6 ᠳ᠋ᠤᠭᠠᠷ ᠰᠠᠷ᠎ᠠ ᠶᠢᠨ 18 ᠤ ᠡᠳᠤᠷ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠦᠪ ᠤᠨ | 15 ᠳ᠋ᠤᠭᠠᠷ ᠰᠢᠮᠳᠠᠭᠤᠯᠤᠨ ᠵᠢᠯᠤᠭᠤᠳᠬᠤ ᠲᠤᠭᠤᠶᠢᠯᠠᠩ ᠤᠨ ᠲᠡᠳ᠋ ᠲᠠᠷᠤᠭ᠎ᠠ ᠰᠢᠤᠢ ᠬᠠᠢ ᠪᠢᠨ ᠨᠠᠷ ᠪᠠᠶᠠᠨᠨᠠᠭᠤᠷ | ᠬᠤᠳᠠ ᠳᠤ ᠬᠦᠨᠵᠡᠬᠡᠶᠢᠷᠡᠨ ᠰᠢᠮᠳᠠᠭᠤᠯᠤᠨ ᠵᠢᠯᠤᠭᠤᠳᠪᠠ᠃ | ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠬᠦᠬᠦ ᠬᠤᠷᠢᠶᠠᠨ ᠤ ᠲᠠᠷᠤᠭ᠎ᠠ ᠶᠠᠩ | ᠽᠦᠩ ᠷᠧᠨ ᠪᠠᠷ᠎ᠠ ᠪᠤᠯᠵᠠᠢ᠃ | ᠰᠢᠤᠢ ᠬᠠᠢ ᠪᠢᠨ ᠨᠠᠷ ᠤᠷᠢᠳ ᠬᠤᠵᠢᠳ ᠪᠠᠶᠠᠨᠨᠠᠭᠤᠷ ᠬᠤᠳᠠ ᠶᠢᠨ ᠠᠷᠠᠳ ᠤᠨ ᠳᠤᠮᠳᠠ ᠵᠡᠷᠬᠡ ᠶᠢᠨ | ᠰᠢᠬᠦᠬᠦ ᠬᠤᠷᠢᠶ᠎ᠠ ᠪᠤᠯᠤᠨ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠠᠯᠪᠠᠨ ᠭᠡᠷ ᠲᠤ ᠬᠦᠷᠴᠤ᠂ ᠠᠵᠢᠯ | ᠤᠨ ᠬᠠᠷᠢᠭᠤ ᠮᠡᠳᠡᠬᠦᠯᠤᠯᠳᠠ ᠶᠢ ᠨᠢ ᠰᠤᠨᠤᠰᠤᠨ᠂ ᠴᠢᠬᠤᠯᠠ ᠭᠡᠷᠡᠭ ᠢ ᠪᠠᠶᠢᠴᠠᠭᠠᠨ ᠰᠢᠢᠳᠬᠡᠭᠰᠡᠨ ᠪᠠ ᠰᠦᠪᠡᠭᠴᠢ ᠶᠢ | ᠡᠷᠢᠵᠤ ᠵᠢᠬᠰᠠᠭᠠᠬᠰᠠᠨᠪᠠᠶᠢᠳᠠᠯ ᠢ ᠨᠠᠷᠢᠨ ᠬᠠᠷᠭᠤᠭᠤᠯᠵᠤ᠂ ᠬᠤᠯᠪᠤᠬᠳᠠᠯ ᠪᠦᠬᠦᠢ ᠠᠵᠢᠯ ᠤᠨ ᠨᠠᠷᠢᠨ ᠲᠠᠩᠰᠠ ᠶᠢ | ᠪᠠᠶᠢᠴᠠᠭᠠᠨ ᠦᠵᠡᠪᠠ᠃ ᠰᠢᠤᠢ ᠬᠠᠢ ᠪᠢᠨ ᠪᠠᠶᠠᠨᠨᠠᠭᠤᠷ ᠬᠤᠳᠠ ᠶᠢᠨ ᠬᠠᠷ᠎ᠠ ᠪᠦᠯᠦᠭᠳᠡᠨ ᠬᠠᠷᠬᠢᠰ ᠬᠦᠴᠤᠨ ᠢ | ᠠᠷᠢᠯᠭᠠᠬᠤ ᠲᠤᠰᠬᠠᠢ ᠲᠡᠮᠡᠴᠡᠯ ᠤᠨ ᠤᠯᠤᠬᠰᠠᠨ ᠱᠠᠳᠤᠴᠢ ᠴᠢᠨᠠᠷᠳᠠᠢ ᠠᠮᠵᠢᠯᠳᠠ ᠪᠦᠳᠤᠮᠵᠢ ᠶᠢ ᠬᠦᠢᠴᠡᠳ | ᠨᠤᠳᠠᠯᠠᠵᠠᠢ᠃ ᠰᠢᠤᠢ ᠬᠠᠢ ᠪᠢᠨ ᠨᠠᠷ ᠪᠠᠰᠠ ᠳ᠋ᠧᠩᠺᠸᠤ ᠰᠢᠶᠠᠨ ᠤ ᠪᠠᠶᠠᠨᠭᠤᠤᠯ ᠪᠠᠯᠭᠠᠰᠤᠨ ᠤ ᠵᠢᠤ ᠳ᠋ᠢ | ᠲᠤᠰᠬᠤᠨ ᠳᠤ ᠬᠦᠷᠴᠤ᠂ ᠲᠤᠰᠬᠤᠨ ᠤ ᠺᠠᠳ᠋ᠷ ᠪᠤᠯᠤᠨ ᠲᠤᠰᠬᠤᠨ ᠤ ᠠᠷᠠᠳ ᠤᠨ ᠬᠢ ᠪᠠᠷ ᠰᠤᠷᠪᠤᠯᠵᠢᠯᠠᠨ | ᠠᠶᠢᠯᠴᠢᠯᠠᠵᠤ᠂ ᠲᠤᠰ ᠲᠤᠰᠬᠤᠨ ᠤ ᠨᠠᠮ ᠤᠨ ᠡᠬᠦᠷ ᠪᠤᠯᠤᠨ ᠲᠤᠰᠬᠤᠨ ᠤ ᠠᠷᠠᠳ ᠤᠨ ᠲᠤᠭᠤᠶᠢᠯᠠᠩ ᠤᠨ ︽ | ᠪᠠᠭ᠎ᠠ ᠵᠠᠰᠠᠯᠳᠠ︾ ᠶᠢᠨ ᠵᠠᠬᠪᠤᠷ ᠢᠶᠠᠷ ᠲᠠᠪᠴᠠᠩ ᠪᠤᠯᠭᠠᠵᠤ᠂ ᠠᠵᠢᠯ ᠤᠨ ᠰᠡᠳᠬᠢᠴᠠ ᠪᠠᠨ ᠦᠷᠬᠡᠳᠬᠡᠵᠤ᠂ ᠬᠠᠷ᠎ᠠ | ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ | ᠬᠦᠮᠦᠰ ᠤᠨ ᠰᠡᠳᠬᠢᠯ ᠳᠤ ᠰᠠᠭᠤᠬᠳᠠᠬᠤ ᠶᠢ ᠠᠬᠢᠭᠤᠯᠬᠤ ᠰᠢᠨ᠎ᠡ ᠶᠢ ᠡᠭᠦᠳᠦᠭᠰᠡᠨ ᠠᠷᠭ᠎ᠠ ᠶᠢ ᠭᠦᠢᠴᠡᠳ ᠨᠤᠲᠠᠯᠠᠪᠠ᠃ | ᠤᠯᠠᠨ ᠲᠦᠮᠡᠨ ᠤ ᠭᠡᠷ ᠲᠤ ᠭᠦᠨᠵᠡᠭᠡᠶᠢᠷᠡᠵᠦ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠠᠰᠠᠭᠤᠨ | ᠯᠠᠪᠯᠠᠵᠤ᠂ ᠰᠠᠨᠠᠯ ᠰᠠᠨᠠᠭᠤᠯᠭ᠎ᠠ ᠶᠢ ᠨᠢ ᠬᠤᠷᠢᠶᠠᠵᠤ᠂ ᠤᠯᠠᠨ ᠲᠦᠮᠡᠨ ᠬᠠᠷ᠎ᠠ ᠪᠦᠯᠦᠭᠲᠡᠨ ᠬᠠᠷᠬᠢᠰ ᠬᠦᠴᠦᠨ ᠲᠠᠢ | ᠬᠤᠯᠪᠤᠬᠳᠠᠬᠰᠠᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭᠠᠨ ᠤ ᠰᠦᠪᠡᠭᠴᠢ ᠪᠠᠶᠢᠪᠠᠯ ᠢᠳᠡᠪᠬᠢᠲᠡᠢ | ᠢᠯᠡᠴᠢᠯᠡᠬᠦ ᠶᠢ ᠵᠤᠷᠢᠬᠵᠢᠭᠤᠯᠪᠠ᠃ | ᠰᠢᠤᠢ ᠬᠠᠢ ᠪᠢᠨ ᠴᠢᠬᠤᠯᠠᠴᠢᠯᠠᠬᠤ ᠳᠤ ᠪᠠᠨ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠦᠷᠦᠭᠳᠡᠯ ᠢᠶᠠᠨ | ᠤᠯᠠᠮ ᠴᠢᠨᠠᠬᠰᠢᠲᠠ ᠴᠢᠩᠭᠠᠳᠬᠠᠵᠤ᠂ ᠬᠠᠮᠤᠬ ᠤᠨ ᠶᠡᠭᠡ ᠬᠡᠮᠵᠢᠶ᠎ᠡ ᠪᠠᠷ ᠤᠯᠠᠨ ᠲᠦᠮᠡᠨ ᠢ ᠳᠠᠶᠢᠴᠢᠯᠠᠵᠤ᠂ ᠤᠯᠠᠨ | ᠲᠦᠮᠡᠨ ᠳᠤ ᠲᠦᠰᠢᠭᠯᠡᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠤ ᠰᠦᠪᠡᠭᠴᠢ ᠶᠢ ᠭᠦᠨ ᠠᠭᠤᠳᠠᠯᠵᠤ᠂ ᠬᠠᠷ᠎ᠠ | ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠠᠷᠠᠳ ᠲᠦᠮᠡᠨ ᠤ ᠳᠠᠶᠢᠨ ᠢ ᠬᠢᠬᠦ ᠬᠡᠷᠡᠭᠲᠡᠢ᠃ ᠰᠦᠪᠡᠭᠴᠢ ᠶᠢ ᠬᠢᠨᠠᠨ | ᠪᠠᠶᠢᠴᠠᠭᠠᠬᠤ ᠶᠢ ᠰᠠᠶᠢᠨ ᠠᠩᠬᠠᠷᠴᠤ᠂ ᠬᠠᠷᠢᠭᠤ ᠲᠤᠰᠬᠠᠭᠰᠠᠨ ᠰᠠᠨᠠᠯ ᠢ ᠰᠠᠶᠢᠲᠦᠷ ᠠᠩᠬᠠᠷᠴᠤ᠂ ︽ᠴᠡᠭᠴᠡᠯᠡᠨ | ᠰᠠᠶᠢᠵᠢᠷᠠᠭᠤᠯᠬᠤ ᠠᠰᠠᠭᠤᠳᠠᠯ ᠪᠦᠬᠦᠨ ᠢ ᠨᠠᠶᠢᠳᠠᠪᠤᠷᠢᠵᠢᠭᠤᠯᠵᠣ ᠠᠰᠠᠭᠤᠳᠠᠯ ᠪᠦᠬᠦᠨ ᠳᠤ ᠬᠠᠷᠢᠭᠤᠯᠳᠠ ᠦᠭᠬᠦ︾ | ᠱᠠᠭᠠᠷᠳᠠᠯᠭ᠎ᠠ ᠶᠢ ᠦᠨᠳᠦᠰᠦᠯᠡᠨ᠂ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠢ ᠬᠠᠮᠢᠶᠠᠷᠬᠤ ᠬᠦᠮᠦᠨ ᠲᠠᠢ᠂ | ᠲᠤᠶᠢᠯᠪᠤᠷᠢᠲᠠᠢ ᠬᠠᠮᠢᠶᠠᠷᠬᠤ ᠶᠢ ᠪᠡᠶᠡᠯᠡᠭᠦᠯᠵᠦ᠂ ᠯᠠᠪᠳᠠᠭᠤᠨ ᠪᠠᠶᠢᠴᠠᠭᠠᠨ ᠰᠢᠢᠳᠬᠡᠬᠦ ᠪᠠᠷ ᠳᠠᠮᠵᠢᠨ᠂ ᠤᠯᠠᠨ ᠲᠦᠮᠡᠨ | ᠢ ᠬᠠᠷ᠎ᠠ ᠪᠦᠯᠦᠭᠲᠡᠨ ᠬᠠᠷᠬᠢᠰ ᠬᠦᠴᠦᠨ ᠳᠤ ᠵᠤᠷᠢᠬᠲᠡᠢ ᠪᠠᠷ ᠬᠢᠯᠢᠩ ᠲᠦᠷᠦᠵᠦ ᠵᠤᠷᠢᠬᠲᠡᠢ ᠪᠠᠷ ᠶᠠᠷᠢᠭᠤᠯᠬᠤ | ᠬᠡᠷᠡᠭᠲᠡᠢ᠃ ᠲᠤᠳᠤᠭᠠᠳᠤ ᠶᠢ ᠬᠠᠮᠠᠭᠠᠯᠠᠬᠤ ᠲᠤᠪᠴᠢᠶ᠎ᠡ ᠪᠠᠶᠢᠴᠠᠭᠠᠬᠤ ᠬᠤᠷᠢᠶ᠎ᠡ ᠰᠢᠬᠦᠬᠦ ᠬᠤᠷᠢᠶ᠎ᠡ ᠵᠡᠷᠭᠡ ᠪᠠᠶᠢᠭᠤᠯᠭ᠎ᠠ | ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠰᠠᠶᠢᠳᠤᠷ ᠨᠠᠶᠢᠳᠠᠪᠤᠷᠢᠵᠢᠭᠤᠯᠵᠤ᠂ ᠬᠠᠤᠯᠢ ᠶᠤᠰᠤᠭᠠᠷ ᠵᠤᠬᠢᠴᠠᠭᠤᠯᠤᠨ | ᠲᠤᠬᠢᠷᠠᠭᠤᠯᠵᠤ᠂ ᠬᠠᠮᠳᠤᠷᠠᠯ ᠬᠦᠴᠦᠨ ᠢ ᠪᠦᠷᠢᠯᠳᠦᠬᠦᠯᠵᠤ᠂ ᠬᠠᠷ᠎ᠡ ᠪᠦᠯᠦᠭᠳᠡᠨ ᠬᠠᠷᠬᠢᠰ ᠬᠦᠴᠦᠨ ᠳᠤ | ᠬᠤᠯᠪᠤᠬᠳᠠᠬᠰᠡᠨ ᠶᠠᠯᠠᠳᠤ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠰᠢᠢᠳᠭᠡᠵᠤ᠂ ᠤᠨᠤᠪᠴᠢᠳᠠᠢ ᠪᠦᠭᠡᠳ | ᠴᠢᠩᠭ᠎ᠠ ᠴᠤᠬᠢᠯᠳᠠ ᠦᠭᠬᠦ ᠶᠢ ᠦᠨᠡᠨ ᠬᠦ ᠪᠠᠳᠤᠯᠠᠬᠤ ᠭᠡᠷᠡᠭᠳᠠᠢ᠃ ᠢᠯᠠᠩᠭᠤᠶ᠎ᠡ ᠬᠠᠷ᠎ᠡ ᠪᠦᠯᠦᠭᠳᠡᠨ ᠬᠠᠷᠬᠢᠰ | ᠬᠦᠴᠦᠨ ᠤ ︽ᠬᠠᠷᠢᠴᠠᠭᠠᠨ ᠤ ᠲᠤᠤᠷ︾᠂ ︽ᠬᠠᠮᠠᠭᠠᠯᠠᠯᠳᠠ ᠶᠢᠨ ᠰᠢᠬᠦᠷ︾ ᠢ ᠬᠦᠨ ᠠᠭᠤᠳᠠᠯᠵᠤ᠂ ︽ᠤᠯᠵᠠ | ᠶᠢ ᠨᠢ ᠬᠠᠭᠠᠵᠤ ᠬᠦᠴᠦᠨ ᠢ ᠨᠢ ᠠᠷᠢᠯᠭᠠᠬᠤ︾ ᠡᠷᠴᠢᠮ ᠢᠶᠠᠨ ᠴᠢᠩᠭᠠᠷᠠᠭᠤᠯᠵᠤ᠂ ᠬᠠᠷ᠎ᠡ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠦᠨᠵᠡᠭᠡᠶᠢᠷᠠᠨ ᠬᠦᠭᠵᠢᠬᠦ ᠶᠢ ᠬᠦᠴᠦᠳᠠᠢ ᠠᠬᠢᠭᠤᠯᠬᠤ ᠭᠡᠷᠡᠭᠳᠠᠢ᠃ | ᠡᠯ᠎ᠡ ᠠᠵᠢᠯ ᠲᠦᠷᠦᠯ ᠤᠨ ᠬᠠᠮᠢᠶᠠᠷᠤᠯᠳᠠ ᠶᠢᠨ ᠡᠬᠦᠷᠭᠡ ᠴᠢᠳᠠᠪᠬᠢᠳᠤ ᠰᠠᠯᠠᠭ᠎ᠠ ᠮᠦᠴᠢᠷ ᠤᠳ ᠬᠢᠨᠠᠯᠳᠠ | ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ ᠦᠨᠡᠨ ᠬᠦ ᠡᠬᠦᠷᠭᠡᠯᠡᠵᠤ᠂ ᠬᠠᠷ᠎ᠡ ᠪᠦᠯᠦᠭᠳᠡᠨ ᠬᠠᠷᠬᠢᠰ ᠬᠦᠴᠤᠨ ᠳᠤ | ᠬᠤᠯᠪᠤᠬᠳᠠᠬᠰᠡᠨ ᠠᠰᠠᠭᠤᠳᠠᠯ ᠲᠤᠪᠤᠶᠢᠮ᠎ᠡ ᠪᠠᠶᠢᠬᠤ ᠭᠤᠤᠯᠳᠠᠯᠭ᠎ᠠ ᠲᠠᠢ ᠭᠠᠵᠠᠷ ᠤᠷᠤᠨ᠂ ᠠᠵᠢᠯ ᠲᠦᠷᠦᠯ᠂ | ᠬᠦᠷᠢᠶ᠎ᠡ ᠴᠠᠷᠠᠭ᠎ᠠ ᠳᠤ ᠤᠯᠠᠮ ᠴᠢᠨᠠᠬᠰᠢᠳᠠ ᠠᠩᠬᠠᠷᠤᠯ ᠢᠶᠠᠨ ᠲᠦᠪᠯᠡᠷᠡᠬᠦᠯᠵᠤ᠂ ︽ᠬᠦᠨ ᠠᠭᠤᠳᠠᠯᠵᠤ | ᠦᠨᠳᠤᠰᠤᠨ ᠠᠴᠠ ᠨᠢ ᠵᠠᠰᠠᠬᠤ︾ ᠶᠢ ᠲᠤᠪᠤᠶᠢᠯᠭᠠᠵᠤ᠂ ᠠᠵᠢᠯ ᠲᠦᠷᠦᠯ ᠤᠨ ᠰᠠᠮᠠᠭᠤᠷᠠᠯ ᠤᠨ ᠪᠠᠶᠢᠳᠠᠯ ᠢ ᠶᠡᠭᠡ | ᠬᠦᠴᠤᠨ ᠢᠶᠠᠷ ᠴᠡᠭᠴᠡᠯᠡᠨ ᠰᠠᠶᠢᠵᠢᠷᠠᠭᠤᠯᠬᠤ᠂ ᠠᠵᠢᠯ ᠲᠦᠷᠦᠯ ᠤᠨ ᠲᠤᠳᠠᠭᠤᠳᠠᠯ ᠢ ᠨᠦᠬᠦᠪᠤᠷᠢᠯᠡᠵᠤ᠂ ᠬᠠᠷ᠎ᠡ | ᠪᠦᠯᠦᠭᠳᠡᠨ ᠬᠠᠷᠬᠢᠰ ᠬᠦᠴᠤᠨ ᠤ ᠲᠦᠰᠢᠭᠯᠡᠨ ᠤᠷᠤᠰᠢᠬᠤ ᠬᠦᠷᠤᠰᠤ ᠰᠢᠷᠦᠢ ᠶᠢ ᠨᠢ ᠪᠦᠬᠦ ᠲᠠᠯ᠎ᠡ ᠪᠠᠷ ᠴᠡᠪᠡᠷᠯᠡᠬᠦ | ᠭᠡᠷᠡᠭᠳᠠᠢ᠃ ᠬᠠᠷ᠎ᠡ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠪᠤᠯᠤᠨ ᠦᠨᠳᠦᠰᠤᠨ ᠱᠠᠳᠤᠨ | ᠤ ᠵᠤᠬᠢᠶᠠᠨ ᠪᠠᠶᠢᠭᠤᠯᠤᠯᠳᠠ ᠶᠢ ᠴᠢᠩᠭᠠᠳᠬᠠᠬᠤ ᠶᠢ ᠨᠢᠬᠳᠠ ᠤᠶᠠᠯᠳᠤᠭᠤᠯᠵᠤ᠂ ᠦᠨᠳᠤᠰᠤᠨ ᠱᠠᠳᠤᠨ ᠤ ᠨᠠᠮ ᠤᠨ | ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠦᠨᠳᠤᠰᠤ ᠶᠢ | ᠪᠠᠬᠢᠵᠢᠬᠦᠯᠵᠤ ᠰᠠᠭᠤᠷᠢ ᠶᠢ ᠪᠠᠳᠤᠳᠬᠠᠵᠤ᠂ ᠦᠨᠳᠤᠰᠤ ᠨᠠᠮᠠᠭ᠎ᠠ ᠶᠢ ᠨᠢ ᠵᠡᠷᠭᠡ ᠪᠠᠷ ᠵᠠᠰᠠᠵᠤ᠂ ᠬᠠᠷ᠎ᠡ ᠪᠦᠯᠦᠭᠳᠡᠨ | ᠬᠠᠷᠬᠢᠰ ᠬᠦᠴᠤᠨ ᠤ ᠡᠬᠦᠰᠴᠤ ᠬᠦᠭᠵᠢᠬᠦ ᠶᠢ ᠡᠬᠢ ᠡᠬᠦᠰᠦᠯ ᠠᠴᠠ ᠨᠢ ᠦᠨᠳᠤᠰᠤᠨ ᠠᠴᠠ ᠨᠢ ᠬᠤᠷᠢᠬᠯᠠᠬᠤ | ᠭᠡᠷᠡᠭᠳᠠᠢ ᠭᠡᠪᠠ᠃ |