6 ᠳ᠋ᠤᠭᠠᠷ ᠰᠠᠷ᠎ᠠ ᠶᠢᠨ 19 ᠤ ᠡᠳᠦᠷ᠂ ᠦᠪᠡᠷᠳᠡᠬᠡᠨ ᠵᠠᠰᠠᠬᠤ ᠤᠷᠤᠨ ᠤ ᠲᠠᠶᠢᠸᠠᠨ ᠤ ᠶᠠᠪᠤᠳᠠᠯ ᠤᠨ | ᠠᠯᠪᠠᠨ ᠬᠡᠷ ᠠᠴᠠ ᠭᠤᠤᠯᠯᠠᠨ ᠡᠷᠬᠢᠯᠡᠭᠰᠡᠨ ᠴᠢᠩᠬᠢᠰ ᠬᠠᠭᠠᠨ ᠤ ᠤᠡᠭᠭᠤᠨ ᠤ ᠬᠦᠷᠢᠶᠡᠯᠡᠩ ᠳᠠᠬᠢ ᠲᠠᠶᠢᠸᠠᠨ | ᠬᠤᠭᠤᠯᠠᠢ ᠶᠢᠨ ᠬᠤᠶᠠᠷ ᠬᠦᠪᠡᠭᠡ ᠶᠢᠨ ᠰᠤᠯᠢᠯᠴᠠᠭᠠᠨ ᠤ ᠰᠠᠭᠤᠷᠢᠨ ᠤ ᠢᠯᠡᠷᠬᠡᠶᠢᠯᠡᠯ ᠰᠡᠬᠦᠬᠦ ᠶᠤᠰᠤᠯᠠᠯ ᠤᠷᠳᠤᠰ | ᠬᠤᠳᠠ ᠳᠤ ᠶᠠᠪᠤᠭᠳᠠᠪᠠ᠃ | ᠤᠶᠢᠯᠠᠭᠠᠭᠰᠠᠨ ᠢᠶᠠᠷ᠂ 2018 ᠣᠨ ᠤ 7 ᠳ᠋ᠤᠭᠠᠷ ᠰᠠᠷ᠎ᠠ ᠳᠤ ᠴᠢᠩᠬᠢᠰ ᠬᠠᠭᠠᠨ ᠤ ᠤᠩᠭᠤᠨ ᠤ | ᠬᠦᠷᠢᠶᠡᠯᠡᠩ ᠢ ᠲᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠰᠤᠯᠢᠯᠴᠠᠭᠠᠨ ᠤ ᠰᠠᠭᠤᠷᠢᠨ ᠪᠤᠯᠭᠠᠬᠤ ᠶᠢ | ᠵᠦᠪᠰᠢᠶᠡᠷᠡᠵᠦ᠂ ᠦᠪᠡᠷᠳᠡᠬᠡᠨ ᠵᠠᠰᠠᠬᠤ ᠤᠷᠤᠨ ᠤ ᠵᠦᠪᠰᠢᠶᠡᠷᠡᠬᠦᠯᠦᠭᠰᠡᠨ ᠠᠩᠬᠠᠳᠠᠭᠴᠢ ᠤᠯᠤᠰ ᠤᠨ ᠳᠡᠰ ᠤᠨ | ᠲᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠰᠤᠯᠢᠯᠴᠠᠭᠠᠨ ᠤ ᠭᠠᠵᠠᠷ ᠪᠤᠯᠤᠨ᠎ᠠ᠃ ᠡᠨᠡ ᠨᠢ ᠲᠠᠶᠢᠸᠠᠨ | ᠬᠤᠭᠤᠯᠠᠢ ᠶᠢᠨ ᠬᠤᠶᠠᠷ ᠬᠦᠪᠡᠭᠡ ᠶᠢᠨ ᠠᠵᠤ ᠠᠬᠤᠢ ᠠᠷᠠᠯᠵᠢᠶ᠎ᠠ ᠰᠤᠶᠤᠯ ᠤᠨ ᠬᠠᠷᠢᠯᠴᠠᠭᠠᠨ ᠤ ᠳᠠᠪᠴᠠᠩ ᠪᠤᠯᠵᠤ᠂ | ᠲᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠬᠠᠷᠢᠴᠠᠭ᠎ᠠ ᠪᠠ ᠡᠩᠬᠡ ᠳᠠᠶᠢᠪᠤᠩ ᠬᠦᠭᠵᠢᠯᠳᠡ ᠶᠢᠨ ᠰᠢᠨ᠎ᠡ | ᠪᠠᠶᠢᠳᠠᠯ ᠲᠠᠢ ᠵᠤᠬᠢᠴᠠᠯᠳᠤᠵᠤ᠂ ᠦᠪᠦᠷ ᠮᠤᠩᠭᠤᠯᠴᠤᠳ ᠰᠤᠶᠤᠯ ᠢᠷᠬᠡᠨᠰᠢᠯ ᠤᠨ ᠡᠬᠢ ᠪᠠᠶᠠᠯᠢᠭ ᠢᠶᠠᠨ | ᠪᠠᠳᠠᠷᠠᠭᠤᠯᠵᠤ᠂ ᠦᠪᠦᠷ ᠮᠤᠩᠭᠤᠯ ᠪᠠ ᠲᠠᠶᠢᠸᠠᠨ ᠤ ᠰᠤᠯᠢᠯᠴᠠᠭᠠᠨ ᠤ ᠳᠠᠪᠴᠠᠩ ᠤᠨ ᠰᠢᠨ᠎ᠡ ᠶᠢ ᠡᠬᠦᠳᠬᠦ ᠳᠤ | ᠴᠢᠬᠤᠯᠠ ᠠᠴᠢ ᠬᠤᠯᠪᠤᠭᠳᠠᠯ ᠲᠠᠢ᠃ ᠢᠯᠡᠷᠬᠡᠶᠢᠯᠡᠯ ᠰᠡᠬᠦᠬᠦ ᠶᠤᠰᠤᠯᠠᠯ ᠳᠤ᠂ ᠲᠦᠷᠦ ᠶᠢᠨ ᠶᠠᠪᠤᠳᠠᠯ ᠤᠨ ᠬᠤᠷᠢᠶᠠᠨ | ᠤ ᠲᠠᠶᠢᠸᠠᠨ ᠤ ᠶᠠᠪᠤᠳᠠᠯ ᠤᠨ ᠠᠯᠪᠠᠨ ᠬᠡᠷ ᠤᠨ ᠰᠤᠯᠢᠯᠴᠠᠭᠠᠨ ᠤ ᠳᠤᠪᠴᠢᠶ᠎ᠠ ᠶᠢᠨ ᠳᠠᠷᠤᠭ᠎ᠠ ᠬᠤᠸᠠᠩ ᠸᠧᠨ ᠲᠤᠤ | ᠨᠠᠮ ᠤᠨ ᠲᠦᠪ ᠬᠤᠷᠢᠶᠠᠨ ᠤ ᠲᠠᠶᠢᠸᠠᠨ ᠤ ᠶᠠᠪᠤᠳᠠᠯ ᠤᠨ ᠠᠯᠪᠠᠨ ᠬᠡᠷ᠂ ᠲᠦᠷᠦ ᠶᠢᠨ ᠶᠠᠪᠤᠳᠠᠯ ᠤᠨ ᠬᠤᠷᠢᠶᠠᠨ ᠤ | ᠲᠠᠶᠢᠸᠠᠨ ᠤ ᠶᠠᠪᠤᠳᠠᠯ ᠤᠨ ᠠᠯᠪᠠᠨ ᠬᠡᠷ ᠢ ᠲᠦᠯᠦᠬᠡᠯᠡᠨ ᠤᠷᠳᠤᠰ ᠬᠤᠳᠠ ᠳᠤ ᠢᠯᠡᠷᠬᠡᠶᠢᠯᠡᠯ ᠭᠠᠷᠳᠠᠭᠤᠯᠪᠠ᠃ | ︽ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠠᠨ ᠵᠢᠯ ᠤᠨ ᠳᠤᠷᠰᠢ | ᠲᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠠᠵᠢᠯ ᠢ ᠬᠦᠨᠳᠦᠳᠬᠡᠭᠰᠡᠬᠡᠷ ᠢᠷᠡᠵᠡᠢ᠃ ᠴᠢᠩᠬᠢᠰ ᠬᠠᠭᠠᠨ ᠤ | ᠤᠩᠭᠤᠨ ᠤ ᠬᠦᠷᠢᠶᠡᠯᠡᠩ ᠨᠢ ᠳᠠᠶᠢᠸᠠᠨ ᠬᠤᠭᠤᠯᠠᠢ ᠶᠢᠨ ᠬᠤᠶᠠᠷ ᠬᠦᠪᠡᠬᠡᠨ ᠤ ᠠᠬ᠎ᠠ ᠳᠡᠬᠦᠦ ᠨᠠᠷ ᠤᠨ ᠰᠤᠶᠤᠯ ᠤᠨ | ᠰᠤᠯᠢᠯᠴᠠᠭ᠎ᠠ᠂ ᠬᠠᠶᠢᠷ᠎ᠠ ᠰᠡᠳᠬᠢᠯᠬᠡ ᠶᠢᠨ ᠬᠤᠯᠪᠤᠭᠠᠰᠤ ᠪᠤᠯᠵᠤ᠂ ᠳᠤᠮᠳᠠᠳᠤ ᠶᠢᠨ ᠦᠨᠳᠦᠰᠦᠳᠡᠨ ᠤ ᠵᠤᠷᠢᠭ | ᠰᠠᠨᠠᠭ᠎ᠠ ᠶᠢ ᠪᠠᠳᠠᠷᠠᠭᠤᠯᠵᠤ᠂ ᠬᠤᠶᠠᠷ ᠬᠦᠪᠡᠭᠡ ᠶᠢᠨ ᠠᠬ᠎ᠠ ᠳᠡᠬᠦᠦ ᠨᠠᠷ ᠤᠨ ᠬᠠᠷᠢᠯᠴᠠᠨ ᠢᠳᠡᠬᠡᠯᠴᠡᠵᠦ᠂ ᠬᠠᠷᠢᠯᠴᠠᠨ | ᠤᠶᠢᠯᠠᠭᠠᠯᠴᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ︾ ᠬᠡᠵᠦ ᠦᠪᠡᠷᠳᠡᠬᠡᠨ ᠵᠠᠰᠠᠬᠤ ᠤᠷᠤᠨ ᠤ ᠲᠠᠶᠢᠸᠠᠨ ᠤ | ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠵᠤᠤ ᠬᠤᠩ ᠶᠠᠷᠢᠵᠤ ᠪᠠᠶᠢᠯ᠎ᠠ᠃ |