᠢ ᠪᠠᠷᠢᠮᠲᠠᠯᠠᠨ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢᠨ | ᠱᠠᠭᠠᠷᠳᠠᠯᠭ᠎ᠠ ᠶᠣᠰᠣᠭᠠᠷ ᠣᠢ ᠰᠢᠭᠤᠢ ᠶᠢᠨ ᠦᠢᠯᠡᠰ ᠤᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ | ᠡᠷᠬᠡ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠪᠠᠷᠢᠮᠲᠠᠯᠠᠵᠤ᠂ ᠣᠢ ᠰᠢᠭᠤᠢ ᠶᠢᠨ ᠦᠢᠯᠡᠰ ᠤᠨ ᠡᠬᠢ | ᠪᠠᠶᠠᠯᠢᠭ ᠤᠨ ᠬᠡᠷᠡᠭᠯᠡᠯᠲᠡ ᠶᠢ ᠬᠠᠮᠢᠶᠠᠷᠤᠨ ᠬᠢᠵᠠᠭᠠᠷᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ᠂ ᠣᠢ | ᠰᠢᠭᠤᠢ ᠶᠢᠨ ᠦᠢᠯᠡᠰ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭ ᠢ | ᠨᠠᠶᠢᠷᠠᠭᠤᠯᠤᠨ ᠵᠣᠬᠢᠶᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠪᠡᠯ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ᠂ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠵᠡᠷᠭᠡ ᠠᠯᠢ ᠣᠯᠠᠨ ᠳᠦᠷᠢᠮ ᠢᠶᠠᠷ ᠠᠮᠢ | ᠠᠬᠤᠢ ᠶᠢᠨ ᠪᠠᠶᠢᠭᠤᠯᠤᠯᠲᠠ ᠳᠤ ᠪᠠᠲᠤᠯᠠᠭ᠎ᠠ ᠬᠠᠩᠭᠠᠪᠠ᠃ | ᠬᠥᠲᠥᠯᠥᠭᠴᠢ᠄ | ᠴᠣᠬᠤᠮ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠢ ᠪᠢᠳᠡᠨ ᠳᠤ ᠶᠠᠷᠢᠭᠠᠳ ᠥᠭᠭᠦᠨ᠎ᠡ ᠦᠦ︖ | ᠳ᠋ᠦᠩ ᠱᠦ ᠬᠤᠸᠠ᠄ | ᠲᠡᠭᠡᠶ᠎ᠡ᠃ ᠠᠮᠢ ᠠᠬᠤᠢ ᠶᠢᠨ ᠪᠠᠶᠢᠭᠤᠯᠤᠯᠲᠠ ᠳᠤ ᠪᠢᠳᠡ ᠮᠠᠰᠢ ᠣᠯᠠᠨ ᠦᠷ᠎ᠡ ᠪᠦᠲᠦᠮᠵᠢ ᠣᠯᠪᠠ᠃ ᠮᠠᠨ ᠤ | ᠣᠷᠣᠨ ᠤ ᠣᠢ ᠰᠢᠭᠤᠢ ᠶᠢᠨ ᠲᠠᠯᠠᠪᠠᠢ ᠨᠢ 3.92 ᠳ᠋ᠦᠩᠰᠢᠭᠤᠷ ᠮᠦ ᠳᠤ ᠬᠦᠷᠴᠦ᠂ ᠲᠡᠭᠦᠨ ᠤ ᠳᠣᠲᠣᠷ᠎ᠠ | ᠪᠠᠶᠢᠭᠠᠯᠢ ᠶᠢᠨ ᠣᠢ ᠶᠢᠨ ᠲᠠᠯᠠᠪᠠᠢ ᠨᠢ 3.02 ᠮᠦ᠂ ᠬᠥᠮᠥᠨ ᠤ ᠬᠦᠴᠦ ᠪᠠᠷ ᠤᠷᠭᠤᠭᠤᠯᠤᠭᠰᠠᠨ ᠣᠢ ᠶᠢᠨ ᠲᠠᠯᠠᠪᠠᠢ | ᠨᠢ 9000 ᠲᠦᠮᠡᠨ ᠮᠦ ᠪᠠᠶᠢᠳᠠᠭ︔ ᠣᠢ ᠰᠢᠭᠤᠢ ᠶᠢᠨ ᠨᠥᠭᠡᠴᠡ ᠨᠢ 15.27 ᠳ᠋ᠦᠩᠰᠢᠭᠤᠷ ᠺᠦᠪ ᠮᠧᠲᠷ᠂ | ᠣᠢ ᠰᠢᠭᠤᠢ ᠶᠢᠨ ᠪᠦᠷᠬᠦᠴᠡ ᠶᠢᠨ ᠨᠣᠷᠮ᠎ᠠ ᠨᠢ 22.1% ᠳᠤ ᠬᠦᠷᠴᠡᠢ᠃ 2013 ᠣᠨ ᠤ ᠨᠠᠢᠮᠠᠳᠤᠭᠠᠷ | ᠤᠳᠠᠭᠠᠨ ᠤ ᠪᠦᠬᠦ ᠤᠯᠤᠰ ᠤᠨ ᠣᠢ ᠰᠢᠭᠤᠢ ᠶᠢᠨ ᠡᠬᠢ ᠪᠠᠶᠠᠯᠢᠭ ᠤᠨ ᠢᠯᠭᠠᠨ ᠪᠠᠶᠢᠴᠠᠭᠠᠯᠲᠠ ᠲᠠᠢ ᠬᠠᠷᠢᠴᠠᠭᠤᠯᠪᠠᠯ | ᠂ ᠣᠢ ᠰᠢᠭᠤᠢ ᠶᠢᠨ ᠲᠠᠯᠠᠪᠠᠢ ᠨᠢ 1904 ᠲᠦᠮᠡᠨ ᠮᠦ ᠨᠡᠮᠡᠭᠳᠡᠨ᠂ ᠣᠢ ᠰᠢᠭᠤᠢ ᠶᠢᠨ ᠨᠥᠭᠡᠴᠡ ᠨᠢ 1.82 | ᠳ᠋ᠦᠩᠰᠢᠭᠤᠷ ᠺᠦᠪ ᠮᠧᠲᠷ ᠨᠡᠮᠡᠭᠳᠡᠵᠦ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠨᠢ 1.07% ᠪᠠᠷ | ᠳᠡᠭᠡᠭᠰᠢᠯᠡᠪᠡ᠃ ᠮᠠᠨ ᠤ ᠣᠷᠣᠨ ᠤ ᠣᠢ ᠰᠢᠭᠤᠢ ᠶᠢᠨ ᠲᠠᠯᠠᠪᠠᠢ ᠬᠢᠭᠡᠳ ᠣᠢ ᠰᠢᠭᠤᠢ ᠶᠢᠨ ᠨᠥᠭᠡᠴᠡ ᠨᠢ | ᠵᠠᠯᠭᠠᠭ᠎ᠠ ᠪᠠᠷ ︽ᠬᠤᠣᠰ ᠢᠶᠠᠷ ᠨᠡᠮᠡᠭᠳᠡᠬᠦ︾ ᠶᠢ ᠪᠡᠶᠡᠯᠡᠭᠦᠯᠵᠡᠢ᠃ | ᠬᠥᠲᠥᠯᠥᠭᠴᠢ᠄ | ᠲᠡᠭᠡᠪᠡᠯ ᠮᠠᠨ ᠤ ᠣᠷᠣᠨ ᠤ ᠴᠥᠯᠡᠷᠬᠡᠭᠵᠢᠯᠲᠡ ᠪᠠ ᠡᠯᠡᠰᠦᠷᠬᠡᠭᠵᠢᠯᠲᠡ ᠶᠢᠨ ᠪᠠᠶᠢᠳᠠᠯ ᠨᠢ ᠶᠠᠮᠠᠷ ᠪᠣᠢ︖ | ᠣᠯᠠᠨ ᠵᠢᠯ ᠤᠨ ᠵᠠᠰᠠᠯᠲᠠ ᠪᠠᠷ ᠳᠠᠮᠵᠢᠭᠤᠯᠤᠨ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠳ᠋ᠦᠩ ᠱᠦ ᠬᠤᠸᠠ᠄ | ᠥᠪᠥᠷ ᠮᠣᠩᠭᠤᠯ ᠤᠨ ᠴᠥᠯᠡᠷᠬᠡᠭᠵᠢᠯᠲᠡ ᠪᠠ ᠡᠯᠡᠰᠦᠷᠬᠡᠭᠵᠢᠯᠲᠡ ᠶᠢᠨ ᠪᠠᠶᠢᠳᠠᠯ᠄ ᠪᠦᠬᠦ ᠤᠯᠤᠰ ᠤᠨ | ᠲᠠᠪᠤᠳᠤᠭᠠᠷ ᠤᠳᠠᠭᠠᠨ ᠤ ᠴᠥᠯᠡᠷᠬᠡᠭᠵᠢᠯᠲᠡ ᠪᠠ ᠡᠯᠡᠰᠦᠷᠬᠡᠭᠵᠢᠯᠲᠡ ᠶᠢᠨ ᠭᠠᠵᠠᠷ ᠰᠢᠷᠣᠢ ᠶᠢᠨ ᠬᠢᠨᠠᠨ | ᠬᠡᠮᠵᠢᠯᠲᠡ ᠶᠢᠨ ᠦᠷ᠎ᠡ ᠳ᠋ᠦᠩ ᠢ ᠦᠨᠳᠦᠰᠦᠯᠡᠪᠡᠯ᠂ ᠪᠦᠬᠦ ᠣᠷᠣᠨ ᠤ ᠴᠥᠯᠡᠷᠬᠡᠭᠵᠢᠭᠰᠡᠨ ᠭᠠᠵᠠᠷ ᠰᠢᠷᠣᠢ ᠶᠢᠨ | ᠲᠠᠯᠠᠪᠠᠢ ᠨᠢ 9.14 ᠳ᠋ᠦᠩᠰᠢᠭᠤᠷ ᠮᠦ ᠳᠤ ᠬᠦᠷᠴᠦ᠂ ᠪᠦᠬᠦ ᠣᠷᠣᠨ ᠤ ᠤᠯᠤᠰ ᠤᠨ ᠭᠠᠵᠠᠷ ᠰᠢᠷᠣᠢ ᠶᠢᠨ | ᠶᠡᠷᠦᠩᠬᠡᠢ ᠲᠠᠯᠠᠪᠠᠢ ᠶᠢᠨ 51.5% ᠶᠢ ᠡᠵᠡᠯᠡᠨ᠎ᠡ︔ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ 6.12 | ᠳ᠋ᠦᠩᠰᠢᠭᠤᠷ ᠮᠦ ᠳᠤ ᠬᠦᠷᠴᠦ᠂ ᠪᠦᠬᠦ ᠣᠷᠣᠨ ᠤ ᠤᠯᠤᠰ ᠤᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 34. | 4% ᠶᠢ ᠡᠵᠡᠯᠡᠵᠦ ᠪᠠᠶᠢᠨ᠎ᠠ᠃ ᠡᠶᠢᠮᠦ ᠠᠴᠠ ᠮᠠᠨ ᠤ ᠣᠷᠣᠨ ᠤ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ | ᠰᠢᠷᠣᠢ ᠶᠢᠨ ᠲᠠᠯᠠᠪᠠᠢ ᠨᠢ ᠮᠥᠨ ᠬᠦ ᠮᠠᠰᠢ ᠶᠡᠭᠡ ᠪᠠᠶᠢᠳᠠᠭ᠃ | ᠣᠯᠣᠭᠰᠠᠨ ᠦᠷ᠎ᠡ ᠪᠦᠲᠦᠮᠵᠢ᠄ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠴᠥᠯᠡᠷᠬᠡᠭᠵᠢᠭᠰᠡᠨ ᠪᠠ | ᠡᠯᠡᠰᠦᠷᠬᠡᠭᠵᠢᠭᠰᠡᠨ ᠭᠠᠵᠠᠷ ᠰᠢᠷᠣᠢ ᠳᠤ ᠬᠢᠨᠠᠨ ᠬᠡᠮᠵᠢᠯᠲᠡ ᠬᠢᠭᠰᠡᠨ ᠦᠷ᠎ᠡ ᠳ᠋ᠦᠩ ᠲᠠᠢ ᠬᠠᠷᠢᠴᠠᠭᠤᠯᠪᠠᠯ᠂ ᠪᠦᠬᠦ | ᠣᠷᠣᠨ ᠤ ᠴᠥᠯᠡᠷᠬᠡᠭᠵᠢᠭᠰᠡᠨ ᠭᠠᠵᠠᠷ ᠰᠢᠷᠣᠢ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ ᠲᠤᠰ ᠲᠤᠰ | 625 ᠲᠦᠮᠡᠨ ᠮᠦ ᠪᠠ 515 ᠲᠦᠮᠡᠨ ᠮᠦ ᠪᠠᠭᠠᠰᠪᠠ᠂ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ | ᠰᠢᠷᠣᠢ ᠶᠢᠨ ᠲᠠᠯᠠᠪᠠᠢ ᠶᠢ ᠦᠷᠭᠦᠯᠵᠢᠯᠡᠨ ︽ᠬᠤᠣᠰ ᠢᠶᠠᠷ ᠪᠠᠭᠠᠰᠬᠠᠬᠤ︾ ᠶᠢ ᠪᠡᠶᠡᠯᠡᠭᠦᠯᠦᠨ᠂ ᠪᠠᠭᠠᠰᠤᠭᠰᠠᠨ ᠲᠠᠯᠠᠪᠠᠢ | ᠨᠢ ᠪᠦᠬᠦ ᠤᠯᠤᠰ ᠤᠨ ᠲᠡᠷᠢᠭᠦᠨ ᠪᠠᠶᠢᠷᠢ ᠳᠤ ᠣᠷᠣᠵᠤ ᠪᠠᠶᠢᠨ᠎ᠠ᠃ | ᠬᠥᠲᠥᠯᠥᠭᠴᠢ᠄ | ᠮᠠᠨ ᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠠᠴᠢ ᠬᠤᠯᠪᠣᠭᠳᠠᠯ ᠨᠢ ᠬᠠᠮᠢᠭ᠎ᠠ ᠢᠯᠡᠷᠡᠵᠦ | ᠪᠠᠶᠢᠬᠤ ᠪᠣᠢ︖ ᠡᠭᠦᠨ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠮᠠᠨ ᠤ ᠣᠷᠣᠨ ᠤ ᠠᠮᠢ | ᠠᠬᠤᠢ ᠶᠢᠨ ᠪᠠᠶᠢᠭᠤᠯᠤᠯᠲᠠ ᠶᠢᠨ ᠰᠡᠳᠬᠢᠮᠵᠢ ᠨᠢ ᠶᠠᠭᠤ ᠪᠣᠢ︖ | ᠳ᠋ᠦᠩ ᠱᠦ ᠬᠤᠸᠠ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠠᠴᠢ | ᠬᠤᠯᠪᠣᠭᠳᠠᠯ ᠨᠢ ᠮᠠᠰᠢ ᠶᠡᠭᠡ ᠪᠠᠶᠢᠵᠤ᠂ ᠶᠡᠷᠦᠩᠬᠡᠢ ᠱᠦᠵᠢ ᠰᠢ ᠶᠢᠨ ᠫᠢᠩ᠄ ᠥᠪᠥᠷ ᠮᠣᠩᠭᠤᠯ ᠤᠨ ᠠᠮᠢ | ᠠᠬᠤᠢ ᠶᠢᠨ ᠪᠠᠶᠢᠳᠠᠯ ᠶᠠᠮᠠᠷ ᠪᠠᠶᠢᠬᠤ ᠨᠢ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠣᠷᠣᠰᠢᠨ ᠲᠣᠭᠲᠠᠨᠢᠯ ᠪᠠ ᠬᠥᠭᠵᠢᠯᠲᠡ ᠳᠤ ᠬᠤᠯᠪᠣᠭᠳᠠᠬᠤ ᠪᠠᠷ ᠪᠠᠷᠠᠬᠤ ᠦᠭᠡᠢ᠂ ᠤᠮᠠᠷᠠᠲᠤ ᠣᠷᠣᠨ᠂ ᠵᠡᠭᠦᠨ | ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠴᠢᠨᠠᠭᠰᠢᠯᠠᠭᠠᠳ ᠪᠦᠬᠦ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠳᠤ ᠬᠤᠯᠪᠣᠭᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ ᠡᠶᠢᠮᠦ ᠠᠴᠠ ᠮᠠᠨ ᠤ ᠣᠷᠣᠨ ᠤ ᠠᠮᠢ ᠠᠬᠤᠢ | ᠨᠢ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ᠂ ᠥᠪᠥᠷ ᠮᠣᠩᠭᠤᠯ ᠢ ᠮᠠᠨ ᠤ | ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ | ᠪᠠᠶᠢᠭᠤᠯᠬᠤ ᠪᠣᠯ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠮᠥᠨ ᠴᠤ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ | ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠃ ᠡᠭᠦᠨ ᠠᠴᠠ ᠦᠵᠡᠪᠡᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠠᠴᠢ ᠬᠤᠯᠪᠣᠭᠳᠠᠯ ᠨᠢ ᠲᠤᠶᠢᠯ ᠤᠨ ᠶᠡᠭᠡ | ᠪᠠᠶᠢᠳᠠᠭ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ | ᠰᠡᠳᠬᠢᠮᠵᠢ ᠶᠢ ᠶᠡᠷᠦᠩᠬᠡᠢ ᠳᠤ ᠨᠢ ᠠᠪᠴᠤ ᠬᠡᠯᠡᠪᠡᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠂ ᠥᠪᠥᠷ ᠮᠣᠩᠭᠤᠯ ᠳᠤ ᠣᠢ | ᠰᠢᠭᠤᠢ᠂ ᠨᠤᠲᠤᠭ ᠪᠡᠯᠴᠢᠭᠡᠷ᠂ ᠨᠣᠶᠢᠲᠠᠨ ᠭᠠᠵᠠᠷ᠂ ᠭᠤᠣᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠵᠡᠷᠭᠡ | ᠣᠯᠠᠨ ᠵᠦᠢᠯ ᠤᠨ ᠪᠠᠶᠢᠭᠠᠯᠢ ᠶᠢᠨ ᠲᠥᠯᠥᠪ ᠪᠠᠶᠢᠳᠠᠯ ᠪᠠᠶᠢᠵᠤ᠂ ᠨᠢᠭᠡᠨ ᠤᠷᠲᠤ ᠬᠤᠭᠤᠴᠠᠭ᠎ᠠ ᠪᠠᠷ ᠪᠦᠷᠢᠯᠳᠦᠭᠰᠡᠨ | ᠶᠡᠷᠦᠩᠬᠡᠶᠢᠯᠡᠭᠰᠡᠨ ᠴᠢᠨᠠᠷᠲᠠᠢ ᠠᠮᠢ ᠠᠬᠤᠢ ᠶᠢᠨ ᠰᠢᠰᠲ᠋ᠧᠮ ᠪᠣᠯᠬᠤᠷ᠂ ᠠᠮᠢ ᠠᠬᠤᠢ ᠶᠢ ᠬᠠᠮᠠᠭᠠᠯᠠᠬᠤ ᠪᠠ ᠵᠠᠰᠠᠨ | ᠰᠡᠷᠭᠦᠭᠡᠬᠦ ᠳᠤ ᠡᠷᠬᠡᠪᠰᠢ ᠶᠡᠷᠦᠩᠬᠡᠶᠢᠯᠡᠨ ᠵᠠᠰᠠᠯᠲᠠ ᠬᠢᠬᠦ ᠬᠡᠷᠡᠭᠲᠡᠢ᠃ ᠨᠤᠲᠤᠭ ᠪᠡᠯᠴᠢᠭᠡᠷ᠂ ᠣᠢ ᠰᠢᠭᠤᠢ ᠶᠢ | ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠶᠢᠨ ᠲᠡᠷᠢᠭᠦᠨ ᠴᠢᠬᠤᠯᠠ | ᠡᠭᠦᠷᠭᠡ ᠪᠣᠯᠣᠨ᠎ᠠ᠃ ᠡᠷᠬᠡᠪᠰᠢ ᠠᠮᠢ ᠠᠬᠤᠢ ᠶᠢᠨ ᠰᠢᠰᠲ᠋ᠧᠮ ᠤᠨ ᠳᠣᠲᠣᠭᠠᠳᠤ ᠶᠢᠨ ᠵᠦᠢ ᠲᠣᠭᠲᠠᠯ ᠪᠠ ᠵᠢᠮ᠎ᠡ | ᠶᠣᠰᠣ ᠶᠢ ᠵᠢᠷᠤᠮᠯᠠᠨ᠂ ᠪᠠᠶᠢᠭᠠᠯᠢ ᠶᠢ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ | ᠴᠢᠭᠯᠡᠯᠲᠦ ᠴᠢᠨᠠᠷ᠂ ᠰᠢᠰᠲ᠋ᠧᠮᠴᠢ ᠴᠢᠨᠠᠷ᠂ ᠤᠷᠲᠤ ᠬᠤᠭᠤᠴᠠᠭᠠᠲᠤ ᠴᠢᠨᠠᠷ ᠢ ᠴᠢᠩᠭᠠᠷᠠᠭᠤᠯᠬᠤ ᠬᠡᠷᠡᠭᠲᠡᠢ︾ ᠭᠡᠬᠦ | ᠵᠢᠭᠠᠪᠤᠷᠢ ᠶᠢ ᠲᠤᠭᠤᠰᠢᠯᠠᠭᠤᠯᠬᠤ ᠬᠡᠷᠡᠭᠲᠡᠢ᠃ | ᠳ᠋ᠦᠩ ᠱᠦ ᠬᠤᠸᠠ᠄ | ᠪᠣᠳᠠᠲᠠᠢ ᠪᠠᠷ ᠬᠡᠯᠡᠪᠡᠯ᠂ ᠮᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠡᠳᠬᠢᠮᠵᠢ ᠪᠣᠯ᠄ ︵ | 1︶ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠪᠣᠳᠠᠲᠠᠢ ᠪᠠᠷ ᠬᠡᠷᠡᠭᠯᠡᠨ᠎ᠡ︔ ︵2︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠨ᠎ᠠ︔ ︵3︶ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠡᠷᠴᠢᠮ ᠢ ᠦᠨᠡᠨ ᠬᠦ ᠴᠢᠩᠭᠠᠷᠠᠭᠤᠯᠤᠨ — ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ | ᠪᠠ ᠵᠠᠰᠠᠨ ᠰᠡᠷᠭᠦᠭᠡᠯᠲᠡ ᠶᠢ ᠴᠢᠩᠭᠠᠳᠬᠠᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠯᠭᠦᠬᠦ ᠪᠠ ᠪᠡᠯᠴᠢᠭᠡᠷ ᠮᠠᠯ ᠢ ᠲᠡᠩᠴᠡᠭᠦᠷᠢᠰᠢᠭᠦᠯᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠬᠢᠭᠡᠳ ᠠᠮᠢ ᠠᠬᠤᠢ ᠶᠢᠨ | ᠴᠢᠳᠠᠮᠵᠢ ᠶᠢ ᠨᠢᠭᠡᠳᠦᠯᠲᠡᠢ ᠲᠥᠯᠥᠪᠯᠡᠨ᠂ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠠᠷᠭᠤᠭᠤᠯᠤᠨ | ᠲᠣᠭᠲᠠᠭᠠᠵᠤ᠂ ᠬᠠᠷᠭᠤᠭᠤᠯᠤᠨ ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ︔ ᠡᠷᠡᠭᠦᠯ ᠲᠣᠭᠲᠠᠭᠤᠨ | ᠴᠢᠨᠠᠷ ᠰᠢᠯᠢᠳᠡᠭ ᠪᠦᠲᠦᠮᠵᠢᠲᠡᠢ ᠣᠢ ᠰᠢᠭᠤᠢ ᠶᠢᠨ ᠰᠢᠰᠲ᠋ᠧᠮ ᠢ ᠪᠠᠶᠢᠭᠤᠯᠤᠨ᠂ ᠶᠡᠭᠡ ᠬᠡᠪᠴᠢᠶᠡᠵᠢᠯ ᠲᠠᠢ | ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠠᠬᠢᠭᠤᠯᠵᠤ᠂ ᠪᠠᠶᠢᠭᠠᠯᠢ ᠶᠢᠨ ᠣᠢ᠂ ︽ᠭᠤᠷᠪᠠᠨ | ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠵᠡᠷᠭᠡ ᠣᠢ ᠰᠢᠭᠤᠢ ᠶᠢᠨ ᠦᠢᠯᠡᠰ ᠤᠨ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠢ ᠬᠡᠷᠡᠭᠵᠢᠭᠦᠯᠦᠨ ᠣᠢ ᠰᠢᠭᠤᠢ ᠶᠢᠨ ᠬᠦᠢ ᠶᠢᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ︔ ᠭᠠᠵᠠᠷ ᠰᠢᠷᠣᠢ ᠶᠢᠨ ᠴᠥᠯᠡᠷᠬᠡᠭᠵᠢᠯᠲᠡ ᠡᠯᠡᠰᠦᠷᠬᠡᠭᠵᠢᠯᠲᠡ ᠶᠢ ᠰᠡᠷᠭᠡᠶᠢᠯᠡᠨ ᠵᠠᠰᠠᠬᠤ | ᠡᠷᠴᠢᠮ ᠢ ᠴᠢᠩᠭᠠᠷᠠᠭᠤᠯᠤᠨ᠂ ᠪᠡᠭᠡᠵᠢᠩ ᠲᠢᠶᠠᠨᠵᠢᠨ ᠤ ᠰᠠᠯᠬᠢ ᠡᠯᠡᠰᠦ ᠶᠢᠨ ᠡᠬᠢ ᠰᠤᠷᠪᠤᠯᠵᠢ ᠶᠢ ᠵᠠᠰᠠᠬᠤ | ᠢᠨᠵᠧᠨᠧᠷᠢᠩ ᠢ ᠤᠯᠠᠮ ᠨᠢᠭᠡ ᠠᠯᠬᠤᠮ ᠬᠡᠷᠡᠭᠵᠢᠭᠦᠯᠵᠦ᠂ ᠡᠯᠡᠰᠦᠨ ᠴᠥᠯ ᠤᠨ ᠬᠥᠪᠡᠭᠡ ᠬᠢᠵᠠᠭᠠᠷ ᠤᠨ ᠣᠷᠣᠨ | ᠪᠦᠰᠡ ᠶᠢᠨ ︽ᠬᠥᠪᠡᠭᠡ ᠶᠢ ᠪᠢᠲᠡᠭᠦᠮᠵᠢᠯᠡᠬᠦ ᠣᠢ︾ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ︵4︶ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ︔ ᠣᠢ | ᠰᠢᠭᠤᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ ᠢ ᠲᠡᠭᠦᠯᠳᠡᠷᠵᠢᠭᠦᠯᠦᠨ᠎ᠡ︔ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠳᠦᠷᠢᠮ ᠢ ᠨᠠᠶᠢᠳᠠᠪᠤᠷᠢᠵᠢᠭᠤᠯᠤᠨ᠂ ᠣᠢ ᠰᠢᠭᠤᠢ᠂ ᠨᠤᠲᠤᠭ | ᠪᠡᠯᠴᠢᠭᠡᠷ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠭᠭᠠᠨ ᠤ ᠠᠮᠢ ᠠᠬᠤᠢ ᠶᠢᠨ ᠨᠥᠬᠦᠪᠦᠷᠢ ᠶᠢ ᠪᠦᠬᠦᠨ ᠢ | ᠬᠠᠮᠤᠷᠤᠭᠤᠯᠬᠤ ᠶᠢ ᠠᠬᠢᠭᠤᠯᠤᠨ᠎ᠠ︔ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠂ ᠰᠢᠯᠭᠠᠨ ᠬᠢᠨᠠᠵᠤ ᠦᠨᠡᠯᠡᠯᠲᠡ ᠬᠢᠬᠦ ᠰᠢᠰᠲ᠋ᠧᠮᠵᠢ ᠶᠢ ᠪᠦᠷᠢᠨᠰᠢᠭᠦᠯᠵᠦ᠂ ᠣᠢ ᠰᠢᠭᠤᠢ ᠶᠢᠨ | ᠡᠬᠢ ᠪᠠᠶᠠᠯᠢᠭ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭ ᠢ ᠨᠠᠶᠢᠷᠠᠭᠤᠯᠤᠨ ᠵᠣᠬᠢᠶᠠᠬᠤ ᠠᠵᠢᠯ ᠢ | ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠨᠠᠰᠤᠨ ᠲᠤᠷᠰᠢᠲᠠ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠦᠨ᠎ᠡ᠂ ᠡᠨᠡ ᠨᠢ ᠪᠢᠳᠡᠨ ᠢ ᠡᠬᠢ ᠢᠷᠡᠯᠲᠡ ᠠᠴᠠ ᠨᠢ | ᠬᠠᠮᠢᠶᠠᠷᠤᠨ ᠡᠵᠡᠮᠳᠡᠵᠦ᠂ ᠡᠪᠳᠡᠨ ᠬᠤᠬᠢᠷᠠᠭᠤᠯᠪᠠᠯ ᠲᠥᠯᠥᠪᠦᠷᠢ ᠠᠪᠴᠤ᠂ ᠬᠠᠷᠢᠭᠤᠴᠠᠯᠭ᠎ᠠ ᠨᠡᠬᠡᠮᠵᠢᠯᠡᠬᠦ ᠶᠢ | ᠱᠠᠭᠠᠷᠳᠠᠵᠤ ᠪᠠᠶᠢᠨ᠎ᠠ᠃ ︵5︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ︔ ᠦᠵᠡᠯ | ᠰᠠᠨᠠᠭᠠᠨ ᠤ ᠵᠡᠪᠰᠡᠭᠯᠡᠯ ᠢ ᠴᠢᠩᠭᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ | ᠲᠥᠯᠥᠪᠵᠢᠭᠦᠯᠵᠦ ᠬᠥᠲᠥᠯᠥᠨ ᠳᠠᠭᠠᠭᠤᠯᠬᠤ ᠶᠢ ᠴᠢᠩᠭᠠᠷᠠᠭᠤᠯᠤᠨ᠎ᠠ᠃ | ᠬᠥᠲᠥᠯᠥᠭᠴᠢ᠄ | 2018 ᠣᠨ ᠪᠣᠯ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠶᠢᠨ 40 | ᠵᠢᠯ ᠤᠨ ᠣᠢ ᠪᠠᠶᠢᠵᠤ᠂ ᠮᠠᠨ ᠤ ᠣᠷᠣᠨ ᠤ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ | ᠪᠠᠶᠢᠭᠤᠯᠤᠯᠲᠠ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠳ᠋ᠦᠩ ᠱᠦ ᠬᠤᠸᠠ᠄ | 40 ᠵᠢᠯ ᠤᠨ ᠡᠮᠦᠨ᠎ᠡ᠂ ᠭᠤᠷᠪᠠᠨ ᠤᠮᠠᠷᠠᠲᠤ ᠶᠢᠨ ᠭᠠᠵᠠᠷ ᠣᠷᠣᠨ ᠤ ᠪᠠᠶᠢᠭᠠᠯᠢ ᠠᠵᠤ ᠠᠬᠤᠢ ᠶᠢᠨ ᠳᠦᠷᠰᠦ | ᠪᠠᠶᠢᠳᠠᠯ ᠢ ᠬᠤᠪᠢᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠦᠷᠭᠦᠯᠵᠢᠳᠡ ᠶᠢᠨ ᠬᠥᠭᠵᠢᠯᠲᠡ ᠶᠢᠨ ᠲᠤᠰᠠᠳᠠ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠡᠦᠬᠡᠨ ᠬᠠᠭᠤᠳᠠᠰᠤᠨ ᠳᠤ ᠥᠨᠢᠳᠡ | ᠭᠢᠯᠠᠯᠵᠠᠭᠰᠠᠨ ᠨᠢᠭᠡᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ —— ᠭᠤᠷᠪᠠᠨ ᠤᠮᠠᠷᠠᠲᠤ ᠶᠢᠨ | ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢᠨ ᠢᠨᠵᠧᠨᠧᠷᠢᠩ ᠢ ᠪᠠᠶᠢᠭᠤᠯᠬᠤ ᠰᠢᠢᠳᠪᠦᠷᠢᠲᠦ ᠪᠣᠳᠣᠯᠭ᠎ᠠ ᠶᠢ | ᠲᠣᠭᠲᠠᠭᠠᠪᠠ᠃ ᠣᠳᠣ ᠦᠶ᠎ᠡ ᠶᠢᠨ ᠬᠥᠮᠥᠨ ᠲᠥᠷᠥᠯᠬᠢᠲᠡᠨ ᠤ ᠬᠠᠮᠤᠭ ᠤᠨ ᠠᠤᠭ᠎ᠠ ᠶᠡᠭᠡ ᠠᠮᠢ ᠠᠬᠤᠢ ᠶᠢᠨ | ᠲᠤᠤᠯᠢᠰ ᠨᠢ ᠡᠭᠦᠨ ᠠᠴᠠ ᠡᠬᠢᠯᠡᠵᠦ ᠬᠥᠰᠢᠭᠡ ᠪᠠᠨ ᠰᠡᠬᠦᠪᠡ᠃ ᠡᠨᠡ ᠬᠦ ᠵᠦᠢᠯ ᠤᠨ ᠢᠨᠵᠧᠨᠧᠷᠢᠩ ᠨᠢ 1978 | ᠣᠨ ᠠᠴᠠ ᠡᠬᠢᠯᠡᠵᠦ 2050 ᠣᠨ ᠪᠣᠯᠲᠠᠯ᠎ᠠ ᠶᠠᠪᠤᠭᠳᠠᠵᠤ᠂ 73 ᠵᠢᠯ ᠦᠷᠭᠦᠯᠵᠢᠯᠡᠨ᠎ᠡ᠃ ᠪᠠᠶᠢᠭᠤᠯᠤᠯᠲᠠ ᠶᠢᠨ | ᠬᠡᠪᠴᠢᠶ᠎ᠡ ᠨᠢ ᠵᠡᠭᠦᠨᠰᠢ ᠬᠠᠷᠠᠮᠥ᠋ᠷᠡᠨ ᠠᠴᠠ ᠪᠠᠷᠠᠭᠤᠨᠰᠢ ᠰᠢᠨᠵᠢᠶᠠᠩ ᠬᠦᠷᠴᠦ᠂ ᠪᠦᠬᠦ ᠤᠷᠲᠤ ᠨᠢ 8000 | ᠺᠢᠯᠣᠮᠧᠲᠷ ᠪᠠᠶᠢᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠠᠯᠤᠰᠯᠠᠵᠤ᠂ | ᠤᠯᠤᠰ ᠤᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 42.4% ᠶᠢ ᠡᠵᠡᠯᠡᠵᠦ ᠪᠠᠶᠢᠨ᠎ᠠ᠃ ᠪᠠᠶᠢᠭᠤᠯᠤᠯᠲᠠ ᠶᠢᠨ | ᠬᠡᠪᠴᠢᠶ᠎ᠡ ᠨᠢ ︽ᠭᠤᠷᠪᠠᠨ ᠤᠮᠠᠷᠠᠲᠤ︾ ᠶᠢᠨ ᠭᠠᠵᠠᠷ ᠣᠷᠣᠨ ᠤ 13 ᠮᠤᠵᠢ᠂ 551 ᠰᠢᠶᠠᠨ ᠢ ᠬᠠᠮᠤᠷᠴᠤ᠂ | ᠮᠠᠨ ᠤ ᠣᠷᠣᠨ ᠤ 86 ᠰᠢᠶᠠᠨ ᠳᠤ ᠬᠤᠯᠪᠣᠭᠳᠠᠨ᠎ᠠ᠃ ᠲᠡᠭᠦᠨ ᠤ ᠪᠠᠶᠢᠭᠤᠯᠤᠯᠲᠠ ᠶᠢᠨ ᠬᠡᠪᠴᠢᠶ᠎ᠡ ᠨᠢ ᠥᠷᠭᠡᠨ᠂ | ᠬᠡᠪᠴᠢᠶᠡᠵᠢᠯ ᠨᠢ ᠶᠡᠭᠡ᠂ ᠬᠡᠷᠡᠭᠰᠡᠬᠦ ᠴᠠᠭ ᠨᠢ ᠤᠷᠲᠤ ᠪᠠᠷ ᠢᠶᠠᠨ ᠳᠡᠯᠡᠬᠡᠢ ᠶᠢᠨ ᠠᠮᠢ ᠠᠬᠤᠢ ᠶᠢᠨ ᠢᠨᠵᠧᠨᠧᠷᠢᠩ ᠤᠨ | ᠬᠠᠮᠤᠭ ᠢ ᠡᠭᠦᠳᠪᠡ᠃ ᠡᠨᠡ ᠬᠦ ᠵᠤᠷᠪᠤᠰ ︽ᠨᠣᠭᠤᠭᠠᠨ ᠥᠩᠭᠡᠲᠦ ᠤᠷᠲᠤ ᠴᠠᠭᠠᠨ ᠬᠡᠷᠡᠮ︾ ᠬᠢᠭᠡᠳ ᠡᠷᠲᠡᠨ ᠤ | ᠤᠷᠲᠤ ᠴᠠᠭᠠᠨ ᠬᠡᠷᠡᠮ ᠨᠢ ᠬᠠᠮᠲᠤ ᠪᠠᠷ ᠡᠨᠡ ᠬᠦ ᠬᠡᠰᠡᠭ ᠭᠠᠵᠠᠷ ᠨᠤᠲᠤᠭ ᠤᠨ ᠲᠡᠦᠬᠡ ᠪᠠ ᠢᠷᠡᠭᠡᠳᠦᠢ ᠶᠢ ᠬᠤᠯᠪᠣᠵᠤ | ᠂ ᠳᠤᠮᠳᠠᠳᠤ ᠶᠢᠨ ᠦᠨᠳᠦᠰᠦᠲᠡᠨ ᠤ ᠲᠡᠮᠡᠴᠡᠯ ᠬᠢᠭᠡᠳ ᠬᠦᠰᠡᠯ ᠵᠡᠭᠦᠳᠦ ᠶᠢ ᠭᠡᠷᠡᠴᠢᠯᠡᠵᠦ ᠪᠠᠶᠢᠨ᠎ᠠ᠃ | ᠮᠠᠨ ᠤ ᠣᠷᠣᠨ ᠤ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠳᠤ | ᠣᠯᠣᠭᠰᠠᠨ ᠦᠷ᠎ᠡ ᠪᠦᠲᠦᠮᠵᠢ᠄ 2018 ᠣᠨ ᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠪᠡᠶᠡᠯᠡᠭᠦᠯᠦᠭᠰᠡᠨ ︽ᠭᠤᠷᠪᠠᠨ ᠤᠮᠠᠷᠠᠲᠤ ᠶᠢᠨ ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ | 40 ᠵᠢᠯ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠮᠡᠳᠡᠭᠦᠯᠦᠯᠲᠡ︾ ᠶᠢ ᠦᠨᠳᠦᠰᠦᠯᠡᠪᠡᠯ᠂ ᠭᠤᠷᠪᠠᠨ ᠤᠮᠠᠷᠠᠲᠤ ᠶᠢᠨ | ᠢᠨᠵᠧᠨᠧᠷᠢᠩ ᠤᠨ ᠪᠠᠶᠢᠭᠤᠯᠤᠯᠲᠠ ᠬᠢᠭᠰᠡᠨ 40 ᠵᠢᠯ ᠳᠤ ᠨᠡᠶᠢᠲᠡ 3014 ᠳ᠋ᠦᠩᠰᠢᠭᠤᠷ ᠾᠧᠺᠲ᠋ᠠᠷ ︵45210 | ᠲᠦᠮᠡᠨ ᠮᠦ︶ ᠣᠶᠢᠵᠢᠭᠤᠯᠤᠯᠲᠠ ᠬᠢᠵᠦ ᠬᠠᠳᠠᠭᠠᠯᠠᠬᠤ ᠶᠢ ᠪᠡᠶᠡᠯᠡᠭᠦᠯᠵᠦ᠂ ᠲᠡᠭᠦᠨ ᠤ ᠳᠣᠲᠣᠷ᠎ᠠ ᠮᠠᠨ ᠤ ᠣᠷᠣᠨ | ᠨᠡᠶᠢᠲᠡ ᠭᠤᠷᠪᠠᠨ ᠤᠮᠠᠷᠠᠲᠤ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠶᠢᠨ ᠡᠭᠦᠷᠭᠡ ᠶᠢ 11548 | ᠲᠦᠮᠡᠨ ᠮᠦ ᠪᠡᠶᠡᠯᠡᠭᠦᠯᠵᠦ᠂ ᠤᠯᠤᠰ ᠤᠨ ᠪᠠᠶᠢᠭᠤᠯᠤᠯᠲᠠ ᠶᠢᠨ ᠡᠭᠦᠷᠭᠡ ᠶᠢᠨ 25.1% ᠶᠢ ᠡᠵᠡᠯᠡᠨ᠂ ︽ᠭᠤᠷᠪᠠᠨ | ᠤᠮᠠᠷᠠᠲᠤ︾ ᠶᠢᠨ 13 ᠮᠤᠵᠢ ᠣᠷᠣᠨ ᠤ ᠲᠡᠷᠢᠭᠦᠨ ᠪᠠᠶᠢᠷᠢ ᠳᠤ ᠣᠷᠣᠪᠠ᠃ ᠮᠠᠨ ᠤ ᠣᠷᠣᠨ ᠳᠤ 40 ᠵᠢᠯ ᠤᠨ | ᠲᠤᠷᠰᠢ᠂ ᠲᠦᠭ ᠲᠦᠮᠡᠨ ᠠᠷᠠᠳ ᠲᠦᠮᠡᠨ ᠬᠦᠴᠦ ᠵᠠᠯᠭᠠᠨ ᠲᠡᠮᠡᠴᠡᠵᠦ᠂ ᠬᠡᠳᠦᠨ ᠦᠶ᠎ᠡ ᠶᠢᠨ ᠬᠥᠮᠥᠰ ᠴᠥᠬᠦᠷᠡᠰᠢ | ᠦᠭᠡᠢ ᠴᠢᠷᠮᠠᠶᠢᠨ ᠠᠵᠢᠯᠯᠠᠭᠰᠠᠨ ᠠᠴᠠ᠂ ᠭᠤᠷᠪᠠᠨ ᠤᠮᠠᠷᠠᠲᠤ ᠶᠢᠨ ᠢᠨᠵᠧᠨᠧᠷᠢᠩ ᠨᠢ ᠬᠥᠮᠥᠰ ᠤᠨ ᠠᠩᠬᠠᠷᠤᠯ ᠢ | ᠲᠠᠲᠠᠭᠰᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠣᠯᠵᠤ᠂ ᠮᠠᠨ ᠤ ᠤᠯᠤᠰ ᠤᠨ ᠤᠮᠠᠷᠠᠲᠤ ᠬᠢᠵᠠᠭᠠᠷ ᠲᠤ | ᠰᠠᠯᠬᠢ ᠡᠯᠡᠰᠦ ᠶᠢ ᠬᠤᠷᠢᠭᠯᠠᠨ᠂ ᠤᠰᠤ ᠬᠥᠷᠥᠰᠥ ᠶᠢ ᠪᠠᠲᠤᠯᠠᠵᠤ᠂ ᠲᠠᠷᠢᠶᠠᠯᠠᠩ ᠮᠠᠯ ᠠᠵᠤ ᠠᠬᠤᠢ ᠶᠢ | ᠬᠠᠮᠠᠭᠠᠯᠠᠭᠰᠠᠨ ᠨᠢᠭᠡᠨ ᠵᠤᠷᠪᠤᠰ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠠᠮᠵᠢᠯᠲᠠ ᠲᠠᠢ ᠥᠯᠢᠭᠡᠷ ᠵᠢᠱᠢᠶ᠎ᠡ ᠶᠢ ᠪᠣᠢ ᠪᠣᠯᠭᠠᠵᠠᠢ᠃ | ᠬᠥᠲᠥᠯᠥᠭᠴᠢ᠄ | ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ | ᠪᠦᠬᠦ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠶᠢᠨ ᠬᠤᠷᠠᠯ ᠢ ᠬᠤᠷᠠᠯᠳᠤᠭᠤᠯᠪᠠ᠃ | ᠲᠡᠭᠡᠪᠡᠯ 2019 ᠣᠨ ᠤ ᠣᠶᠢᠵᠢᠭᠤᠯᠤᠨ ᠨᠣᠭᠤᠭᠠᠷᠠᠭᠤᠯᠤᠯᠲᠠ ᠬᠢᠬᠦ ᠭᠤᠣᠯᠳᠠᠯᠭ᠎ᠠ ᠨᠢ ᠶᠠᠭᠤ ᠪᠣᠢ︖ | ᠳ᠋ᠦᠩ ᠱᠦ ᠬᠤᠸᠠ᠄ | 2019 ᠣᠨ ᠤ ᠣᠶᠢᠵᠢᠭᠤᠯᠤᠨ ᠨᠣᠭᠤᠭᠠᠷᠠᠭᠤᠯᠤᠯᠲᠠ ᠬᠢᠬᠦ ᠭᠤᠣᠯᠳᠠᠯᠭ᠎ᠠ ᠪᠣᠯ᠄ ︵ᠨᠢᠭᠡ︶ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠣᠳᠠᠲᠠᠢ ᠪᠠᠷ ᠬᠡᠷᠡᠭᠯᠡᠨ᠎ᠡ᠄ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭᠠᠨ ᠤ ᠲᠠᠨᠢᠯᠲᠠ ᠪᠠᠨ ᠭᠦᠨᠵᠡᠭᠡᠶᠢᠷᠡᠭᠦᠯᠵᠦ᠂ | ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠷᠠᠭᠤᠯᠤᠨ᠎ᠠ︔ ︵ᠬᠤᠶᠠᠷ︶ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠨ᠎ᠠ᠄ ︽ | ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ | ︾ ︽ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ | ᠬᠡᠷᠡᠮ ᠢ ᠴᠣᠭᠴᠠᠯᠠᠨ ᠪᠠᠶᠢᠭᠤᠯᠤᠨ᠎ᠠ︾ ᠵᠡᠷᠭᠡ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠨ | ᠡᠵᠡᠮᠳᠡᠨ᠎ᠡ᠃ ︵ᠭᠤᠷᠪᠠ︶ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ | ᠨᠢᠭᠡᠳᠦᠯᠲᠡᠢ ᠲᠥᠯᠥᠪᠯᠡᠨ᠎ᠡ᠄ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢ | ᠪᠠᠶᠢᠭᠤᠯᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦ ᠶᠢᠨ ᠡᠬᠢ ᠰᠤᠷᠪᠤᠯᠵᠢ ᠳᠤ ᠵᠠᠰᠠᠯᠲᠠ ᠬᠢᠬᠦ᠂ ᠪᠠᠶᠢᠭᠠᠯᠢ ᠶᠢᠨ | ᠣᠢ ᠶᠢ ᠬᠠᠮᠠᠭᠠᠯᠠᠬᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ | ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠨᠣᠭᠤᠭᠠᠷᠠᠭᠤᠯᠤᠯᠲᠠ ᠬᠢᠬᠦ ᠵᠡᠷᠭᠡ ᠤᠯᠤᠰ ᠤᠨ | ᠭᠤᠣᠯᠳᠠᠯᠭ᠎ᠠ ᠲᠠᠢ ᠠᠮᠢ ᠠᠬᠤᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠥᠳᠡᠭᠡ ᠲᠣᠰᠬᠤᠨ ᠤ ᠨᠣᠭᠤᠭᠠᠷᠠᠭᠤᠯᠤᠨ ᠴᠢᠮᠡᠭᠯᠡᠬᠦ ᠠᠵᠢᠯᠯᠠᠭ᠎ᠠ ᠶᠢ ᠢᠳᠡᠪᠬᠢᠲᠡᠢ ᠪᠠᠷ | ᠥᠷᠨᠢᠭᠦᠯᠵᠦ᠂ ᠪᠦᠬᠦ ᠵᠢᠯ ᠳᠤ 1000 ᠲᠦᠮᠡᠨ ᠮᠦ ᠠᠴᠠ ᠳᠡᠭᠡᠭᠰᠢ ᠣᠶᠢᠵᠢᠭᠤᠯᠤᠯᠲᠠ ᠬᠢᠬᠦ ᠡᠭᠦᠷᠭᠡ ᠶᠢ | ᠪᠡᠶᠡᠯᠡᠭᠦᠯᠦᠨ᠎ᠡ᠃ 3000 ᠲᠦᠮᠡᠨ ᠮᠦ ᠡᠪᠡᠰᠦ ᠲᠠᠷᠢᠵᠤ ᠬᠠᠮᠠᠭᠠᠯᠠᠨ᠎ᠠ᠃ ︵ᠳᠥᠷᠪᠡ︶ ᠠᠮᠢ ᠠᠬᠤᠢ ᠶᠢᠨ | ᠰᠢᠰᠲ᠋ᠧᠮ ᠢ ᠬᠠᠮᠠᠭᠠᠯᠠᠬᠤ ᠡᠷᠴᠢᠮ ᠢ ᠦᠨᠡᠨ ᠬᠦ ᠴᠢᠩᠭᠠᠷᠠᠭᠤᠯᠤᠨ᠎ᠠ᠄ ᠨᠤᠲᠤᠭ ᠪᠡᠯᠴᠢᠭᠡᠷ᠂ ᠣᠢ ᠰᠢᠭᠤᠢ ᠶᠢᠨ ᠠᠮᠢ | ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠨᠤᠲᠤᠭ ᠪᠡᠯᠴᠢᠭᠡᠷ ᠢ ᠡᠯᠰᠡᠨ ᠬᠡᠷᠡᠭᠯᠡᠬᠦ ᠶᠢ | ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠴᠢᠩᠭᠠᠳᠬᠠᠵᠤ᠂ ᠳᠤᠷ᠎ᠠ ᠪᠠᠷ ᠢᠶᠠᠨ ᠨᠤᠲᠤᠭ | ᠪᠡᠯᠴᠢᠭᠡᠷ ᠤᠨ ᠬᠡᠷᠡᠭᠯᠡᠯᠲᠡ ᠶᠢ ᠥᠭᠡᠷᠡᠴᠢᠯᠡᠬᠦ ᠶᠢ ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ | ᠡᠵᠡᠯᠡᠨ ᠬᠡᠷᠡᠭᠯᠡᠬᠦ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ︔ ᠣᠢ ᠰᠢᠭᠤᠢ ᠶᠢᠨ ᠡᠬᠢ ᠪᠠᠶᠠᠯᠢᠭ ᠤᠨ | ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠶᠢᠭᠠᠯᠢ ᠶᠢᠨ ᠣᠢ ᠶᠢ ᠬᠤᠳᠠᠯᠳᠤᠭᠠᠨ ᠤ ᠴᠢᠨᠠᠷᠲᠠᠢ ᠪᠠᠷ | ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠬᠤ ᠦᠷ᠎ᠡ ᠪᠦᠲᠦᠭᠡᠯ ᠢ ᠪᠠᠲᠤᠳᠬᠠᠵᠤ᠂ ᠣᠢ ᠰᠢᠭᠤᠢ᠂ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ᠂ ᠠᠮᠢᠳᠤ ᠪᠣᠳᠠᠰ ᠲᠤ ᠬᠤᠣᠷ ᠬᠥᠨᠥᠭᠡᠯ ᠲᠠᠢ ᠭᠠᠮᠰᠢᠭ ᠢ ᠰᠡᠷᠭᠡᠶᠢᠯᠡᠨ | ᠪᠠᠭᠠᠰᠬᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︵ᠲᠠᠪᠤ︶ ᠡᠯ᠎ᠡ ᠲᠥᠷᠥᠯ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠎ᠠ᠄ ᠤᠯᠤᠰ ᠤᠨ ᠴᠡᠴᠡᠷᠯᠢᠭ ᠢᠶᠠᠷ | ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠤᠨ᠎ᠠ᠃ ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ ᠬᠦᠴᠦᠯᠡᠨ | ᠪᠠᠶᠢᠭᠤᠯᠤᠨ᠎ᠠ᠃ ᠣᠢ ᠰᠢᠭᠤᠢ ᠶᠢᠨ ᠦᠢᠯᠡᠰ ᠪᠠ ᠨᠤᠲᠤᠭ ᠪᠡᠯᠴᠢᠭᠡᠷ ᠤᠨ ᠬᠥᠭᠵᠢᠯᠲᠡ ᠳᠤ ᠪᠠᠲᠤ ᠴᠢᠩᠭ᠎ᠠ | ᠪᠠᠲᠤᠯᠠᠭ᠎ᠠ ᠬᠠᠩᠭᠠᠨ᠎ᠠ᠃ | ᠬᠥᠲᠥᠯᠥᠭᠴᠢ᠄ | ᠰᠠᠶᠢᠨ ᠪᠣᠯᠣᠯ᠎ᠠ᠂ ᠳ᠋ᠦᠩ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠮᠥᠨ ᠴᠤ | ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠴᠠᠭ ᠤᠨ ᠬᠠᠷᠠᠭ᠎ᠠ ᠠᠴᠠ | ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ | ᠳᠠᠬᠢᠨ ᠵᠣᠯᠭᠠᠶ᠎ᠠ᠂ ᠪᠠᠶᠠᠷᠲᠠᠢ︕ | ᠳ᠋ᠦᠩ ᠱᠦ ᠬᠤᠸᠠ᠄ | ᠪᠠᠶᠠᠷᠲᠠᠢ︕ | |