ᠪᠦ᠋ ᠰᠢᠶᠤᠤ ᠯᠢᠨ ᠳᠤᠮᠳᠠᠳᠤ ᠤᠯᠤᠰ ᠲᠤ ᠰᠠᠭᠤᠭ᠎ᠠ ᠮᠤᠩᠭᠤᠯ ᠤᠯᠤᠰ ᠤᠨ ᠡᠯᠴᠢᠨ ᠰᠠᠶᠢᠳ ᠭᠠᠩᠬᠤᠶᠠᠬ ᠲᠠᠢ ᠠᠭᠤᠯᠵᠠᠪᠠ
ᠨᠡᠶᠢᠲᠡᠯᠡᠭᠰᠡᠨ ᠴᠠᠭ᠄
2019/6/20
     6 ᠳ᠋ᠤᠭᠠᠷ ᠰᠠᠷ᠎ᠠ ᠶᠢᠨ 19᠎ ᠤ ᠡᠳᠣᠷ ᠤᠨ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠪᠡᠭᠡᠵᠢᠩ ᠳᠤ ᠲᠤᠮᠳᠠᠳᠤ ᠤᠯᠤᠰ ᠲᠤ ᠰᠠᠭᠤᠭ᠎ᠠ ᠮᠤᠩᠭᠤᠯ ᠤᠯᠤᠰ ᠤᠨ ᠡᠯᠴᠢᠨ ᠰᠠᠶᠢᠳ ᠭᠠᠩᠬᠤᠶᠠᠬ ᠲᠠᠢ ᠠᠭᠤᠯᠵᠠᠪᠠ᠃      ᠪᠦ᠋ ᠰᠢᠶᠤᠤ ᠯᠢᠨ ᠢᠯᠡᠳᠬᠡᠬᠦ ᠳᠤ ᠪᠠᠨ᠂ ᠳᠤᠮᠳᠠᠳᠤ ᠤᠯᠤᠰ ᠪᠤᠯᠤᠨ ᠮᠤᠩᠭᠤᠯ ᠤᠯᠤᠰ ᠪᠤᠯ ᠠᠭᠤᠯᠠ ᠤᠰᠤ ᠪᠠᠷ ᠢᠶᠠᠨ ᠵᠠᠯᠭᠠᠯᠳᠤᠬᠰᠠᠨ ᠨᠦᠬᠦᠷᠰᠡᠭ ᠬᠦᠷᠰᠢ ᠤᠯᠤᠰ ᠮᠦᠨ᠂ ᠦᠪᠦᠷ ᠮᠤᠩᠭᠤᠯ ᠨᠢ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠲᠠ ᠪᠠ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠳᠦᠬᠡᠨ ᠪᠠᠶᠢᠭᠤᠯᠬᠤ ᠳᠤᠮᠳᠠ ᠦᠪᠡᠷᠮᠢᠴᠡ ᠪᠠᠶᠢᠷᠢ ᠰᠠᠭᠤᠷᠢ ᠪᠠ ᠦᠢᠯᠡᠳᠦᠯ ᠲᠠᠢ ᠶᠤᠮ᠂ ᠪᠢᠳᠠ ᠳᠤᠷᠠᠲᠠᠶ᠎ᠠ ᠮᠤᠩᠭᠤᠯ ᠤᠯᠤᠰ ᠤᠨ ᠬᠢ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠮᠤᠩᠭᠤᠯ ᠬᠤᠶᠠᠷ ᠤᠯᠤᠰ ᠤᠨ ᠤᠳᠤᠷᠢᠳᠬᠤ ᠬᠦᠮᠦᠨ ᠤ ᠳᠤᠬᠢᠷᠠᠯᠴᠠᠬᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠡᠦᠬᠡᠨ ᠠᠵᠠ ᠳᠤᠬᠢᠶᠠᠯ ᠢ ᠰᠠᠶᠢᠳᠦᠷ ᠡᠵᠡᠮᠳᠡᠨ ᠰᠠᠶᠢᠳᠤᠷ ᠠᠰᠢᠡᠡᠯᠠᠵᠤ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠡᠮ ᠡᠮᠨᠡᠯᠭᠡ᠂ ᠠᠵᠤ ᠠᠬᠤᠢ ᠠᠷᠠᠯᠵᠢᠶ᠎ᠠ ᠵᠡᠷᠭᠡ ᠲᠠᠯ᠎ᠠ ᠶᠢᠨ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠴᠢᠨᠠᠬᠰᠢᠲᠠ ᠭᠦᠨᠵᠡᠭᠡᠶᠢᠷᠡᠭᠦᠯᠦᠨ᠎ᠡ ᠭᠡᠪᠡ᠃      ᠭᠠᠩᠬᠤᠶᠠᠬ ᠬᠡᠯᠡᠬᠦ ᠳᠤ ᠪᠠᠨ᠂ ᠮᠤᠩᠭᠤᠯ ᠳᠤᠮᠳᠠᠳᠤ ᠬᠤᠶᠠᠷ ᠤᠯᠤᠰ ᠪᠤᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠦᠨ᠂ ᠮᠤᠩᠭᠤᠯ ᠤᠯᠤᠰ ᠳᠤᠮᠳᠠᠳᠤ ᠤᠯᠤᠰ ᠯᠤᠭ᠎ᠠ ᠶᠢᠨ ᠨᠦᠬᠦᠷᠰᠡᠭ ᠶᠠᠪᠤᠯᠴᠠᠭ᠎ᠠ ᠶᠢ ᠮᠠᠰᠢ ᠴᠢᠬᠤᠯᠠᠴᠢᠯᠠᠨ ᠦᠵᠡᠵᠥ ᠪᠠᠶᠢᠨ᠎ᠠ᠂ ᠦᠪᠦᠷ ᠮᠤᠩᠭᠤᠯ ᠯᠤᠭ᠎ᠠ ᠶᠢᠨ ᠬᠠᠮᠲᠤᠷᠠᠯᠴᠠᠭ᠎ᠠ ᠪᠤᠯ ᠨᠡᠩ ᠴᠤ ᠨᠦᠬᠦᠷᠰᠡᠭ ᠶᠠᠪᠤᠯᠴᠠᠭᠠᠨ ᠤ ᠭᠤᠤᠯᠳᠠᠯᠭ᠎ᠠ ᠪᠤᠯᠤᠨ᠎ᠠ᠃ ᠳᠠᠷᠠᠭᠠᠴᠢ ᠪᠠᠷ ᠬᠤᠶᠠᠷ ᠲᠠᠯ᠎ᠠ ᠪᠠᠷ ᠢᠶᠠᠨ ᠭᠠᠵᠠᠷ ᠤᠷᠤᠨ ᠤ ᠶᠠᠪᠤᠯᠴᠠᠭ᠎ᠠ ᠪᠠᠨ ᠤᠯᠠᠮ ᠴᠢᠨᠠᠬᠰᠢᠲᠠ ᠴᠢᠩᠭᠠᠳᠬᠠᠵᠤ᠂ ᠨᠡᠩ ᠤᠯᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠬᠡᠳᠬᠡᠨ ᠬᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号